3 ᠰᠠᠷ᠎ᠠ ᠶᠢᠨ 20 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠵᠧᠦ ᠢᠦᠢ ᠯᠦᠩ ᠠᠷᠪᠠᠨ | ᠳᠥᠷᠪᠡᠳᠦᠭᠡᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ 89 ᠳ᠋ᠦ᠋ᠭᠡᠷ ᠣᠳᠠᠭᠠᠨ ᠤ ( 2025 ᠣᠨ ᠤ | 10 ᠳ᠋ᠤᠭᠠᠷ ᠤᠳᠠᠭ᠎ᠠ ) ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠤᠯᠤᠰ ᠤᠨ | ᠬᠤᠶᠠᠷ ᠬᠤᠷᠠᠯ ᠤᠨ ᠵᠣᠷᠢᠭ ᠰᠠᠨᠠᠭ᠎ᠠ ᠪᠣᠯᠤᠨ ᠪᠥᠬᠦ ᠤᠯᠤᠰ᠂ ᠪᠥᠬᠦ ᠣᠷᠣᠨ᠂ ᠪᠥᠬᠦ ᠠᠶᠢᠮᠠᠭ ᠤᠨ ᠵᠤᠬᠢᠶᠠᠨ | ᠪᠠᠶᠢᠭᠤᠯᠬᠤ᠂ ᠣᠬᠠᠭᠤᠯᠬᠤ᠂ ᠨᠢᠭᠡᠳᠦᠮᠡᠯ ᠹᠷᠣᠨᠲ᠂ ᠨᠡᠶᠢᠭᠡᠮ᠂ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ | ᠬᠤᠷᠠᠯ ᠤᠨ ᠵᠣᠷᠢᠭ ᠰᠠᠨᠠᠭ᠎ᠠ ᠵᠢᠴᠢ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠤᠯᠪᠣᠭᠳᠠᠯ ᠪᠥᠬᠦᠶ | ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠣᠯᠠᠮᠵᠢᠯᠠᠵᠦ᠂ ᠬᠠᠮᠢᠶ᠎ᠠ ᠪᠥᠬᠦᠶ ᠠᠵᠢᠯ ᠢ ᠲᠣᠬᠢᠷᠠᠭᠤᠯᠤᠨ | ᠪᠠᠶᠢᠷᠢᠯᠠᠭᠤᠯᠪᠠ ᠃ | ᠬᠤᠷᠠᠯ ᠠᠴᠠ ᠴᠢᠬᠤᠯᠠᠴᠢᠯᠠᠬᠤ ᠳᠠᠭᠠᠨ᠂ ᠪᠦᠬᠦ ᠬᠤᠰᠢᠭᠤ ᠪᠠᠷ ᠢᠶᠠᠨ ᠪᠦᠬᠦ ᠤᠯᠤᠰ ᠤᠨ ᠬᠤᠶᠠᠷ ᠬᠤᠷᠠᠯ | ᠤᠨ ᠵᠣᠷᠢᠭ ᠰᠠᠨᠠᠭ᠎ᠠ᠂ ᠢᠯᠠᠩᠭᠤᠶ᠎ᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ | ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢ ᠣᠳᠣᠬᠠᠨ ᠤ ᠴᠢᠬᠤᠯᠠ ᠠᠵᠢᠯ ᠪᠣᠯᠭᠠᠨ ᠠᠳᠬᠤᠵᠤ᠂ | ᠰᠠᠨᠠᠭᠠᠴᠢᠯᠠᠭ᠎ᠠ ᠠᠴᠠ ᠪᠠᠨ ᠡᠭᠦᠷᠭᠡ ᠡᠭᠦᠷᠭᠡᠯᠡᠵᠦ᠂ ᠲᠦᠷᠭᠡᠨ ᠠᠬᠢᠭᠤᠯᠵᠤ᠂ ᠰᠢᠨ᠎ᠡ ᠶᠢ ᠡᠭᠦᠳᠦᠨ | ᠨᠠᠶᠢᠳᠠᠪᠤᠷᠢᠵᠢᠭᠤᠯᠤᠯᠲᠠ ᠶᠢ ᠠᠳᠬᠤᠵᠤ᠂ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠦᠨᠳᠦᠰᠦᠨ ᠱᠠᠲᠤᠨ ᠳᠤ | ᠭᠦᠨᠵᠡᠭᠡᠶᠢᠷᠡᠭᠦᠯᠬᠦ᠂ ᠤᠯᠠᠨ ᠲᠦᠮᠡᠨ ᠤ ᠳᠤᠮᠳᠠ ᠭᠦᠨᠵᠡᠭᠡᠶᠢᠷᠡᠭᠦᠯᠬᠦ᠂ ᠬᠥᠮᠦᠰ ᠤᠨ ᠰᠡᠳᠬᠢᠯ ᠳᠤ ᠬᠠᠳᠠᠩᠰᠢᠭᠤᠯᠬᠤ | ᠶᠢ ᠠᠬᠢᠭᠤᠯᠵᠤ᠂ ᠪᠦᠬᠦ ᠨᠡᠶᠢᠭᠡᠮ ᠳᠤ ᠪᠦᠯᠬᠦᠮᠳᠡᠨ ᠨᠢᠭᠡᠳᠴᠦ ᠴᠢᠨᠠᠷ ᠰᠠᠶᠢᠲᠠᠢ ᠬᠥᠭᠵᠢᠯᠲᠡ ᠪᠠ ᠣᠳᠣᠬᠢᠴᠢᠯᠠᠯᠲᠠ | ᠶᠢᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠥᠳᠬᠡᠨ ᠵᠤᠵᠠᠭᠠᠨ ᠠᠭᠤᠷ ᠠᠮᠢᠰᠬᠤᠯ ᠢ ᠪᠦᠷᠢᠯᠳᠦᠭᠦᠯᠬᠦ | ᠬᠡᠷᠡᠭᠲᠡᠢ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ | ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠪᠥᠬᠦ ᠤᠯᠤᠰ᠂ ᠪᠥᠬᠦ ᠣᠷᠣᠨ᠂ ᠪᠥᠬᠦ | ᠠᠶᠢᠮᠠᠭ ᠤᠨ ᠵᠤᠬᠢᠶᠠᠨ ᠪᠠᠶᠢᠭᠤᠯᠬᠤ᠂ ᠣᠬᠠᠭᠤᠯᠬᠤ᠂ ᠨᠢᠭᠡᠳᠦᠮᠡᠯ ᠹᠷᠣᠨᠲ᠂ ᠨᠡᠶᠢᠭᠡᠮ᠂ ᠤᠯᠤᠰ ᠲᠥᠷᠥ ᠬᠠᠤᠯᠢ | ᠴᠠᠭᠠᠵᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠵᠣᠬᠢᠶᠠᠨ ᠪᠠᠶᠢᠭᠤᠯᠤᠨ ᠤᠬᠠᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ | ᠭᠤᠤᠯ ᠶᠡᠭᠡ ᠲᠠᠯ᠎ᠠ ᠶᠢ ᠴᠢᠩᠭ᠎ᠠ ᠡᠵᠡᠮᠳᠡᠵᠦ᠂ ᠭᠤᠤᠯ ᠬᠠᠷᠢᠭᠤᠴᠠᠯᠭ᠎ᠠ ᠭᠤᠤᠯ ᠠᠵᠢᠯ ᠳᠤ ᠠᠩᠬᠠᠷᠤᠯ ᠢᠶᠠᠨ | ᠲᠥᠪᠯᠡᠷᠡᠭᠦᠯᠵᠦ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ | ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂《 ᠵᠢᠷᠭᠤᠭᠠᠨ ᠢᠨᠵᠧᠨᠧᠷᠢᠩ 》 ᠢ ᠬᠡᠷᠡᠭᠵᠢᠭᠦᠯᠬᠦ᠂《 ᠵᠢᠷᠭᠤᠭᠠᠨ | ᠠᠵᠢᠯᠯᠠᠭ᠎ᠠ 》ᠥᠷᠨᠢᠭᠦᠯᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠶ᠃ ᠢᠯᠡ ᠲᠣᠳᠣ ᠣᠪᠣᠷ᠂ | ᠬᠦᠴᠦᠲᠡᠶ ᠠᠷᠭ᠎ᠠ ᠬᠡᠮᠵᠢᠶ᠎ᠡ᠂ ᠡᠷᠡᠰ ᠰᠢᠭᠤᠷᠬᠠᠶ ᠠᠵᠢᠯᠯᠠᠭ᠎ᠠ ᠪᠠᠷ ᠣᠯᠠᠨ ᠲᠦᠮᠡᠨ ᠤ ᠳᠡᠷᠭᠡᠳᠡᠬᠢ ᠲᠥᠪ ᠪᠤᠰᠤ | ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠯᠠᠪᠳᠠᠭᠤᠨ ᠪᠠᠲᠤᠲᠠᠶ | ᠥᠷᠨᠢᠭᠦᠯᠵᠦ᠂ ᠣᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠨ ᠲᠣᠪᠣᠶᠢᠮ᠎ᠠ ᠠᠰᠠᠭᠤᠳᠠᠯ ᠢ ᠴᠢᠩᠭ᠎ᠠ | ᠪᠠᠶᠢᠴᠠᠭᠠᠨ ᠰᠢᠶᠳᠪᠦᠷᠢᠯᠡᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ | ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠦᠨᠡᠨ ᠬᠦ ᠨᠡᠮᠡᠭᠳᠡᠭᠦᠯᠬᠦ ᠬᠡᠷᠡᠭᠲᠡᠶ ᠭᠡᠵᠡᠢ᠃ |