ᠮᠠᠨ ᠤ ᠬᠤᠰᠢᠭᠤᠨ ᠤ ᠰᠢᠭᠤᠳ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠮᠴᠢᠯᠡᠬᠦ | ᠡᠷᠬᠡ ᠶᠢᠨ ᠠᠷᠠᠯᠵᠢᠶ᠎ᠠ ᠵᠢᠴᠢ ᠬᠤᠳᠠᠯᠳᠤᠨ ᠠᠪᠬᠤ ᠬᠠᠮᠢᠶᠠᠷᠤᠯᠲᠠ ᠶᠢ ᠴᠢᠨᠠᠭᠰᠢᠳᠠ ᠵᠢᠷᠤᠮᠵᠢᠭᠤᠯᠵᠤ᠂ | ᠡᠵᠡᠩᠨᠡᠯᠲᠡ ᠶᠢᠨ ᠲᠦᠭᠰᠢᠭᠦᠷᠢ ᠠᠴᠠ ᠰᠡᠷᠭᠡᠶᠢᠯᠡᠨ᠂ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠡᠮᠬᠢ | ᠵᠢᠷᠤᠮ ᠲᠠᠢ ᠥᠷᠨᠢᠭᠦᠯᠬᠦ ᠶᠢᠨ ᠲᠥᠯᠥᠭᠡ᠂ 2 ᠰᠠᠷ᠎ᠠ ᠶᠢᠨ 26 ᠤ ᠡᠳᠦᠷ᠂ ᠮᠠᠨ ᠤ ᠬᠤᠰᠢᠭᠤᠨ ᠤ ᠤᠯᠤᠰ ᠤᠨ | ᠥᠮᠴᠢᠯᠡᠯ ᠤᠨ ᠡᠳ᠋ ᠬᠥᠷᠥᠩᠭᠡ ᠶᠢᠨ ᠵᠥᠪᠯᠡᠯ ᠠᠴᠠ ᠥᠪᠥᠷ ᠮᠣᠩᠭᠤᠯ ᠤᠨ ᠥᠮᠴᠢᠯᠡᠯ ᠤᠨ ᠡᠷᠬᠡ ᠶᠢᠨ | ᠠᠷᠠᠯᠵᠢᠶᠠᠨ ᠤ ᠲᠥᠪ ᠤᠨ ᠲᠤᠰᠬᠠᠢ ᠮᠡᠷᠭᠡᠵᠢᠯ ᠤᠨ ᠬᠥᠮᠥᠰ ᠢ ᠤᠷᠢᠵᠤ᠂ ᠤᠯᠤᠰ ᠤᠨ ᠥᠮᠴᠢᠯᠡᠯᠲᠦ ᠠᠵᠤ | ᠠᠬᠤᠶᠢᠯᠠᠯ ᠤᠨ ᠥᠮᠴᠢᠯᠡᠬᠦ ᠡᠷᠬᠡ ᠶᠢᠨ ᠠᠷᠠᠯᠵᠢᠶ᠎ᠠ᠂ ᠢᠯᠡ ᠪᠠᠷ ᠬᠤᠳᠠᠯᠳᠤᠨ ᠠᠪᠬᠤ ᠲᠤᠰᠬᠠᠢ ᠮᠡᠳᠡᠯᠭᠡ ᠶᠢᠨ | ᠪᠣᠯᠪᠠᠰᠤᠷᠠᠯ ᠥᠷᠨᠢᠭᠦᠯᠵᠦ᠂ ᠮᠠᠨ ᠤ ᠬᠤᠰᠢᠭᠤᠨ ᠤ ᠠᠵᠤ ᠠᠬᠤᠶᠢᠯᠠᠯ ᠤᠨ ᠬᠥᠭᠵᠢᠯᠲᠡ ᠳᠤ ᠬᠦᠴᠦᠨ ᠨᠡᠮᠡᠷᠢᠯᠡᠪᠡ᠃ | | ᠪᠣᠯᠪᠠᠰᠤᠷᠠᠯ ᠳᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠡᠳ᠋ ᠬᠥᠷᠥᠩᠭᠡ ᠶᠢᠨ ᠠᠷᠠᠯᠵᠢᠶᠠᠨ ᠤ | ᠲᠥᠷᠥ ᠶᠢᠨ ᠪᠣᠳᠣᠯᠭ᠎ᠠ᠂ ᠪᠣᠳᠠᠲᠠᠢ ᠬᠡᠷᠡᠭᠵᠢᠭᠦᠯᠬᠦ ᠶᠠᠪᠤᠴᠠ ᠳᠤ ᠲᠤᠯᠭᠠᠷᠠᠵᠤ ᠮᠡᠳᠡᠬᠦ ᠠᠰᠠᠭᠤᠳᠠᠯ ᠵᠢᠴᠢ ᠮᠠᠯᠵᠢᠬᠤ | ᠲᠠᠷᠢᠶᠠᠯᠠᠬᠤ ᠣᠷᠣᠨ ᠤ ᠥᠮᠴᠢᠯᠡᠯ ᠤᠨ ᠡᠷᠬᠡ ᠶᠢᠨ ᠠᠷᠠᠯᠵᠢᠶᠠᠨ ᠤ ᠲᠠᠪᠴᠠᠩ ᠵᠡᠷᠭᠡ ᠤᠯᠤᠰ ᠤᠨ ᠥᠮᠴᠢᠯᠡᠯᠲᠦ | ᠠᠵᠤ ᠠᠬᠤᠶᠢᠯᠠᠯ ᠤᠨ ᠡᠵᠡᠩᠨᠡᠯᠲᠡ ᠶᠢᠨ ᠶᠠᠪᠤᠴᠠ ᠳᠤ ᠬᠤᠯᠪᠣᠭᠳᠠᠬᠤ ᠬᠠᠮᠢᠶ᠎ᠠ ᠪᠦᠬᠦᠢ ᠠᠭᠤᠯᠭ᠎ᠠ ᠶᠢ ᠨᠠᠷᠢᠨ | ᠲᠠᠶᠢᠯᠪᠤᠷᠢᠯᠠᠵᠤ᠂ ᠥᠮᠴᠢᠯᠡᠬᠦ ᠡᠷᠬᠡ ᠶᠢᠨ ᠠᠷᠠᠯᠵᠢᠶ᠎ᠠ ᠪᠠ ᠢᠯᠡ ᠪᠠᠷ ᠬᠤᠳᠠᠯᠳᠤᠨ ᠠᠪᠬᠤ ᠲᠥᠷᠥ ᠶᠢᠨ | ᠪᠣᠳᠣᠯᠭ᠎ᠠ ᠶᠢᠨ ᠲᠤᠬᠠᠢ ᠤᠯᠤᠰ ᠤᠨ ᠦᠮᠴᠢᠯᠡᠯᠳᠦ ᠠᠵᠤ ᠠᠬᠤᠶᠢᠯᠠᠯ ᠤᠨ ᠣᠶᠢᠯᠠᠭᠠᠯᠲᠠ ᠶᠢ ᠤᠯᠠᠮ ᠨᠢᠭᠡ ᠠᠯᠬᠤᠮ | ᠭᠦᠨᠵᠡᠭᠡᠶᠢᠷᠡᠭᠦᠯᠵᠦ᠂ ᠪᠣᠯᠪᠠᠰᠤᠷᠠᠯ ᠳᠤ ᠣᠷᠣᠯᠴᠠᠭᠰᠠᠳ ᠤᠨ ᠮᠡᠳᠡᠯᠭᠡ ᠶᠢ ᠥᠷᠭᠡᠳᠬᠡᠨ᠂ ᠠᠵᠢᠯ ᠲᠥᠷᠥᠯ ᠤᠨ | ᠡᠮᠬᠢ ᠵᠢᠷᠤᠮ ᠲᠠᠢ ᠬᠥᠭᠵᠢᠯᠲᠡ ᠳᠤ ᠬᠦᠴᠦᠨ ᠨᠡᠮᠡᠷᠢᠯᠡᠪᠡ᠃ |