2025 ᠣᠨ ᠤ 2 ᠰᠠᠷ᠎ᠠ ᠶᠢᠨ 25 ᠤ ᠡᠳᠦᠷ᠂ ᠵᠡᠭᠦᠨ ᠦᠵᠦᠮᠦᠴᠢᠨ ᠬᠤᠰᠢᠭᠤᠨ ᠤ ᠶᠡᠷᠦᠩᠬᠡᠶᠢᠯᠡᠭᠰᠡᠨ | ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ《ᠤᠷᠠᠨ ᠳᠠᠷᠬᠠᠨ ᠤ ᠤᠷ᠎ᠠ ᠮᠡᠷᠭᠡᠵᠢᠯ ᠢ ᠰᠤᠷᠭᠠᠭᠤᠯᠢ ᠶᠢᠨ ᠬᠦᠷᠢᠶᠡᠨ | ᠳᠤ ᠣᠷᠣᠭᠤᠯᠵᠤ᠂ ᠰᠤᠷᠤᠭᠴᠢᠳ ᠤᠨ ᠦᠶᠯᠡᠳᠦᠯᠭᠡ ᠪᠠᠷ ᠦᠰᠦᠨ ᠪᠣᠶᠢᠵᠢᠬᠤ ᠶᠢ ᠠᠬᠢᠭᠤᠯᠬᠤ 》ᠠᠷᠠᠳ ᠤᠨ | ᠤᠷᠠᠯᠢᠭᠴᠢᠨ ᠤ ᠰᠤᠷᠭᠠᠭᠤᠯᠢ ᠶᠢᠨ ᠬᠦᠷᠢᠶᠡᠨ ᠳᠤ ᠣᠷᠣᠬᠤ ᠦᠶᠯᠡᠳᠦᠯᠭᠡ ᠶᠢᠨ ᠵᠢᠭᠠᠨ ᠰᠤᠷᠭᠠᠯᠲᠠ ᠶᠢᠨ | ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠶᠠᠪᠤᠭᠤᠯᠵᠤ᠂ ᠨᠢᠭᠡ ᠭᠠᠷᠠᠭ ᠤᠨ ᠬᠤᠭᠤᠴᠠᠭ᠎ᠠ ᠲᠠᠢ ᠬᠠᠰᠠᠭ ᠲᠡᠷᠭᠡᠨ | ᠤ ᠭᠠᠷ ᠤᠷᠠᠯᠠᠯ ᠤᠨ ᠪᠦᠲᠦᠭᠡᠭᠳᠡᠬᠦᠨ ᠦᠶᠯᠡᠳᠬᠦ ᠵᠢᠭᠠᠨ ᠰᠤᠷᠭᠠᠯᠲᠠ ᠶᠢᠨ ᠠᠵᠢᠯᠯᠠᠭ᠎ᠠ ᠶᠢ ᠡᠬᠢᠯᠡᠭᠦᠯᠦᠭᠰᠡᠨ | ᠪᠠᠶᠢᠨ᠎ᠠ ᠃ | ᠲᠣᠰ ᠤᠳᠠᠭᠠᠨ ᠤ ᠠᠵᠢᠯᠯᠠᠭ᠎ᠠ ᠳᠤ᠂ ᠵᠡᠭᠦᠨ ᠦᠵᠦᠮᠦᠴᠢᠨ ᠬᠤᠰᠢᠭᠤᠨ ᠤ ᠠᠬᠠᠮᠠᠳ ᠭᠠᠷ ᠤᠷᠠᠯᠢᠭᠴᠢᠨ | ᠪᠤᠶᠠᠨᠲᠤ ᠨᠠᠰᠤᠲᠠᠨ ᠢ ᠵᠢᠯᠣᠭᠤᠳᠣᠭᠴᠢ ᠪᠠᠭᠰᠢ ᠪᠠᠷ ᠤᠷᠢᠵᠤ᠂ ᠲᠤᠬᠠᠶ ᠶᠢᠨ ᠲᠠᠯᠠᠪᠤᠷ ᠲᠤ ᠵᠢᠭᠠᠨ ᠰᠤᠷᠭᠠᠬᠤ | ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠤᠷᠤᠭᠴᠢᠳ ᠤᠨ ᠲᠤᠰᠬᠠᠶ ᠮᠡᠷᠭᠡᠵᠢᠯ ᠤᠨ ᠤᠷ᠎ᠠ ᠴᠢᠳᠠᠪᠤᠷᠢ ᠪᠠ ᠰᠣᠶᠣᠯ | ᠤᠨ ᠬᠡᠪ ᠪᠣᠯᠪᠠᠰᠤᠷᠠᠯ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠬᠠᠮᠲᠤ ᠤᠯᠠᠮᠵᠢᠯᠠᠯᠲᠤ ᠰᠣᠶᠣᠯ ᠢ | ᠤᠯᠠᠮᠵᠢᠯᠠᠨ ᠪᠠᠳᠠᠷᠠᠭᠤᠯᠬᠤ ᠵᠣᠷᠢᠯᠭ᠎ᠠ ᠪᠠᠷ ᠶᠠᠪᠤᠭᠳᠠᠭᠰᠠᠨ ᠠᠵᠢ᠃ | ᠶᠣᠰᠣᠯᠠᠯ ᠳᠡᠭᠡᠷ᠎ᠡ᠂ ᠰᠤᠷᠭᠠᠭᠤᠯᠢ ᠶᠢᠨ ᠨᠠᠮ ᠤᠨ ᠡᠭᠦᠷ ᠤᠨ ᠱᠦᠵᠢ᠂ ᠰᠤᠷᠭᠠᠭᠤᠯᠢ ᠶᠢᠨ ᠵᠠᠬᠢᠷᠤᠯ ᠠᠴᠠ | ᠲᠤᠰ ᠤᠳᠠᠭᠠᠨ ᠤ ᠠᠵᠢᠯᠯᠠᠭ᠎ᠠ ᠶᠢᠨ ᠴᠢᠬᠤᠯᠠ ᠠᠴᠢ ᠬᠤᠯᠪᠣᠭᠳᠠᠯ ᠢ ᠴᠢᠬᠤᠯᠠᠴᠢᠯᠠᠭᠰᠠᠨ ᠪᠥᠭᠡᠳ ᠠᠷᠠᠳ ᠤᠨ | ᠤᠷᠠᠯᠢᠭᠴᠢᠨ ᠵᠢᠯᠤᠭᠤᠳᠤᠭᠴᠢ ᠪᠠᠭᠰᠢ ᠪᠠᠨ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ᠂ | ᠬᠠᠰᠠᠭ ᠲᠡᠷᠭᠡ ᠦᠶᠯᠡᠳᠬᠦ ᠭᠠᠷ ᠤᠷᠠᠯᠠᠯ ᠨᠢ ᠡᠯᠪᠡᠭ ᠪᠠᠶᠠᠯᠢᠭ ᠲᠡᠦᠬᠡ ᠪᠠ ᠰᠣᠶᠣᠯ ᠤᠨ ᠠᠭᠤᠯᠤᠭᠳᠠᠬᠤᠨ ᠢ | ᠠᠴᠢᠶᠠᠯᠠᠵᠤ ᠪᠠᠶᠢᠨ᠎ᠠ᠂ ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠰᠤᠷᠤᠭᠴᠢᠳ ᠲᠤ ᠲᠡᠭᠦᠨ ᠤ | ᠦᠶᠯᠡᠳᠬᠦ ᠭᠠᠷ ᠤᠷᠠᠯᠠᠯ ᠪᠠ ᠰᠣᠶᠣᠯ ᠤᠨ ᠠᠭᠤᠯᠤᠭᠳᠠᠬᠤᠨ ᠢ ᠨᠠᠩ ᠭᠦᠨᠵᠡᠭᠡᠶ ᠣᠶᠢᠯᠠᠭᠠᠭᠤᠯᠤᠨ ᠰᠤᠷᠤᠯᠴᠠᠭᠤᠯᠵᠤ | ᠂ ᠰᠢᠷᠭᠠᠭᠤ ᠦᠶᠯᠡᠳᠦᠯᠭᠡᠵᠢᠭᠦᠯᠦᠨ᠂ ᠤᠯᠠᠮᠵᠢᠯᠠᠯᠲᠤ ᠰᠣᠶᠣᠯ ᠢᠶᠠᠨ ᠤᠯᠠᠮᠵᠢᠯᠠᠨ ᠪᠠᠳᠠᠷᠠᠭᠤᠯᠵᠤ ᠶᠠᠪᠤᠬᠤ ᠶᠢ | ᠬᠦᠰᠡᠵᠦ ᠪᠠᠶᠢᠨ᠎ᠠ ᠭᠡᠯᠡ᠃ | ᠶᠣᠰᠣᠯᠠᠯ ᠳᠠᠭᠤᠰᠤᠭᠰᠠᠨ ᠤ ᠳᠠᠷᠠᠭ᠎ᠠ᠂ ᠵᠢᠭᠠᠨ ᠰᠤᠷᠭᠠᠯᠲᠠ ᠶᠢᠨ ᠠᠵᠢᠯᠯᠠᠭ᠎ᠠ ᠵᠢᠩᠬᠢᠨᠢ ᠪᠠᠷ ᠡᠬᠢᠯᠡᠪᠡ ᠃ | ᠪᠤᠶᠠᠨᠲᠤ ᠨᠠᠰᠤᠲᠠᠨ ᠠᠴᠠ ᠬᠠᠰᠠᠭ ᠲᠡᠷᠭᠡᠨ ᠤ ᠭᠠᠷ ᠤᠷᠠᠯᠠᠯ ᠤᠨ ᠪᠦᠲᠦᠭᠡᠭᠳᠡᠬᠦᠨ ᠢ ᠦᠶᠯᠡᠳᠬᠦ ᠶᠠᠪᠤᠴᠠ ᠪᠠ ᠤᠷ᠎ᠠ | ᠮᠡᠷᠭᠡᠵᠢᠯ ᠢ ᠨᠠᠷᠢᠨ ᠨᠢᠮᠪᠠᠶ ᠲᠠᠶᠢᠯᠪᠤᠷᠢᠯᠠᠭᠰᠠᠨ ᠪᠥᠭᠡᠳ ᠲᠤᠬᠠᠶ ᠶᠢᠨ ᠲᠠᠯᠠᠪᠠᠶ ᠳᠤ ᠬᠠᠰᠠᠭ ᠲᠡᠷᠭᠡ ᠪᠠᠨ ᠳᠡᠯᠭᠡᠨ | ᠦᠵᠡᠭᠦᠯᠵᠦ᠂ ᠨᠠᠷᠢᠨ ᠨᠢᠮᠪᠠᠢ ᠵᠢᠭᠠᠨ ᠵᠢᠯᠤᠭᠤᠳᠴᠠᠢ᠃ ᠰᠤᠷᠤᠭᠴᠢᠳ ᠰᠡᠳᠬᠢᠯ ᠰᠠᠨᠠᠭ᠎ᠠ ᠪᠠᠨ ᠲᠥᠪᠯᠡᠷᠡᠭᠦᠯᠦᠨ | ᠶᠠᠷᠢᠬᠤ ᠶᠢ ᠰᠣᠨᠣᠰᠬᠤ ᠶᠢᠨ ᠬᠠᠮᠲᠤ ᠦᠶᠯᠡᠳᠦᠯᠭᠡ ᠶᠢᠨ ᠳᠤᠮᠳᠠ ᠢᠳᠡᠪᠬᠢᠲᠡᠶ ᠣᠷᠣᠯᠴᠠᠵᠤ᠂ ᠬᠠᠰᠠᠭ ᠲᠡᠷᠭᠡᠨ ᠤ | ᠭᠠᠷ ᠤᠷᠠᠯᠠᠯ ᠤᠨ ᠪᠦᠲᠦᠭᠡᠭᠳᠡᠬᠦᠨ ᠢ ᠦᠪᠡᠷᠰᠡᠳ ᠢᠶᠠᠨ ᠦᠶᠯᠡᠳᠪᠡ᠃ | ᠲᠣᠰ ᠤᠳᠠᠭᠠᠨ ᠤ ᠬᠠᠰᠠᠭ ᠲᠡᠷᠭᠡᠨ ᠤ ᠭᠠᠷ ᠤᠷᠠᠯᠠᠯ ᠤᠨ ᠪᠦᠲᠦᠭᠡᠭᠳᠡᠬᠦᠨ ᠦᠶᠯᠡᠳᠬᠦ ᠵᠢᠭᠠᠨ ᠰᠤᠷᠭᠠᠯᠲᠠ | ᠶᠢᠨ ᠠᠵᠢᠯᠯᠠᠭ᠎ᠠ ᠨᠢ ᠰᠤᠷᠤᠭᠴᠢᠳ ᠲᠤ ᠨᠢᠭᠡᠨ ᠰᠤᠷᠤᠯᠴᠠᠯᠭ᠎ᠠ ᠪᠠ ᠦᠶᠯᠡᠳᠦᠯᠭᠡ ᠶᠢᠨ ᠲᠠᠪᠴᠠᠩ ᠬᠠᠩᠭᠠᠭᠰᠠᠨ ᠢᠶᠠᠷ | ᠪᠠᠷᠠᠬᠤ ᠥᠬᠡᠶ ᠪᠠᠰᠠ ᠲᠤᠬᠠᠶ ᠶᠢᠨ ᠭᠠᠵᠠᠷ ᠤᠨ ᠤᠯᠠᠮᠵᠢᠯᠠᠯᠲᠤ ᠰᠣᠶᠣᠯ ᠤᠨ ᠤᠯᠠᠮᠵᠢᠯᠠᠯ ᠪᠠ ᠬᠥᠭᠵᠢᠯᠲᠡ ᠶᠢ | ᠠᠬᠢᠭᠤᠯᠤᠭᠰᠠᠨ ᠪᠠᠶᠢᠨ᠎ᠠ ᠃ ᠲᠣᠰ ᠤᠳᠠᠭᠠᠨ ᠤ ᠠᠵᠢᠯᠯᠠᠭ᠎ᠠ ᠪᠠᠷ ᠳᠡᠮᠵᠢᠨ᠂ ᠰᠤᠷᠤᠭᠴᠢᠳ ᠤᠯᠠᠮᠵᠢᠯᠠᠯᠲᠤ | ᠰᠣᠶᠣᠯ ᠢ ᠨᠠᠩ ᠭᠦᠨᠵᠡᠭᠡᠶ ᠤᠶᠢᠯᠠᠭᠠᠨ ᠬᠠᠶᠢᠷᠠᠯᠠᠵᠤ᠂ ᠥᠪᠡᠷ ᠤᠨ ᠲᠤᠰᠬᠠᠶ ᠮᠡᠷᠭᠡᠵᠢᠯ ᠤᠨ ᠤᠷ᠎ᠠ ᠴᠢᠳᠠᠪᠤᠷᠢ ᠪᠠᠨ | ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢ ᠢᠲᠡᠭᠡᠵᠦ ᠪᠠᠶᠢᠨ᠎ᠠ ᠃ ᠬᠤᠶᠢᠰᠢᠳᠠ᠂ ᠰᠤᠷᠭᠠᠭᠤᠯᠢ ᠠᠴᠠ ᠠᠷᠠᠳ ᠤᠨ | ᠤᠷᠠᠯᠢᠭᠴᠢᠳ ᠲᠠᠢ ᠦᠷᠭᠦᠯᠵᠢᠯᠡᠨ ᠬᠠᠮᠲᠤᠷᠠᠯᠴᠠᠵᠤ᠂ ᠨᠠᠩ ᠣᠯᠠᠨ ᠰᠢᠯᠢᠳᠡᠭ ᠤᠯᠠᠮᠵᠢᠯᠠᠯᠲᠤ ᠰᠣᠶᠣᠯ ᠢ | ᠰᠤᠷᠭᠠᠭᠤᠯᠢ ᠶᠢᠨ ᠬᠦᠷᠢᠶᠡᠨ ᠳᠤ ᠣᠷᠣᠭᠤᠯᠤᠨ ᠠᠪᠴᠢᠷᠠᠵᠤ᠂ ᠤᠯᠠᠮᠵᠢᠯᠠᠯᠲᠤ ᠰᠣᠶᠣᠯ ᠤᠨ ᠬᠡᠪ ᠪᠣᠯᠪᠠᠰᠤᠷᠠᠯ ᠪᠠ | ᠲᠤᠰᠬᠠᠶ ᠮᠡᠷᠭᠡᠵᠢᠯ ᠤᠨ ᠤᠷ᠎ᠠ ᠴᠢᠳᠠᠪᠤᠷᠢ ᠲᠠᠢ ᠰᠢᠯᠢᠳᠡᠭ ᠴᠢᠳᠠᠪᠤᠷᠢᠲᠠᠨ ᠢ ᠬᠥᠮᠦᠵᠢᠭᠦᠯᠬᠦ ᠳᠤ ᠬᠦᠴᠦᠨ ᠴᠢᠳᠠᠯ | ᠢᠶᠠᠨ ᠡᠷᠭᠦᠨ᠎ᠡ ᠃ |