ᠲᠦᠷᠦᠭᠦᠬᠡᠨ ᠤᠯᠠᠭᠠᠨᠬᠠᠳᠠ ᠬᠤᠲᠠ ᠶᠢᠨ ᠬᠠᠷᠠᠴᠢᠨ ᠬᠤᠰᠢᠭᠤᠨ ᠤ ᠶᠡᠷᠦᠩᠬᠡᠶᠢᠯᠡᠨ ᠵᠠᠰᠠᠬᠤ ᠲᠥᠪ ᠲᠤ | ᠬᠦᠷᠬᠦ ᠳᠤ᠂ ᠠᠭᠤᠵᠢᠮ ᠰᠠᠷᠠᠭᠤᠯᠬᠠᠨ ᠭᠥᠯᠢᠶᠡᠨ ᠠᠪᠬᠤ ᠲᠢᠩᠬᠢᠮ ᠳᠤ ᠡᠯ᠎ᠡ ᠵᠦᠢᠯ ᠤᠨ ᠠᠵᠢᠯ ᠡᠮᠬᠢ ᠵᠢᠷᠤᠮ ᠲᠠᠢ | ᠶᠠᠪᠤᠭᠳᠠᠵᠤ ᠪᠠᠶᠢᠯ᠎ᠠ᠃ ᠴᠢᠳᠠᠮᠵᠢ ᠶᠢᠨ ᠣᠷᠣᠨ ᠪᠣᠯᠭᠠᠨ ᠨᠢ ᠠᠵᠢᠯ ᠤᠨ ᠬᠤᠪᠢᠶᠠᠷᠢᠯᠠᠯ ᠲᠣᠳᠣᠷᠬᠠᠢ᠂ ᠬᠥᠲᠥᠴᠢ | ᠲᠡᠮᠳᠡᠭ ᠢᠯᠡ ᠲᠣᠳᠣ ᠪᠠᠶᠢᠵᠤ᠂ ᠬᠥᠮᠥᠰ ᠦᠵᠡᠮᠡᠭᠴᠡ ᠲᠣᠪ ᠲᠣᠳᠣᠷᠬᠠᠢ ᠣᠶᠢᠯᠠᠭᠠᠴᠢᠬᠠᠨᠠ᠃ | ︽ᠣᠲᠣ ᠶᠡᠷᠦᠩᠬᠡᠶᠢᠯᠡᠨ ᠵᠠᠰᠠᠬᠤ ᠲᠥᠪ ᠮᠠᠰᠢ ᠣᠯᠠᠨ ᠦᠢᠯᠡᠴᠢᠯᠡᠭᠡᠨ ᠤ ᠠᠷᠭ᠎ᠠ ᠬᠡᠮᠵᠢᠶ᠎ᠡ ᠶᠢ | ᠲᠡᠭᠦᠯᠳᠡᠷᠵᠢᠭᠦᠯᠵᠦ᠂ ᠬᠠᠤᠯᠢ ᠴᠠᠭᠠᠵᠠ ᠶᠢᠨ ᠠᠰᠠᠭᠤᠳᠠᠯ ᠪᠠᠶᠢᠪᠠᠯ ᠴᠥᠮ ᠠᠳᠡ ᠠᠴᠠ ᠠᠰᠠᠭᠤᠨ ᠯᠠᠪᠯᠠᠵᠤ | ᠪᠣᠯᠣᠨ᠎ᠠ︾ ᠭᠡᠵᠦ ᠤᠯᠠᠭᠠᠨᠬᠠᠳᠠ ᠬᠤᠲᠠ ᠶᠢᠨ ᠬᠠᠷᠠᠴᠢᠨ ᠬᠤᠰᠢᠭᠤᠨ ᠤ ᠾᠧ ᠪᠧᠢ ᠵᠡᠭᠡᠯᠢ ᠭᠤᠳᠤᠮᠵᠢ ᠳᠤ | ᠰᠠᠭᠤᠭ᠎ᠠ ᠵᠠᠩ ᠣᠪᠣᠭᠲᠤ ᠨᠠᠰᠤᠲᠠᠨ ᠶᠡᠷᠦᠩᠬᠡᠶᠢᠯᠡᠨ ᠵᠠᠰᠠᠬᠤ ᠲᠥᠪ ᠤᠨ ᠦᠢᠯᠡᠴᠢᠯᠡᠭᠡ ᠶᠢ ᠮᠠᠭᠲᠠᠨ ᠰᠠᠶᠢᠰᠢᠶᠠᠵᠤ | ᠪᠠᠶᠢᠯ᠎ᠠ᠃ | ᠬᠠᠷᠠᠴᠢᠨ ᠬᠤᠰᠢᠭᠤ ᠣᠷᠣᠨ ᠪᠦᠰᠡ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠤᠤᠯ ᠤᠨ | ᠶᠡᠷᠦᠩᠬᠡᠶᠢᠯᠡᠨ ᠵᠠᠰᠠᠬᠤ ᠲᠥᠪ ᠲᠡᠭᠡᠨ ᠲᠦᠰᠢᠭᠯᠡᠨ᠂ ᠪᠡᠯᠡ ᠮᠥᠩᠭᠦ ᠶᠢᠨ ᠣᠷᠣᠭᠤᠯᠤᠯᠲᠠ ᠪᠠᠨ ᠨᠡᠮᠡᠭᠳᠡᠭᠦᠯᠵᠦ᠂ | ᠲᠡᠭᠦᠨ ᠢ ᠲᠠᠰ ᠳᠡᠪᠰᠢᠭᠦᠯᠦᠨ ᠥᠭᠡᠷᠡᠴᠢᠯᠡᠵᠦ᠂ ︽ᠣᠯᠠᠨ ᠲᠥᠪ ᠢ ᠨᠢᠭᠡᠳᠬᠡᠨ᠂ ᠨᠢᠭᠡ ᠲᠥᠪ ᠢ ᠣᠯᠠᠨ ᠲᠠᠯ᠎ᠠ ᠪᠠᠷ | ᠬᠡᠷᠡᠭᠯᠡᠬᠦ︾ ᠵᠠᠷᠴᠢᠮ ᠢ ᠪᠠᠷᠢᠮᠲᠠᠯᠠᠵᠤ᠂ ︽ᠭᠤᠣᠯᠳᠠᠯᠭ᠎ᠠ ᠲᠠᠢ ᠰᠠᠯᠠᠭ᠎ᠠ ᠮᠥᠴᠢᠷ ᠲᠥᠪᠯᠡᠷᠡᠨ ᠪᠠᠶᠢᠩᠭᠤ ᠰᠠᠭᠤᠬᠤ᠂ | ᠡᠩ ᠤᠨ ᠰᠠᠯᠠᠭ᠎ᠠ ᠮᠥᠴᠢᠷ ᠡᠭᠡᠯᠵᠢᠯᠡᠨ ᠣᠷᠣᠵᠤ ᠰᠠᠭᠤᠬᠤ᠂ ᠬᠡᠷᠡᠭ ᠲᠤ ᠬᠤᠯᠪᠣᠭᠳᠠᠬᠤ ᠰᠠᠯᠠᠭ᠎ᠠ ᠮᠥᠴᠢᠷ | ᠳᠠᠭᠤᠳᠠᠪᠠᠯ ᠣᠷᠣᠵᠤ ᠰᠠᠭᠤᠬᠤ︾ ᠠᠵᠢᠯ ᠤᠨ ᠵᠠᠷᠴᠢᠮ ᠲᠣᠭᠲᠠᠭᠠᠵᠤ᠂ ᠰᠢᠭᠦᠬᠦ ᠬᠤᠷᠢᠶ᠎ᠠ᠂ ᠪᠠᠶᠢᠴᠠᠭᠠᠬᠤ | ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠵᠡᠷᠭᠡ 14 ᠨᠢᠭᠡᠴᠢ ᠶᠢ ᠡᠮᠬᠢᠯᠡᠨ ᠨᠡᠶᠢᠯᠡᠭᠦᠯᠵᠦ ᠶᠡᠷᠦᠩᠬᠡᠶᠢᠯᠡᠨ | ᠵᠠᠰᠠᠬᠤ ᠲᠥᠪ ᠲᠤ ᠰᠠᠭᠤᠯᠭᠠᠨ᠂ ᠨᠢᠭᠡ ᠴᠣᠭᠴᠠᠵᠢᠭᠤᠯᠤᠨ ᠲᠥᠪᠯᠡᠷᠡᠭᠦᠯᠦᠨ ᠠᠯᠪᠠᠯᠠᠬᠤ ᠶᠢ ᠪᠡᠶᠡᠯᠡᠭᠦᠯᠵᠡᠢ᠃ ᠪᠠᠰᠠ | ᠣᠯᠠᠨ ᠲᠦᠮᠡᠨ ᠢ ᠭᠥᠯᠢᠶᠡᠨ ᠠᠪᠬᠤ ᠲᠠᠰᠤ᠂ ᠠᠷᠠᠳ ᠤᠨ ᠡᠶᠡᠳᠡᠭᠦᠯᠬᠦ ᠲᠠᠰᠤᠭ᠂ ᠬᠠᠤᠯᠢ ᠴᠠᠭᠠᠵᠠ ᠶᠢᠨ | ᠦᠢᠯᠡᠴᠢᠯᠡᠭᠡᠨ ᠤ ᠠᠵᠢᠯᠯᠠᠬᠤ ᠲᠠᠰᠤᠭ᠂ ᠰᠡᠳᠬᠢᠴᠡ ᠶᠢᠨ ᠯᠠᠪᠯᠠᠭ᠎ᠠ ᠶᠢᠨ ᠲᠠᠰᠤᠭ ᠵᠡᠷᠭᠡ ᠣᠯᠠᠨ ᠤᠨᠴᠠᠭᠠᠢ | ᠴᠢᠳᠠᠮᠵᠢᠲᠤ ᠣᠷᠣᠨ ᠢ ᠪᠠᠶᠢᠭᠤᠯᠵᠤ᠂ ᠠᠰᠠᠭᠤᠳᠠᠯ ᠲᠠᠢ ᠪᠣᠯ ︽ᠨᠢᠭᠡᠯᠡ ᠡᠭᠦᠳᠡ ᠪᠠᠷ ᠣᠷᠣᠵᠤ᠂ ᠨᠢᠭᠡᠯᠡ | ᠴᠣᠩᠬᠤᠪᠴᠢ ᠳᠤ ᠬᠦᠷᠴᠦ᠂ ᠨᠢᠭᠡᠯᠡ ᠤᠳᠠᠭ᠎ᠠ ᠭᠦᠶᠦᠬᠦ︾ ᠶᠢ ᠪᠡᠶᠡᠯᠡᠭᠦᠯᠵᠦ᠂ ᠶᠡᠷᠦᠩᠬᠡᠶᠢᠯᠡᠨ ᠵᠠᠰᠠᠬᠤ ᠲᠥᠪ ᠢ | ᠣᠯᠠᠨ ᠲᠦᠮᠡᠨ ᠤ ᠳᠡᠷᠭᠡᠳᠡᠬᠢ ︽ᠬᠠᠯᠠᠭᠤᠨ ᠳᠤᠯᠠᠭᠠᠨ ᠥᠷᠲᠡᠭᠡ︾ ᠪᠤᠯᠭᠠᠬᠰᠠᠨ ᠪᠠᠶᠢᠨ᠎ᠠ᠃ | ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠪᠡᠯ ᠰᠠᠶ᠋ᠢ ᠶᠡᠷᠦᠩᠬᠡᠶᠢᠯᠡᠨ ᠵᠠᠰᠠᠬᠤ ᠲᠥᠪ ᠤᠨ | ᠵᠢᠷᠤᠮᠵᠢᠭᠤᠨ ᠪᠥᠭᠡᠳ ᠡᠮᠬᠢ ᠵᠢᠷᠤᠮ ᠲᠠᠢ ᠠᠵᠢᠯᠯᠠᠬᠤ ᠶᠢ ᠪᠠᠲᠤᠯᠠᠵᠤ ᠴᠢᠳᠠᠨ᠎ᠠ᠃ ᠤᠯᠠᠭᠠᠨᠴᠠᠪ ᠬᠤᠲᠠ ᠶᠢᠨ | ᠱᠠᠩᠳᠤ ᠰᠢᠶᠠᠨ ᠳᠤ᠂ ᠡᠯ᠎ᠡ ᠱᠠᠲᠤᠨ ᠤ ᠶᠡᠷᠦᠩᠬᠡᠶᠢᠯᠡᠨ ᠵᠠᠰᠠᠬᠤ ᠲᠥᠪ ᠵᠥᠷᠢᠴᠡᠯ ᠵᠠᠭᠤᠷᠠᠯᠳᠤᠭᠠᠨ ᠢ ᠡᠶᠡᠳᠡᠭᠦᠯᠦᠨ | ᠰᠢᠢᠳᠪᠦᠷᠢᠯᠡᠬᠦ ᠲᠣᠭᠲᠠᠴᠠ ᠪᠠᠨ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ︽ᠡᠶᠡᠳᠡᠭᠦᠯᠪᠡᠯ ᠪᠤᠯᠬᠤ ᠶᠢ ᠨᠢ | ᠪᠦᠭᠦᠨ ᠢ ᠡᠶᠡᠳᠡᠭᠦᠯᠵᠦ᠂ ᠲᠣᠬᠢᠷᠠᠭᠤᠯᠵᠤ ᠪᠤᠯᠬᠤ ᠶᠢ ᠨᠢ ᠪᠦᠭᠦᠨ ᠢ ᠲᠣᠬᠢᠷᠠᠭᠤᠯᠬᠤ︾ ᠣᠶᠢᠯᠠᠭᠠᠭᠳᠠᠬᠤᠨ ᠢ | ᠪᠠᠷᠢᠮᠲᠠᠯᠠᠨ᠂ ᠰᠢᠶᠠᠨ᠂ ᠰᠢᠶᠠᠩ᠂ ᠲᠣᠰᠬᠤᠨ ︵ᠨᠡᠶᠢᠭᠡᠮ ᠲᠣᠭᠤᠷᠢᠭ︶ ᠭᠤᠷᠪᠠᠨ ᠱᠠᠲᠤᠨ ᠤ ᠵᠥᠷᠢᠴᠡᠯ | ᠵᠠᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠲᠣᠭᠲᠠᠴᠠ ᠶᠢ ᠪᠠᠶᠢᠭᠤᠯᠵᠤ᠂ ᠡᠶᠡᠳᠡᠭᠦᠯᠬᠦ ᠠᠵᠢᠯ ᠤᠨ ᠰᠢᠰᠲ᠋ᠧᠮ ᠢ | ᠲᠠᠰ ᠳᠠᠪᠬᠤᠷᠭ᠎ᠠ ᠬᠤᠪᠢᠶᠠᠨ ᠡᠮᠬᠢ ᠴᠡᠭᠴᠡ ᠲᠠᠢ ᠪᠣᠯᠭᠠᠵᠠᠢ᠃ ᠲᠥᠷᠥᠯ ᠬᠤᠪᠢᠶᠠᠨ ᠰᠢᠯᠵᠢᠭᠦᠯᠬᠦ ᠲᠣᠭᠲᠠᠴᠠ ᠶᠢ | ᠴᠢᠩᠭᠠᠳᠬᠠᠵᠤ᠂ ᠵᠠᠭᠤᠷᠠᠯᠳᠤᠭᠠᠨ ᠢ ᠰᠢᠢᠳᠪᠦᠷᠢᠯᠡᠬᠦ ︽ᠲᠤᠰᠢᠶᠠᠨ ᠰᠢᠢᠳᠪᠦᠷᠢᠯᠡᠭᠦᠯᠬᠦ᠂ ᠰᠢᠯᠵᠢᠭᠦᠯᠬᠦ᠂ ᠮᠥᠷᠳᠡᠬᠦ︾ | ᠡᠯ᠎ᠡ ᠭᠤᠭᠴᠤᠭ᠎ᠠ ᠶᠢ ᠰᠢᠯᠢᠳᠡᠭᠵᠢᠭᠦᠯᠦᠨ᠂ ᠵᠥᠷᠢᠴᠡᠯ ᠵᠠᠭᠤᠷᠠᠯᠳᠤᠭᠠᠨ ᠢ ᠲᠦᠢᠯ ᠤᠨ ᠣᠨᠣᠪᠴᠢᠲᠠᠶ ᠪᠠᠷ ᠰᠠᠯᠭᠠᠵᠤ᠂ | ᠬᠠᠤᠯᠢ ᠪᠠᠷ ᠲᠣᠭᠲᠠᠭᠠᠭᠰᠠᠨ ᠶᠠᠪᠤᠴᠠ ᠳᠤ ᠴᠠᠭ ᠲᠤᠬᠠᠢ ᠳᠤᠨᠢ ᠣᠷᠣᠭᠤᠯᠤᠨ᠂ ᠰᠠᠯᠠᠭ᠎ᠠ ᠮᠥᠴᠢᠷ ᠪᠤᠶᠤ ᠰᠢᠶᠠᠩ | ᠪᠠᠯᠭᠠᠰᠤ ᠳᠤ ᠰᠢᠯᠵᠢᠭᠦᠯᠵᠦ ᠬᠠᠤᠯᠢ ᠶᠣᠰᠣᠭᠠᠷ ᠨᠠᠮᠳᠠᠭᠤᠯᠤᠨ ᠰᠢᠢᠳᠪᠦᠷᠢᠯᠡᠵᠡᠢ᠃ | ᠠᠮᠤᠷ ᠠᠮᠤᠭᠤᠯᠠᠩ ᠪᠣᠯ ᠠᠷᠠᠳ ᠤᠨ ᠬᠦᠰᠡᠯ᠂ ᠬᠥᠭᠵᠢᠯᠲᠡ ᠶᠢᠨ ᠰᠠᠭᠤᠷᠢ ᠮᠥᠨ᠃ ᠣᠶᠢᠷ᠎ᠠ ᠶᠢᠨ ᠵᠢᠯ ᠤᠨ | ᠲᠤᠷᠰᠢ᠂ ᠮᠠᠨ ᠤ ᠣᠷᠣᠨ ᠰᠢᠨ᠎ᠡ ᠴᠠᠭ ᠦᠶ᠎ᠡ ᠶᠢᠨ ︽ᠹᠧᠩᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ | ᠬᠥᠭᠵᠢᠭᠦᠯᠵᠦ᠂ ᠶᠡᠷᠦᠩᠬᠡᠶᠢᠯᠡᠨ ᠵᠠᠰᠠᠬᠤ ᠲᠥᠪ ᠢ ᠵᠢᠷᠤᠮᠵᠢᠭᠤᠯᠤᠨ ᠪᠦᠲᠦᠭᠡᠨ ᠪᠠᠶᠢᠭᠤᠯᠬᠤ ᠪᠠ ᠪᠣᠳᠠᠲᠤ | ᠴᠣᠭᠴᠠᠵᠢᠭᠤᠯᠤᠨ ᠠᠵᠢᠯᠯᠠᠭᠤᠯᠬᠤ ᠶᠢ ᠪᠦᠭᠦ ᠲᠠᠯ᠎ᠠ ᠪᠠᠷ ᠠᠬᠢᠭᠤᠯᠵᠤ᠂ ᠡᠯ᠎ᠡ ᠰᠠᠯᠠᠭ᠎ᠠ ᠮᠥᠴᠢᠷ ᠤᠨ ᠬᠠᠤᠯᠢ | ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ᠂ ᠬᠠᠮ ᠬᠦᠴᠦᠨ ᠢ ᠪᠦᠷᠢᠯᠳᠦᠭᠦᠯᠬᠦ ᠶᠢ ᠠᠬᠢᠭᠤᠯᠤᠨ᠂ | ᠵᠥᠷᠢᠴᠡᠯ ᠵᠠᠭᠤᠷᠠᠯᠳᠤᠭᠠᠨ ᠢ ᠤᠷᠢᠳᠴᠢᠯᠠᠨ ᠰᠡᠷᠭᠡᠶᠢᠯᠡᠵᠦ ᠨᠠᠮᠳᠠᠭᠤᠯᠬᠤ ᠪᠠ ᠨᠡᠶᠢᠭᠡᠮ ᠤᠨ ᠠᠮᠤᠷ ᠲᠦᠪᠰᠢᠨ ᠤ | ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠥᠷᠨᠢᠭᠦᠯᠵᠦ᠂ ᠶᠡᠷᠦᠩᠬᠡᠶᠢᠯᠡᠨ ᠵᠠᠰᠠᠬᠤ ᠲᠥᠪ ᠢ ᠣᠯᠠᠨ | ᠲᠦᠮᠡᠨ ᠳᠤ ᠦᠢᠯᠡᠴᠢᠯᠡᠬᠦ ᠴᠣᠩᠬᠤᠪᠴᠢ᠂ ᠵᠥᠷᠢᠴᠡᠯ ᠢ ᠠᠷᠢᠯᠭᠠᠬᠤ ᠡᠮᠦᠨ᠎ᠡ ᠹᠷᠤᠨᠲ ᠪᠤᠯᠭᠠᠵᠤ᠂ ᠣᠯᠠᠨ ᠲᠦᠮᠡᠨ ᠤ | ᠭᠤᠮᠣᠳᠠᠯ ᠱᠠᠭᠠᠷᠳᠠᠯᠭ᠎ᠠ ᠨᠢᠭᠡ ᠪᠦᠷᠢ ᠶᠢ ᠰᠢᠢᠳᠪᠦᠷᠢᠯᠡᠬᠦ ᠬᠥᠮᠥᠨ ᠲᠠᠢ ᠪᠠᠶᠢᠯᠭᠠᠬᠤ ᠪᠠ ᠬᠠᠤᠯᠢ ᠶᠣᠰᠣᠭᠠᠷ | ᠭᠦᠢᠴᠡᠳᠬᠡᠬᠦ ᠶᠢ ᠠᠬᠢᠭᠤᠯᠤᠨ᠂ ᠣᠯᠠᠨ ᠲᠦᠮᠡᠨ ᠳᠤ ᠲᠥᠪ ᠭᠤᠤᠯᠴᠢ ᠰᠢᠳᠤᠷᠭᠤ ᠶᠣᠰᠣ ᠳᠡᠷᠭᠡᠳᠡ ᠨᠢ ᠪᠠᠶᠢᠬᠤ ᠶᠢ | ᠦᠨᠡᠨ ᠬᠦ ᠮᠡᠳᠡᠷᠡᠭᠦᠯᠵᠡᠢ᠃ | 3 ᠰᠠᠷ᠎ᠠ ᠶᠢᠨ 19 ᠤ ᠡᠳᠦᠷ᠂ ᠪᠦᠭᠦ ᠣᠷᠣᠨ ᠤ ᠶᠡᠷᠦᠩᠬᠡᠶᠢᠯᠡᠨ ᠵᠠᠰᠠᠬᠤ ᠲᠥᠪ ᠤᠨ ᠳᠦᠷᠢᠮᠵᠢᠭᠰᠡᠨ | ᠪᠠᠶᠢᠭᠤᠯᠤᠯᠲᠠ ᠶᠢᠨ ᠲᠤᠬᠠᠢ ᠶᠢᠨ ᠲᠠᠯᠠᠪᠠᠶ ᠶᠢᠨ ᠠᠬᠢᠭᠤᠯᠬᠤ ᠬᠤᠷᠠᠯ ᠪᠤᠭᠤᠲᠤ ᠬᠤᠲᠠ ᠳᠤ ᠬᠤᠷᠠᠯᠳᠤᠵᠤ᠂ | ᠬᠤᠷᠠᠯ ᠠᠴᠠ ᠪᠦᠭᠦ ᠣᠷᠣᠨ ᠤ ᠶᠡᠷᠦᠩᠬᠡᠶᠢᠯᠡᠨ ᠵᠠᠰᠠᠬᠤ ᠲᠥᠪ ᠤᠨ ᠳᠦᠷᠢᠮᠵᠢᠭᠰᠡᠨ ᠪᠠᠶᠢᠭᠤᠯᠤᠯᠲᠠ ᠶᠢ ᠳᠠᠭᠢᠨ | ᠳᠠᠶᠢᠴᠢᠯᠠᠵᠤ ᠳᠠᠭᠢᠨ ᠪᠠᠶᠢᠷᠢᠯᠠᠭᠤᠯᠵᠤ᠂ ᠮᠠᠨ ᠤ ᠣᠷᠣᠨ ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠡᠬᠢ | ᠪᠠᠶᠠᠯᠢᠭ ᠢ ᠡᠮᠬᠢᠯᠡᠨ ᠨᠡᠶᠢᠯᠡᠭᠦᠯᠬᠦ᠂ ᠣᠯᠠᠨ ᠲᠦᠮᠡᠨ ᠳᠤ ᠳᠥᠭᠦᠮ ᠦᠵᠡᠭᠦᠯᠭᠦ᠂ ᠬᠠᠤᠯᠢ ᠪᠠᠷ ᠵᠠᠰᠠᠬᠤ ᠶᠢ | ᠠᠬᠢᠭᠤᠯᠬᠤ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠬᠤ ᠱᠠᠭᠠᠷᠳᠠᠯᠭ᠎ᠠ ᠶᠣᠰᠣᠭᠠᠷ᠂ ᠶᠡᠷᠦᠩᠬᠡᠶᠢᠯᠡᠨ ᠵᠠᠰᠠᠬᠤ | ᠲᠥᠪ ᠢ ᠳᠦᠷᠢᠮᠵᠢᠭᠦᠯᠦᠨ ᠪᠦᠲᠦᠭᠡᠨ ᠪᠠᠶᠢᠭᠤᠯᠬᠤ ᠶᠢ ᠲᠦᠷᠭᠡᠳᠬᠡᠨ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃ | — ᠵᠢᠭᠰᠠᠭᠠᠯ ᠤᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠵᠢᠷᠤᠮᠵᠢᠭᠤᠯᠤᠨ᠎ᠠ᠃ ᠪᠦᠲᠦᠭᠡᠨ ᠪᠠᠶᠢᠭᠤᠯᠬᠤ | ᠪᠠᠷᠢᠮᠵᠢᠶ᠎ᠠ ᠶᠢᠨ ᠲᠠᠯ᠎ᠠ ᠪᠠᠷ᠂ ᠵᠦᠢᠯ ᠳᠠᠷᠠᠭᠠᠯᠠᠨ ︽ᠳᠥᠷᠪᠡ ᠪᠠᠶᠢᠬᠤ︾ ᠪᠠᠷᠢᠮᠵᠢᠶ᠎ᠠ ᠲᠠᠢ ᠬᠠᠷᠢᠴᠠᠭᠤᠯᠵᠤ᠂ | ᠪᠦᠲᠦᠭᠡᠨ ᠪᠠᠶᠢᠭᠤᠯᠬᠤ ᠠᠬᠢᠴᠠ ᠪᠠᠨ ᠲᠦᠷᠭᠡᠳᠬᠡᠬᠦ ᠬᠡᠷᠡᠭᠲᠡᠢ᠃ ᠲᠠᠯᠠᠪᠠᠢ ᠭᠠᠵᠠᠷ ᠤᠨ ᠪᠠᠶᠢᠷᠢᠯᠠᠭᠤᠯᠤᠯᠲᠠ ᠶᠢᠨ | ᠲᠠᠯ᠎ᠠ ᠪᠠᠷ᠂ ᠰᠢᠶᠠᠨ ᠤ ᠱᠠᠲᠤᠨ ᠤ ᠶᠡᠷᠦᠩᠬᠡᠶᠢᠯᠡᠨ ᠵᠠᠰᠠᠬᠤ ᠲᠥᠪ ᠤᠨ ᠬᠢᠨ ᠵᠥᠷᠢᠴᠡᠯ ᠵᠠᠭᠤᠷᠠᠯᠳᠤᠭᠠᠨ ᠢ | ᠨᠠᠮᠳᠠᠭᠤᠯᠬᠤ ᠬᠠᠤᠯᠢ ᠪᠠᠷ ᠵᠠᠰᠠᠬᠤ ︽ᠵᠠᠮ ᠱᠤᠭᠤᠮ ᠤᠨ ᠵᠢᠷᠤᠭ︾ ᠪᠠ ᠲᠤᠬᠠᠶᠢᠯᠠᠭᠰᠠᠨ ᠠᠵᠢᠯ ᠤᠨ ᠶᠠᠪᠤᠴᠠ | ᠶᠣᠰᠣᠭᠠᠷ᠂ ᠬᠥᠲᠥᠯᠥᠨ ᠵᠢᠯᠤᠭᠤᠳᠴᠤ ᠭᠥᠯᠢᠶᠡᠨ ᠠᠪᠴᠤ ᠰᠢᠢᠳᠪᠦᠷᠢᠯᠡᠬᠦ᠂ ᠣᠯᠠᠨ ᠡᠰᠢᠵᠢᠭᠦᠯᠦᠨ ᠰᠢᠢᠳᠪᠦᠷᠢᠯᠡᠬᠦ᠂ | ᠵᠢᠯᠣᠭᠤᠳᠤᠨ ᠲᠣᠬᠢᠷᠠᠭᠤᠯᠬᠤ 3 ᠴᠢᠳᠠᠮᠵᠢᠲᠤ ᠣᠷᠣᠨ ᠢ ᠲᠣᠬᠢᠷᠠᠭᠤᠯᠵᠤ᠂ ᠰᠢᠶᠠᠩ ᠪᠠᠯᠭᠠᠰᠤᠨ ᠤ ᠶᠡᠷᠦᠩᠬᠡᠶᠢᠯᠡᠨ | ᠵᠠᠰᠠᠬᠤ ᠲᠥᠪ ᠲᠤ ᠭᠥᠯᠢᠶᠡᠨ ᠠᠪᠬᠤ᠂ ᠡᠶᠡᠳᠡᠭᠦᠯᠬᠦ᠂ ᠠᠯᠪᠠᠯᠠᠬᠤ 3 ᠭᠤᠣᠯ ᠴᠢᠳᠠᠮᠵᠢᠲᠤ ᠣᠷᠣᠨ ᠪᠦᠰᠡ | ᠲᠣᠬᠢᠷᠠᠭᠤᠯᠵᠠᠢ᠃ ᠰᠠᠯᠠᠭ᠎ᠠ ᠮᠥᠴᠢᠷ ᠤᠨ ᠣᠷᠣᠵᠤ ᠰᠠᠭᠤᠬᠤ ᠲᠠᠯ᠎ᠠ ᠪᠠᠷ᠂ ᠵᠥᠷᠢᠴᠡᠯ ᠵᠠᠭᠤᠷᠠᠯᠳᠤᠭᠠᠨ ᠢ | ᠡᠶᠡᠳᠡᠭᠦᠯᠬᠦ᠂ ᠵᠠᠷᠭᠤ ᠶᠢᠨ ᠦᠢᠯᠡᠴᠢᠯᠡᠭᠡ᠂ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡ᠂ ᠵᠠᠬᠢᠳᠠᠯ | ᠰᠤᠷᠪᠤᠯᠵᠢᠯᠠᠯ ᠢ ᠭᠥᠯᠢᠶᠡᠨ ᠠᠪᠬᠤ ᠵᠡᠷᠭᠡ ᠣᠯᠠᠨ ᠲᠥᠪ ᠢ ᠨᠢᠭᠡᠳᠬᠡᠬᠦ ᠶᠢ ᠠᠬᠢᠭᠤᠯᠵᠤ᠂ ᠱᠠᠭᠠᠷᠳᠠᠯᠭ᠎ᠠ ᠶᠣᠰᠣᠭᠠᠷ | ᠬᠠᠮᠢᠶ᠎ᠠ ᠪᠦᠬᠦᠢ ᠰᠠᠯᠠᠭ᠎ᠠ ᠮᠥᠴᠢᠷ ᠤᠨ ᠣᠷᠣᠵᠤ ᠰᠠᠭᠤᠬᠤ ᠶᠢ ᠠᠬᠢᠭᠤᠯᠵᠤ᠂ ᠪᠣᠳᠠᠲᠠᠢ ᠲᠠᠢ ᠪᠠᠨ ᠤᠶᠠᠯᠳᠤᠭᠤᠯᠤᠨ | ᠪᠠᠶᠢᠩᠭᠤ ᠰᠠᠭᠤᠬᠤ ᠪᠤᠶᠤ ᠡᠭᠡᠯᠵᠢᠯᠡᠨ ᠰᠠᠭᠤᠬᠤ ᠰᠠᠯᠠᠭ᠎ᠠ ᠮᠥᠴᠢᠷ ᠲᠤ ᠬᠥᠳᠡᠯᠦᠩᠭᠦᠢ ᠪᠠᠷ ᠲᠣᠬᠢᠷᠠᠭᠤᠯᠤᠯᠲᠠ | ᠬᠢᠵᠦ᠂ ᠣᠯᠠᠨ ᠲᠦᠮᠡᠨ ᠤ ᠵᠥᠷᠢᠴᠡᠯ ᠵᠠᠭᠤᠷᠠᠯᠳᠤᠭᠠᠨ ᠢ ᠠᠷᠢᠯᠭᠠᠬᠤ ᠳᠤ ︽ᠬᠠᠮᠤᠭ ᠤᠨ ᠤᠯᠠᠨ ᠳᠠᠭᠠᠨ ᠨᠢᠭᠡᠯᠡ | ᠭᠠᠵᠠᠷ ᠲᠤ ᠰᠢᠢᠳᠪᠦᠷᠢᠯᠡᠬᠦ︾ ᠶᠢ ᠪᠡᠶᠡᠯᠡᠭᠦᠯᠦᠨ᠎ᠡ᠃ | — ᠭᠤᠣᠯ ᠡᠭᠦᠷᠭᠡ ᠴᠢᠳᠠᠪᠬᠢ ᠶᠢᠨ ᠪᠠᠶᠢᠷᠢ ᠲᠣᠭᠲᠠᠭᠠᠯᠲᠠ ᠶᠢ ᠲᠣᠳᠣᠷᠬᠠᠶᠢᠯᠠᠨ᠎ᠠ᠃ ᠨᠢᠭᠡᠳᠦᠯᠲᠡᠢ | ᠲᠥᠯᠥᠪᠯᠡᠨ ᠵᠣᠬᠢᠴᠠᠭᠤᠯᠬᠤ᠂ ᠳᠡᠮᠵᠢᠬᠦ ᠪᠠ ᠴᠢᠳᠠᠮᠵᠢ ᠣᠯᠭᠤᠬᠤ᠂ ᠵᠢᠯᠣᠭᠤᠳᠤᠨ ᠲᠣᠬᠢᠷᠠᠭᠤᠯᠬᠤ ᠴᠢᠳᠠᠪᠬᠢ ᠶᠢ | ᠲᠣᠪᠤᠶᠢᠯᠭᠠᠨ᠂ ᠭᠠᠵᠠᠷ ᠣᠷᠣᠨ ᠠᠯᠤᠰᠯᠠᠭᠰᠠᠨ ᠪᠠ ᠰᠠᠯᠠᠭ᠎ᠠ ᠮᠥᠴᠢᠷ ᠠᠯᠤᠰᠯᠠᠭᠰᠠᠨ ᠴᠢᠬᠤᠯᠠ ᠶᠡᠭᠡ ᠬᠦᠴᠢᠷ | ᠲᠦᠪᠡᠭᠲᠡᠢ ᠨᠠᠷᠢᠨ ᠪᠤᠳᠤᠯᠢᠶᠠᠨᠲᠠᠢ ᠵᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠠᠶᠢᠮᠠᠭ ᠬᠤᠲᠠ ᠶᠢᠨ | ᠶᠡᠷᠦᠩᠬᠡᠶᠢᠯᠡᠨ ᠵᠠᠰᠠᠬᠤ ᠲᠥᠪ ᠢ ᠣᠷᠣᠨ ᠪᠦᠰᠡ ᠶᠢᠨ ᠵᠢᠯᠤᠭᠤᠳᠬᠤ ᠲᠠᠪᠴᠠᠩ ᠪᠣᠯᠭᠠᠨ ᠪᠠᠶᠢᠭᠤᠯᠤᠨ᠎ᠠ᠃ | ︽ᠲᠥᠪᠯᠡᠷᠡᠭᠦᠯᠦᠨ ᠭᠦᠢᠴᠡᠳᠬᠡᠬᠦ︾ ᠪᠠ ︽ᠨᠢᠭᠡ ᠥᠷᠲᠡᠭᠡᠴᠢᠯᠡᠭᠰᠡᠨ ᠮᠠᠶ᠋ᠢᠭ︾ ᠤᠨ ᠪᠠᠶᠢᠷᠢ ᠲᠣᠭᠲᠠᠭᠠᠯᠲᠠ ᠳᠤ | ᠰᠠᠭᠤᠷᠢᠯᠠᠨ᠂ ᠬᠤᠰᠢᠭᠤ ᠰᠢᠶᠠᠨ ᠤ ᠶᠡᠷᠦᠩᠬᠡᠶᠢᠯᠡᠨ ᠵᠠᠰᠠᠬᠤ ᠲᠥᠪ ᠢ ᠪᠦᠭᠦ ᠬᠦᠴᠦᠨ ᠵᠦᠢᠯ ᠤᠨ ᠶᠡᠷᠦᠩᠬᠡᠶᠢᠯᠡᠭᠰᠡᠨ | ᠪᠣᠳᠠᠲᠠᠢ ᠠᠵᠢᠯᠯᠠᠬᠤ ᠲᠠᠪᠴᠠᠩ ᠪᠣᠯᠭᠠᠨ ᠪᠠᠶᠢᠭᠤᠯᠤᠨ᠎ᠠ᠃ ᠵᠥᠷᠢᠴᠡᠯ ᠪᠠ ᠠᠶᠤᠯ ᠲᠦᠭᠰᠢᠭᠦᠷᠢ ᠶᠢ ᠵᠢᠭᠰᠠᠭᠠᠨ | ᠪᠠᠶᠢᠴᠠᠭᠠᠬᠤ ᠪᠠ ᠠᠷᠢᠯᠭᠠᠬᠤ ᠴᠢᠳᠠᠮᠵᠢ ᠶᠢ ᠳᠣᠪᠤᠶᠢᠯᠭᠠᠵᠤ᠂ ᠰᠢᠶᠠᠩ ᠪᠠᠯᠭᠠᠰᠤᠨ ᠤ ᠶᠡᠷᠦᠩᠬᠡᠶᠢᠯᠡᠨ ᠵᠠᠰᠠᠬᠤ | ᠲᠥᠪ ᠢ ᠦᠨᠳᠦᠰᠦᠨ ᠱᠠᠲᠤᠨ ᠤ ᠬᠦᠢᠰᠦ ᠲᠠᠪᠴᠠᠩ ᠪᠣᠯᠭᠠᠨ ᠪᠠᠶᠢᠭᠤᠯᠵᠤ᠂ ᠵᠥᠷᠢᠴᠡᠯ ᠵᠠᠭᠤᠷᠠᠯᠳᠤᠭᠠᠨ ᠢ | ᠰᠡᠷᠭᠡᠶᠢᠯᠡᠨ ᠠᠷᠢᠯᠭᠠᠬᠤ ︽ᠡᠮᠦᠨ᠎ᠡ ᠹᠷᠣᠨᠲ ᠤᠨ ᠵᠢᠭᠰᠠᠭᠠᠯ ᠤᠨ ᠭᠠᠵᠠᠷ︾ ᠪᠣᠯᠭᠠᠨ᠎ᠠ᠃ | — ᠪᠢᠴᠢᠯ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ︽ᠨᠠᠮ ᠤᠨ ᠳᠤᠭᠤᠶᠢᠯᠠᠩ + | ᠲᠣᠣᠷᠵᠢᠭᠤᠯᠤᠬᠰᠠᠨ ᠬᠠᠮᠢᠶᠠᠷᠤᠯᠲᠠ ᠶᠢᠨ ᠠᠵᠢᠯᠲᠠᠨ + ᠨᠢᠭᠡᠴᠢ ᠶᠢᠨ ᠳᠠᠷᠤᠭ᠎ᠠ ︵ᠬᠤᠯᠪᠣᠭᠠᠲᠤ ᠡᠷᠦᠭᠡ ᠶᠢᠨ | ᠳᠠᠷᠤᠭ᠎ᠠ︶︾ ᠶᠢᠨ ᠦᠨᠳᠦᠰᠦᠨ ᠱᠠᠲᠤᠨ ᠤ ᠪᠢᠴᠢᠯ ᠵᠠᠰᠠᠯᠲᠠ ᠶᠢᠨ ᠲᠣᠭᠲᠠᠮᠠᠯ ᠰᠢᠰᠲ᠋ᠧᠮ ᠢ ᠤᠯᠠᠮ ᠨᠢᠭᠡ ᠠᠯᠬᠤᠮ | ᠲᠡᠭᠦᠯᠳᠡᠷᠵᠢᠭᠦᠯᠵᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠳᠣᠣᠷ᠎ᠠ ᠣᠯᠠᠨ ᠲᠦᠮᠡᠨ ᠤ | ᠥᠪᠡᠷ ᠲᠡᠭᠡᠨ ᠵᠠᠰᠠᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠵᠢᠭᠰᠠᠭᠠᠨ ᠪᠠᠶᠢᠴᠠᠭᠠᠵᠤ ᠤᠷᠢᠳᠴᠢᠯᠠᠨ | ᠰᠡᠷᠭᠡᠶᠢᠯᠡᠬᠦ ᠪᠠ ᠦᠢᠯᠡᠴᠢᠯᠡᠨ ᠵᠠᠰᠠᠬᠤ ᠶᠢ ᠠᠰᠠᠷ ᠬᠦᠷᠢᠶ᠎ᠡ᠂ ᠭᠡᠷ ᠪᠦᠯᠢ ᠲᠡᠶᠢᠰᠢ ᠤᠷᠲᠤᠳᠬᠠᠬᠤ ᠶᠢ ᠠᠬᠢᠭᠤᠯᠵᠤ᠂ | ᠵᠥᠷᠢᠴᠡᠯ ᠪᠠ ᠠᠶᠤᠯ ᠲᠦᠭᠰᠢᠭᠦᠷᠢ ᠶᠢ ᠡᠷᠲᠡ ᠢᠯᠡᠷᠡᠭᠦᠯᠦᠨ ᠪᠠᠭ᠎ᠠ ᠳᠡᠭᠡᠷ᠎ᠡ ᠨᠢ ᠰᠢᠢᠳᠪᠦᠷᠢᠯᠡᠵᠦ᠂ | ᠲᠣᠣᠷᠵᠢᠭᠤᠯᠤᠬᠰᠠᠨ ᠬᠠᠮᠢᠶᠠᠷᠤᠯᠲᠠ ᠶᠢ ᠦᠨᠡᠨ ᠬᠦ ᠠᠮᠤᠷ ᠠᠮᠤᠭᠤᠯᠠᠩ ᠪᠦᠲᠦᠭᠡᠨ ᠪᠠᠶᠢᠭᠤᠯᠤᠯᠲᠠ ᠶᠢᠨ ᠰᠠᠭᠤᠷᠢ | ᠪᠣᠯᠭᠠᠨ ᠴᠣᠭᠴᠠᠯᠠᠨ᠎ᠠ᠃ | — ᠮᠡᠳᠡᠭᠡ ᠵᠠᠩᠭᠢᠴᠢᠯᠠᠯᠲᠠ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠲᠤᠭ᠎ᠠ ᠪᠠᠷᠢᠮᠲᠠ ᠶᠢ ᠴᠤᠭᠯᠠᠭᠤᠯᠬᠤ | ᠲᠣᠭᠲᠠᠴᠠ ᠶᠢ ᠪᠦᠷᠢᠨᠰᠢᠭᠦᠯᠵᠦ᠂ ᠮᠡᠳᠡᠭᠡ ᠵᠠᠩᠭᠢ ᠶᠢ ᠶᠡᠷᠦᠩᠬᠡᠶᠢᠯᠡᠨ ᠵᠠᠰᠠᠬᠤ ᠲᠥᠪ ᠲᠤ ᠪᠦᠭᠦ ᠬᠡᠮᠵᠢᠶ᠎ᠡ ᠪᠠᠷ | ᠲᠥᠪᠯᠡᠷᠡᠭᠦᠯᠬᠦ ᠶᠢ ᠠᠬᠢᠭᠤᠯᠵᠤ᠂ ᠡᠯ᠎ᠡ ᠲᠥᠷᠥᠯ ᠤᠨ ᠲᠤᠭ᠎ᠠ ᠪᠠᠷᠢᠮᠲᠠ ᠶᠢ ᠪᠦᠭᠦ ᠬᠡᠮᠵᠢᠶ᠎ᠡ ᠪᠠᠷ ᠡᠵᠡᠮᠰᠢᠨ᠂ | ᠪᠢᠲᠡᠭᠦᠦ ᠪᠠᠷ ᠡᠷᠭᠢᠯᠳᠦᠭᠦᠯᠬᠦ ᠶᠢ ᠪᠡᠶᠡᠯᠡᠭᠦᠯᠦᠨ᠎ᠡ᠃ ᠵᠥᠷᠢᠴᠡᠯ ᠵᠠᠭᠤᠷᠠᠯᠳᠤᠭᠠᠨ ᠤ ᠪᠦᠲᠦᠴᠡ ᠶᠢᠨ ᠵᠠᠳᠠᠯᠤᠯᠲᠠ᠂ | ᠣᠶᠤᠨᠴᠢᠯᠠᠭᠰᠠᠨ ᠰᠤᠳᠤᠯᠤᠨ ᠮᠠᠭᠠᠳᠯᠠᠯᠲᠠ ᠶᠢ ᠴᠢᠩᠭᠠᠳᠬᠠᠵᠤ᠂ ᠵᠥᠷᠢᠴᠡᠯ ᠵᠠᠭᠤᠷᠠᠯᠳᠤᠭᠠᠨ ᠤ ᠬᠥᠭᠵᠢᠯᠲᠡ ᠶᠢᠨ | ᠪᠠᠶᠢᠳᠠᠯ ᠢ ᠬᠥᠳᠡᠯᠦᠩᠭᠦᠢ ᠪᠠᠷ ᠡᠵᠡᠮᠳᠡᠨ᠎ᠡ᠃ | ᠶᠡᠷᠦᠩᠬᠡᠶᠢᠯᠡᠨ ᠵᠠᠰᠠᠬᠤ ᠲᠥᠪ ᠤᠨ ᠦᠢᠯᠡᠳᠦᠯ ᠢ ᠦᠨᠡᠨ ᠬᠦ ᠪᠠᠳᠠᠷᠠᠭᠤᠯᠵᠤ᠂ ᠶᠡᠷᠦᠩᠬᠡᠶᠢᠯᠡᠨ ᠵᠠᠰᠠᠬᠤ | ᠲᠥᠪ ᠤᠨ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠭᠦ ᠶᠢᠨ ᠲᠥᠯᠥᠭᠡ᠂ ᠮᠠᠨ ᠤ ᠣᠷᠣᠨ | ᠶᠡᠷᠦᠩᠬᠡᠶᠢᠯᠡᠨ ᠵᠠᠰᠠᠬᠤ ᠲᠥᠪ ᠤᠨ ᠳᠦᠷᠢᠮ ᠲᠣᠭᠲᠠᠴᠠ ᠶᠢ ᠲᠡᠭᠦᠯᠳᠡᠷᠵᠢᠭᠦᠯᠬᠦ᠂ ᠤᠬᠠᠭᠤᠯᠵᠤ ᠬᠥᠲᠥᠯᠥᠨ | ᠵᠢᠯᠤᠭᠤᠳᠬᠤ ᠵᠡᠷᠭᠡ ᠲᠠᠯ᠎ᠠ ᠪᠠᠷ ᠲᠠᠰᠤᠷᠠᠯᠲᠠ ᠦᠭᠡᠢ ᠬᠦᠴᠦᠯᠡᠵᠦ᠂ ᠶᠡᠷᠦᠩᠬᠡᠶᠢᠯᠡᠨ ᠵᠠᠰᠠᠬᠤ ᠲᠥᠪ ᠤᠨ | ᠠᠵᠢᠯᠯᠠᠭᠠᠨ ᠤ ᠥᠨᠳᠥᠷ ᠦᠷ᠎ᠡ ᠪᠦᠲᠦᠮᠵᠢᠲᠡᠶ ᠪᠥᠭᠡᠳ ᠰᠠᠭᠠᠳ ᠦᠭᠡᠢ ᠪᠠᠶᠢᠬᠤ ᠶᠢ ᠦᠨᠡᠨ ᠬᠦ ᠪᠠᠲᠤᠯᠠᠵᠤ᠂ | ᠵᠥᠷᠢᠴᠡᠯ ᠵᠠᠭᠤᠷᠠᠯᠳᠤᠭᠠᠨ ᠢ ᠬᠥᠲᠥᠯᠥᠨ ᠵᠢᠯᠤᠭᠤᠳᠴᠤ ᠶᠡᠷᠦᠩᠬᠡᠶᠢᠯᠡᠨ ᠵᠠᠰᠠᠬᠤ ᠲᠥᠪ ᠲᠡᠶᠢᠰᠢ ᠲᠥᠪᠯᠡᠷᠡᠭᠦᠯᠵᠦ᠂ | ᠶᠡᠷᠦᠩᠬᠡᠶᠢᠯᠡᠨ ᠵᠠᠰᠠᠬᠤ ᠲᠥᠪ ᠢ ᠵᠥᠷᠢᠴᠡᠯ ᠵᠠᠭᠤᠷᠠᠯᠳᠤᠭᠠᠨ ᠢ ᠠᠷᠢᠯᠭᠠᠬᠤ ᠶᠢᠨ ᠲᠡᠷᠢᠭᠦᠨ ᠰᠣᠩᠭᠤᠯᠲᠠ ᠶᠢᠨ | ᠭᠠᠵᠠᠷ᠂ ᠲᠥᠪᠯᠡᠷᠡᠭᠦᠯᠵᠦ ᠲᠠᠷᠬᠠᠭᠠᠬᠤ ᠭᠠᠵᠠᠷ᠂ ᠲᠡᠭᠦᠰᠬᠡᠯ ᠤᠨ ᠭᠠᠵᠠᠷ ᠪᠣᠯᠭᠠᠨ᠎ᠠ᠃ | ᠶᠡᠷᠦᠩᠬᠡᠶᠢᠯᠡᠨ ᠵᠠᠰᠠᠬᠤ ᠲᠥᠪ ᠢ ᠵᠢᠷᠤᠮᠵᠢᠭᠤᠯᠬᠤ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠠᠵᠢᠯ ᠤᠨ | ᠠᠷᠭ᠎ᠠ ᠬᠡᠮᠵᠢᠶ᠎ᠡ ᠨᠢᠭᠡ ᠪᠦᠷᠢ ᠶᠢ ᠠᠯᠬᠤᠮ ᠠᠯᠬᠤᠮ ᠢᠶᠠᠷ ᠨᠠᠶᠢᠳᠠᠪᠤᠷᠢᠵᠢᠭᠤᠯᠬᠤ ᠨᠢ ᠮᠠᠨ ᠤ ᠣᠷᠣᠨ ᠤ ᠨᠡᠶᠢᠭᠡᠮ ᠤᠨ | ᠵᠠᠰᠠᠯᠲᠠ ᠶᠢᠨ ᠦᠷ᠎ᠡ ᠪᠦᠲᠦᠮᠵᠢ ᠶᠢ ᠲᠦᠢᠯ ᠤᠨ ᠶᠡᠭᠡ ᠪᠠᠷ ᠬᠥᠭᠡᠭᠡᠴᠡᠯᠳᠦᠵᠦ ᠪᠠᠶᠢᠬᠤ ᠶᠢ ᠢᠯᠡᠷᠡᠭᠦᠯᠵᠦ ᠪᠤᠢ᠃ | ᠰᠡᠷᠭᠡᠶᠢᠯᠡᠬᠦ ᠳᠤ ᠰᠠᠭᠤᠷᠢᠯᠠᠵᠤ᠂ ᠡᠶᠡᠳᠡᠭᠦᠯᠬᠦ ᠳᠤ ᠰᠠᠭᠤᠷᠢᠯᠠᠵᠤ᠂ ᠬᠠᠤᠯᠢ ᠪᠠᠷ ᠵᠠᠰᠠᠬᠤ ᠳᠤ ᠰᠠᠭᠤᠷᠢᠯᠠᠵᠤ᠂ | ᠦᠨᠳᠦᠰᠦᠨ ᠱᠠᠲᠤᠨ ᠳᠤ ᠰᠠᠭᠤᠷᠢᠯᠠᠨ᠎ᠠ᠃ ᠮᠠᠨ ᠤ ᠣᠷᠣᠨ ᠶᠠᠭ ᠶᠡᠷᠦᠩᠬᠡᠶᠢᠯᠡᠨ ᠵᠠᠰᠠᠬᠤ ᠲᠥᠪ ᠢᠶᠠᠷ | ᠲᠤᠯᠭᠠᠭᠤᠷᠢᠯᠠᠬᠤ ᠴᠡᠭ ᠪᠤᠯᠭᠠᠵᠤ᠂ ᠨᠡᠶᠢᠭᠡᠮ ᠤᠨ ᠵᠠᠰᠠᠯᠲᠠ ᠶᠢᠨ ᠦᠨᠳᠦᠰᠦᠨ ᠱᠠᠲᠤᠨ ᠤ ᠰᠠᠭᠤᠷᠢ ᠶᠢ ᠴᠢᠨᠠᠭᠰᠢᠳᠠ | ᠪᠠᠬᠢᠵᠢᠭᠦᠯᠵᠦ᠂ ᠠᠮᠤᠷ ᠠᠮᠤᠭᠤᠯᠠᠩ ᠤᠨ ᠪᠠᠶᠢᠭᠤᠯᠤᠯᠲᠠ ᠶᠢᠨ ᠰᠠᠭᠤᠷᠢ ᠶᠢ ᠪᠠᠬᠢᠵᠢᠭᠦᠯᠵᠦ᠂ ᠡᠬᠡ ᠤᠯᠤᠰ ᠤᠨ | ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠨᠠᠩ ᠪᠠᠲᠤ ᠪᠠᠬᠢ ᠪᠤᠯᠭᠠᠵᠤ ᠪᠤᠢ᠃ |