ᠳᠤᠮᠳᠠᠳᠤ ᠤᠯᠤᠰ ᠤᠨ ᠡᠪ ᠬᠠᠮᠲᠤ ᠨᠠᠮ ᠤᠨ ᠵᠡᠭᠦᠨ ᠦᠵᠦᠮᠦᠴᠢᠨ ᠬᠤᠰᠢᠭᠤᠨ ᠤ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ 2025 ᠣᠨ ᠤ ᠨᠢᠭᠡᠳᠦᠭᠡᠷ ᠤᠳᠠᠭᠠᠨ ᠎ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/4/1
      3 ᠰᠠᠷ᠎ᠠ ᠶᠢᠨ 21᠎ ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠵᠧᠦ ᠢᠦᠢ ᠯᠦᠩ ᠬᠤᠰᠢᠭᠤ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ 2025 ᠣᠨ ᠎ ᠤ ᠨᠢᠭᠡᠳᠦᠭᠡᠷ ᠤᠳᠠᠭᠠᠨ ᠤ ᠬᠤᠷᠠᠯ ᠢ ᠡᠷᠬᠢᠯᠡᠨ ᠬᠤᠷᠠᠯᠳᠤᠭᠤᠯᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠵᠢᠯ ᠢ ᠰᠤᠳᠤᠯᠤᠨ ᠪᠠᠶᠢᠷᠢᠯᠠᠭᠤᠯᠪᠠ  ᠃      ᠬᠤᠷᠠᠯ ᠠᠴᠠ《 ᠪᠥᠬᠦ ᠨᠠᠮ ᠤᠨ ᠳᠣᠲᠣᠷ᠎ᠠ ᠲᠥᠪ ᠤᠨ ᠨᠠᠶᠮᠠᠨ  ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ 》᠂ ᠲᠥᠪ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠪᠣᠯᠤᠨ《 ᠪᠥᠬᠦ ᠣᠷᠣᠨ ᠳᠤ ᠲᠥᠪ ᠤᠨ ᠨᠠᠶᠮᠠᠨ ᠲᠣᠭᠲᠠᠭᠠᠯ ᠎ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠯᠪᠠᠨ ᠲᠢᠩᠬᠢᠮ ᠤᠨ ᠬᠡᠷᠡᠭᠵᠢᠭᠦᠯᠬᠦ ᠲᠥᠰᠦᠯ 》᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 166 ᠳ᠋ᠤᠭᠠᠷ ᠬᠤᠷᠠᠯ ᠵᠢᠴᠢ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠎ ᠤᠨ ᠬᠤᠷᠠᠯ ᠵᠢᠴᠢ ᠠᠶᠢᠮᠠᠭ ᠤᠨ ᠨᠠᠮ ᠤᠨ ᠬᠤᠷᠢᠶᠠᠨ ᠤ 2025 ᠣᠨ ᠤ 9 ᠳ᠋ᠦ᠋ᠭᠡᠷ ᠬᠤᠷᠠᠯ  ᠪᠤᠯᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ  ᠃      ᠬᠤᠷᠠᠯ ᠠᠴᠠ ᠴᠢᠬᠤᠯᠠᠴᠢᠠᠯᠬᠤ ᠳᠠᠭᠠᠨ᠂ ᠪᠦᠬᠦ ᠨᠠᠮ ᠤᠨ ᠳᠣᠲᠣᠷ᠎ᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠥᠷᠨᠢᠭᠦᠯᠬᠦ ᠪᠣᠯ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠴᠢᠬᠤᠯᠠ ᠪᠠᠶᠢᠷᠢᠯᠠᠭᠤᠯᠤᠯᠲᠠ᠂ ᠪᠦᠬᠦ ᠬᠤᠰᠢᠭᠤ ᠪᠠᠷ ᠢᠶᠠᠨ ᠤᠯᠤᠰ ᠲᠦᠷᠦ ᠶᠢᠨ ᠵᠣᠭᠰᠣᠴᠠ ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠬᠦ ᠬᠡᠷᠡᠭᠲᠡᠢ᠃ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶᠠᠨ ᠤ ᠠᠵᠢᠯ ᠤᠨ ᠪᠠᠶᠢᠷᠢᠯᠠᠭᠤᠯᠤᠯᠲᠠ ᠪᠠ ᠬᠤᠰᠢᠭᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠣᠰᠣᠭᠠᠷ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠤᠬᠠᠮᠰᠠᠷ ᠢᠶᠠᠷ ᠰᠤᠷᠤᠯᠴᠠᠯᠭ᠎ᠠ ᠬᠥᠮᠦᠵᠢᠯ ᠢ ᠰᠠᠶᠢᠲᠤᠷ ᠠᠳᠬᠤᠵᠤ᠂ ᠨᠠᠮ ᠤᠨ ᠭᠡᠰᠢᠭᠦᠨ᠂ ᠺᠠᠳ᠋ᠷ ᠤᠨ ᠲᠥᠪ ᠤᠨ ᠨᠠᠶᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠥᠬᠦᠷᠡᠰᠢ ᠥᠬᠡᠶ ᠰᠤᠷᠥᠯᠴᠠᠨ ᠲᠤᠭᠤᠰᠢᠯᠠᠭᠤᠯᠬᠤ ᠶᠢ ᠠᠬᠢᠭᠤᠯᠵᠤ᠂ ᠰᠤᠷᠲᠠᠯ ᠢ ᠰᠠᠶᠢᠵᠢᠷᠠᠭᠤᠯᠤᠭᠰᠠᠨ ᠪᠣᠳᠠᠲᠤ ᠦᠷ᠎ᠡ ᠪᠦᠲᠦᠮᠵᠢ ᠪᠠᠷ《ᠬᠤᠶᠠᠷ ᠢ ᠲᠣᠭᠲᠠᠭᠠᠬᠤ》᠎ ᠶᠢ ᠬᠦᠷᠢᠶᠡᠯᠡᠵᠦ᠂《ᠬᠤᠶᠠᠷ ᠢ ᠬᠠᠮᠠᠭᠠᠯᠠᠬᠤ 》᠎ ᠶᠢ ᠦᠢᠯᠡᠳᠦᠯᠭᠡᠵᠢᠭᠦᠯᠬᠦ ᠬᠡᠷᠡᠭᠲᠠᠢ᠃ ᠦᠨᠡᠨ ᠢ ᠪᠠᠷᠢᠮᠲᠠᠯᠠᠨ ᠪᠣᠳᠠᠲᠠᠶ ᠶᠢ ᠡᠷᠬᠢᠮᠯᠡᠬᠦ ᠣᠪᠣᠷ᠂ ᠴᠢᠩᠭ᠎ᠠ ᠪᠣᠳᠠᠲᠠᠶ ᠪᠠᠶᠢᠬᠤ ᠰᠤᠷᠲᠠᠯ ᠢᠶᠠᠷ ᠲᠥᠪ ᠤᠨ ᠨᠠᠶᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠶ ᠥᠷᠨᠢᠭᠦᠯᠬᠦ ᠎ ᠶᠢ ᠠᠬᠢᠭᠤᠯᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠥᠭᠡᠷᠡᠴᠢᠯᠡᠯᠲᠡ ᠬᠥᠭᠵᠢᠯᠲᠡ ᠶᠢᠨ ᠡᠯ᠎ᠡ ᠵᠦᠶᠯ ᠎ ᠤᠨ ᠠᠵᠢᠯ ᠦᠶᠯᠡᠰ ᠢ ᠰᠢᠨ᠎ᠡ ᠳᠡᠭᠲᠡᠷ ᠲᠤ ᠭᠠᠷᠭᠠᠵᠤ᠂ ᠰᠢᠨ᠎ᠡ ᠰᠢᠪᠲᠤᠯᠤᠯᠲᠠ ᠶᠢ ᠪᠡᠶᠡᠯᠡᠭᠦᠯᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠶ ᠭᠡᠵᠡᠢ᠃      ᠬᠤᠷᠠᠯ ᠠᠴᠠ《ᠪᠥᠬᠦ ᠬᠤᠰᠢᠭᠤᠨ ᠳᠤ ᠲᠥᠪ ᠤᠨ ᠨᠠᠶᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠵᠢᠯ ᠢ ᠥᠷᠨᠢᠭᠦᠯᠬᠦ ᠲᠤᠬᠠᠶ ᠲᠥᠰᠦᠯ 》᠎ ᠢ ᠬᠢᠨᠠᠨ        ᠵᠥᠪᠯᠡᠪᠡ  ᠃      ᠬᠤᠷᠠᠯ ᠠᠴᠠ ᠪᠠᠰᠠ ᠪᠤᠰᠤᠳ ᠵᠦᠢᠯ ᠢ  ᠰᠤᠳᠤᠯᠤᠨ ᠶᠠᠷᠢᠯᠴᠠᠵᠠᠢ  ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号