ᠰᠢᠨ᠎ᠡ ᠬᠡᠯᠪᠡᠷᠢ ᠶᠢᠨ ᠡᠨᠧᠷᠭᠢ ᠨᠦᠭᠡᠴᠡᠯᠡᠬᠦ ᠬᠦᠭᠵᠢᠯᠲᠡ ᠶᠢ ᠴᠢᠨᠠᠭᠰᠢᠲᠡ ᠠᠬᠢᠭᠤᠯᠬᠤ ᠶᠢᠨ ᠲᠦᠯᠥᠭᠡ᠂ | ᠣᠶᠢᠷ᠎ᠠ ᠳᠤ ᠥᠪᠡᠷᠲᠡᠭᠡᠨ ᠵᠠᠰᠠᠬᠤ ᠣᠷᠣᠨ ᠤ ᠡᠨᠧᠷᠬᠢ ᠶᠢᠨ ᠲᠣᠪᠴᠢᠶ᠎ᠡ ︽ᠰᠢᠨ᠎ᠡ ᠬᠡᠯᠪᠡᠷᠢ ᠶᠢᠨ ᠡᠨᠧᠷᠬᠢ | ᠨᠦᠭᠡᠴᠡᠯᠡᠬᠦ ᠪᠦᠲᠦᠭᠡᠨ ᠪᠠᠶᠢᠭᠤᠯᠤᠯᠲᠠ ᠶᠢ ᠲᠦᠷᠭᠡᠳᠭᠡᠬᠦ ᠲᠤᠬᠠᠢ ᠮᠡᠳᠡᠭᠳᠡᠯ︾ ︵ᠲᠣᠷᠣᠭᠰᠢ ︽ᠮᠡᠳᠡᠭᠳᠡᠯ︾ ᠭᠡᠵᠦ | ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ | ︽ᠮᠡᠳᠡᠭᠳᠡᠯ︾ ᠳᠤ ᠪᠠᠭᠲᠠᠭᠠᠮᠵᠢ ᠶᠢ ᠨᠥᠭᠦᠪᠥᠷᠢᠯᠡᠬᠦ ᠠᠮᠢᠳᠤᠯᠢᠭ ᠪᠠᠷᠢᠮᠵᠢᠶ᠎ᠠ ᠶᠢ ᠲᠣᠳᠤᠷᠬᠠᠢ ᠲᠣᠭᠲᠠᠭᠠᠪᠠ᠃ | ᠥᠪᠡᠷᠲᠡᠭᠡᠨ ᠵᠠᠰᠠᠬᠤ ᠣᠷᠣᠨ ᠤ ᠪᠡᠶ᠎ᠡ ᠪᠠᠨ ᠳᠠᠭᠠᠭᠠᠭᠰᠠᠨ ᠰᠢᠨ᠎ᠡ ᠬᠡᠯᠪᠡᠷᠢ ᠶᠢᠨ ᠡᠨᠧᠷᠬᠢ ᠨᠦᠭᠡᠴᠡᠯᠡᠬᠦ ᠴᠠᠬᠢᠯᠭᠠᠨ | ᠥᠷᠲᠡᠭᠡ ᠶᠢᠨ ᠲᠦᠯᠥᠪᠵᠢᠭᠦᠯᠭᠡ ᠳᠤ ᠣᠷᠣᠭᠤᠯᠤᠭᠰᠠᠨ ᠪᠡᠶ᠎ᠡ ᠪᠠᠨ ᠳᠠᠭᠠᠭᠠᠭᠰᠠᠨ ᠰᠢᠨ᠎ᠡ ᠬᠡᠯᠪᠡᠷᠢ ᠶᠢᠨ ᠡᠨᠧᠷᠬᠢ | ᠨᠦᠭᠡᠴᠡᠯᠡᠬᠦ ᠴᠠᠬᠢᠯᠭᠠᠨ ᠥᠷᠲᠡᠭᠡ ᠠᠴᠠ ᠨᠡᠶᠢᠲᠡ ᠶᠢᠨ ᠬᠡᠷᠡᠭᠯᠡᠭᠡᠨ ᠤ ᠴᠠᠬᠢᠯᠭᠠᠨ ᠳᠣᠣᠷ ᠲᠤ ᠴᠠᠬᠢᠯᠭᠠᠨ ᠭᠠᠷᠭᠠᠭᠰᠠᠨ | ᠬᠡᠮᠵᠢᠶ᠎ᠠ ᠶᠢ ᠨᠦᠭᠦᠪᠦᠷᠢᠯᠡᠬᠦ᠂ ᠨᠥᠭᠦᠪᠦᠷᠢᠯᠡᠬᠦ ᠪᠠᠷᠢᠮᠵᠢᠶ᠎ᠡ ᠶᠢ ᠨᠢᠭᠡ ᠵᠢᠯ ᠳᠤ ᠨᠢᠭᠡ ᠤᠳᠠᠭ᠎ᠠ ᠲᠣᠭᠲᠠᠭᠠᠵᠤ᠂ ᠵᠢᠯ | ᠪᠦᠷᠢ ᠶᠢᠨ 9 ᠰᠠᠷ᠎ᠠ ᠶᠢᠨ ᠰᠡᠭᠦᠯᠴᠢ ᠠᠴᠠ ᠡᠮᠤᠨ᠎ᠡ ᠳᠠᠷᠠᠭ᠎ᠠ ᠵᠢᠯ ᠤᠨ ᠨᠥᠭᠦᠪᠥᠷᠢᠯᠡᠬᠦ ᠪᠠᠷᠢᠮᠵᠢᠶ᠎ᠡ ᠶᠢ ᠨᠡᠶᠢᠲᠡᠯᠡᠵᠤ᠂ | ᠨᠥᠭᠦᠪᠥᠷᠢᠯᠡᠬᠦ ᠪᠠᠷᠢᠮᠵᠢᠶ᠎ᠡ ᠶᠢ ᠲᠣᠳᠣᠷᠬᠠᠶᠢᠯᠠᠭᠰᠠᠨ ᠤ ᠲᠠᠷᠠᠭᠠᠬᠢ ᠬᠡᠷᠡᠭᠵᠢᠭᠦᠯᠬᠦ ᠴᠠᠭ ᠨᠢ 10 ᠵᠢᠯ ᠪᠣᠯᠣᠨ᠎ᠠ ᠭᠡᠵᠦ | ᠳᠤᠷᠠᠳᠪᠠ᠃ 2025 ᠣᠨ ᠤ ᠪᠡᠶ᠎ᠡ ᠪᠠᠨ ᠳᠠᠭᠠᠭᠠᠭᠰᠠᠨ ᠰᠢᠨ᠎ᠡ ᠬᠡᠯᠪᠡᠷᠢ ᠶᠢᠨ ᠡᠨᠧᠷᠬᠢ ᠨᠦᠭᠡᠴᠡᠯᠡᠬᠦ ᠴᠠᠬᠢᠯᠭᠠᠨ | ᠥᠷᠲᠡᠭᠡ ᠶᠢᠨ ᠨᠦᠭᠦᠪᠦᠷᠢᠯᠡᠬᠦ ᠪᠠᠷᠢᠮᠵᠢᠶ᠎ᠡ ᠨᠢ ᠺᠢᠯᠣᠸᠠᠲ ᠴᠠᠭ ᠲᠤ 0.35 ᠲᠦᠭᠦᠷᠢᠭ᠂ 2025 ᠣᠨ ᠤ 6 | ᠰᠠᠷ᠎ᠠ ᠶᠢᠨ 30 ᠤ ᠡᠳᠤᠷ ᠠᠴᠠ ᠡᠮᠤᠨ᠎ᠡ ᠠᠵᠢᠯ ᠡᠬᠢᠯᠡᠭᠦᠯᠵᠦ ᠲᠡᠶᠢᠯᠬᠦ ᠦᠭᠡᠢ ᠪᠡᠶ᠎ᠡ ᠪᠠᠨ ᠳᠠᠭᠠᠭᠠᠭᠰᠠᠨ ᠰᠢᠨ᠎ᠡ | ᠬᠡᠯᠪᠡᠷᠢ ᠶᠢᠨ ᠡᠨᠧᠷᠬᠢ ᠨᠦᠭᠡᠴᠡᠯᠡᠬᠦ ᠴᠡᠬᠢᠯᠭᠠᠨ ᠥᠷᠳᠡᠭᠡ ᠶᠢᠨ ᠲᠥᠷᠤᠯ ᠵᠦᠢᠯ ᠳᠤ 2025 ᠣᠨ ᠤ ᠨᠥᠭᠦᠪᠦᠷᠢᠯᠡᠬᠦ | ᠪᠠᠷᠢᠮᠵᠢᠶ᠎ᠡ ᠶᠢ ᠬᠡᠷᠡᠭᠵᠢᠭᠦᠯᠭᠦ ᠦᠭᠡᠢ᠃ ᠣᠶᠢᠯᠠᠭᠠᠭᠰᠠᠨ ᠢᠶᠠᠷ᠂ ᠲᠣᠰ ᠪᠠᠭᠳᠠᠭᠠᠮᠵᠢ ᠶᠢ ᠨᠥᠭᠦᠪᠦᠷᠢᠯᠡᠬᠦ | ᠪᠠᠷᠢᠮᠵᠢᠶ᠎ᠠ ᠨᠢ ᠬᠠᠮᠤᠭ ᠤᠨ ᠦᠨᠳᠤᠷ᠂ ᠨᠥᠭᠦᠪᠦᠷᠢᠯᠡᠬᠦ ᠴᠠᠭ ᠨᠢ ᠬᠠᠮᠤᠭ ᠤᠨ ᠤᠷᠲᠤ ᠭᠡᠬᠦ ᠬᠤᠶᠠᠷ ᠪᠥᠬᠦ | ᠤᠯᠤᠰ ᠲᠤ ᠲᠡᠷᠢᠭᠦᠨ ᠢ ᠡᠭᠦᠳᠪᠠ᠃ | ᠣᠶᠢᠯᠠᠭᠠᠭᠰᠠᠨ ᠢᠶᠠᠷ᠂ ᠲᠣᠰ ᠨᠦᠭᠦᠪᠦᠷᠢᠯᠡᠬᠦ ᠬᠤᠭᠤᠴᠠᠭ᠎ᠠ ᠨᠢ ᠴᠠᠬᠢᠯᠭᠠᠨ ᠬᠢᠮᠢ ᠶᠢᠨ ᠡᠨᠧᠷᠬᠢ ᠨᠦᠭᠡᠴᠡᠯᠡᠬᠦ | ᠴᠠᠬᠢᠯᠭᠠᠨ ᠦᠷᠲᠡᠭᠡᠨ ᠤ ᠠᠵᠢᠯᠯᠠᠭᠠᠨ ᠤ ᠦᠶᠡᠯᠡᠯ ᠢ ᠪᠦᠷᠢᠨ ᠬᠠᠮᠤᠷᠴᠤ᠂ ᠠᠵᠤ ᠠᠬᠤᠶᠢᠯᠡᠯ ᠤᠨ ᠳᠠᠷᠤᠭᠠᠰᠤ ᠶᠢ | ᠬᠦᠩᠭᠡᠷᠡᠭᠦᠯᠵᠤ᠂ ᠪᠡᠯᠡ ᠣᠷᠣᠭᠤᠯᠤᠯᠲᠠ ᠶᠢᠨ ᠬᠠᠷᠢᠭᠤ ᠦᠷ᠎ᠡ ᠠᠰᠢᠭ ᠤᠨ ᠨᠣᠷᠮ᠎ᠠ ᠶᠢ ᠲᠡᠭᠡᠭᠰᠢᠯᠡᠭᠦᠯᠵᠦ᠂ ᠲᠦᠷᠤᠯ | ᠵᠦᠢᠯ ᠤᠨ ᠥᠮᠴᠢᠲᠡᠨ ᠨᠢᠭᠡᠴᠢ ᠶᠢᠨ ᠪᠦᠲᠦᠭᠡᠨ ᠪᠠᠶᠢᠭᠤᠯᠤᠯᠲᠠ ᠶᠢᠨ ᠢᠳᠡᠪᠬᠢᠵᠢᠯ ᠢ ᠳᠡᠭᠡᠭᠰᠢᠯᠡᠭᠦᠯᠵᠦ ᠴᠢᠳᠠᠨ᠎ᠠ᠃ | ᠡᠭᠦᠨ ᠤ ᠬᠠᠮᠲᠤ ᠨᠡᠶᠢᠭᠡᠮ ᠤᠨ ᠬᠦᠷᠤᠩᠬᠡ ᠶᠢᠨ ᠥᠪᠣᠷ ᠮᠤᠩᠭᠤᠯ ᠳᠤ ᠪᠡᠶ᠎ᠡ ᠪᠠᠨ ᠳᠠᠭᠠᠭᠠᠭᠰᠠᠨ ᠰᠢᠨ᠎ᠡ | ᠬᠡᠯᠪᠡᠷᠢ ᠶᠢᠨ ᠡᠨᠧᠷᠭᠢ ᠨᠦᠭᠡᠴᠡᠯᠡᠬᠦ ᠴᠠᠬᠢᠯᠭᠠᠨ ᠥᠷᠲᠡᠭᠡ ᠪᠠᠶᠢᠭᠤᠯᠬᠤ ᠶᠢ ᠵᠣᠷᠢᠭᠵᠢᠭᠤᠯᠵᠤ᠂ ᠥᠪᠣᠷ ᠮᠤᠩᠭᠤᠯ ᠤᠨ | ᠰᠢᠨ᠎ᠡ ᠬᠡᠯᠪᠡᠷᠢ ᠶᠢᠨ ᠡᠨᠧᠷᠬᠢ ᠨᠦᠭᠡᠴᠡᠯᠡᠬᠦ ᠠᠵᠢᠯ ᠲᠥᠷᠤᠯ ᠤᠨ ᠣᠯᠠᠨ ᠡᠰᠢᠵᠢᠨ ᠬᠦᠭᠵᠢᠬᠦ ᠶᠢ ᠴᠢᠨᠠᠭᠰᠢᠳᠡ | ᠠᠬᠢᠭᠤᠯᠵᠤ ᠴᠢᠳᠠᠨ᠎ᠠ᠃ | ︽ᠮᠡᠳᠡᠭᠳᠡᠯ︾ ᠳᠤ ᠪᠠᠰᠠ ᠵᠠᠬ᠎ᠠ ᠳᠡᠯᠭᠡᠭᠦᠷ ᠤᠨ ᠠᠷᠠᠯᠵᠢᠶᠠᠨ ᠤ ᠠᠮᠢᠳᠤᠯᠢᠭ ᠲᠣᠭᠲᠠᠴᠠ ᠶᠢ | ᠲᠣᠲᠤᠷᠬᠠᠶᠢᠯᠠᠪᠡ᠃ ᠪᠡᠶ᠎ᠡ ᠪᠠᠨ ᠳᠠᠭᠠᠭᠠᠭᠰᠠᠨ ᠰᠢᠨ᠎ᠡ ᠬᠡᠯᠪᠡᠷᠢ ᠶᠢᠨ ᠡᠨᠧᠷᠬᠢ ᠨᠦᠭᠡᠴᠡᠯᠡᠬᠦ ᠴᠠᠬᠢᠯᠭᠠᠨ ᠥᠷᠲᠡᠭᠡ ᠨᠢ | ︽ᠳᠠᠪᠬᠤᠷ ᠪᠡᠶ᠎ᠡ ᠶᠢᠨ ᠭᠠᠷᠤᠯ︾ ᠢᠶᠠᠷ ᠠᠷᠠᠯᠵᠢᠶ᠎ᠠ ᠳᠤ ᠣᠷᠣᠯᠴᠠᠵᠤ ᠪᠣᠯᠬᠤ ᠶᠢ ᠲᠤᠳᠤᠷᠬᠠᠶᠢᠯᠠᠵᠤ᠂ ᠴᠠᠬᠢᠯᠭᠠᠨ | ᠬᠦᠴᠦᠨ ᠤ ᠵᠠᠬ᠎ᠠ ᠳᠡᠯᠭᠡᠭᠦᠷ ᠤᠨ ᠠᠵᠢᠯᠯᠠᠭᠠᠨ ᠤ ᠵᠠᠭᠪᠤᠷ ᠢ ᠪᠡᠶ᠎ᠡ ᠪᠠᠨ ᠳᠠᠭᠠᠭᠠᠵᠤ ᠰᠤᠩᠭᠤᠨ ᠣᠷᠣᠯᠴᠠᠵᠤ | ᠪᠣᠯᠣᠨ᠎ᠠ᠃ ᠴᠠᠬᠢᠯᠭᠠᠨ ᠭᠠᠷᠭᠠᠬᠤ ᠦᠶ᠎ᠡ ᠳᠤ ᠴᠠᠬᠢᠯᠭᠠᠨ ᠭᠠᠷᠭᠠᠬᠤ ᠠᠵᠤ ᠠᠬᠤᠶᠢᠯᠠᠯ ᠤᠨ ᠬᠤᠪᠢ ᠪᠠᠷ | ᠠᠷᠠᠯᠵᠢᠶᠠᠨ ᠳᠤ ᠣᠷᠣᠯᠴᠠᠵᠤ᠂ ᠴᠠᠬᠢᠯᠭᠠᠨ ᠴᠠᠨᠡᠭᠯᠡᠬᠦ ᠦᠶ᠎ᠡ ᠳᠤ ᠴᠠᠬᠢᠯᠭᠠᠨ ᠬᠡᠷᠡᠭᠯᠡᠭᠴᠢᠳ ᠲᠠᠢ ᠠᠳᠠᠯᠢ ᠪᠠᠷ | ᠠᠷᠠᠯᠵᠢᠶ᠎ᠠ ᠳᠤ ᠣᠷᠣᠯᠴᠠᠵᠤ᠂ ᠴᠠᠬᠢᠯᠭᠠᠨ ᠴᠠᠨᠡᠭᠯᠡᠬᠦ᠂ ᠴᠠᠬᠢᠯᠭᠠᠨ ᠭᠠᠷᠭᠠᠬᠤ ᠦᠨ᠎ᠡ ᠬᠠᠩᠰᠢ ᠶᠢ ᠪᠦᠷᠢᠮᠦᠰᠤᠨ ᠵᠠᠬ᠎ᠠ | ᠳᠡᠯᠭᠡᠭᠦᠷ ᠤᠨ ᠲᠣᠭᠳᠠᠴᠠ ᠶᠣᠰᠣᠭᠠᠷ ᠪᠦᠷᠢᠯᠳᠦᠭᠦᠯᠦᠨ᠎ᠡ᠃ ᠥᠪᠣᠷ ᠮᠣᠩᠭᠤᠯ ᠤᠨ ᠪᠠᠷᠠᠭᠤᠨ ᠭᠡᠰᠡᠭ ᠤᠨ ᠭᠠᠵᠠᠷ | ᠣᠷᠣᠨ ᠤ ᠪᠡᠶ᠎ᠡ ᠪᠠᠨ ᠳᠠᠭᠠᠭᠠᠭᠰᠠᠨ ᠰᠢᠨ᠎ᠡ ᠬᠡᠯᠪᠡᠷᠢ ᠶᠢᠨ ᠡᠨᠧᠷᠬᠢ ᠨᠦᠭᠡᠴᠡᠯᠡᠬᠦ ᠴᠠᠬᠢᠯᠭᠠᠨ ᠥᠷᠳᠡᠭᠡ ᠨᠢ ᠴᠠᠬᠢᠯᠭᠠᠨ | ᠬᠦᠴᠦᠨ ᠤ ᠪᠠᠯᠠᠨ ᠪᠠᠷᠠᠭᠠᠨ ᠤ ᠵᠠᠬ᠎ᠠ ᠳᠡᠯᠭᠡᠭᠦᠷ ᠪᠠ ᠴᠠᠬᠢᠯᠭᠠᠨ ᠬᠦᠴᠣᠨ ᠤ ᠲᠤᠰᠠᠯᠠᠬᠤ ᠦᠢᠯᠡᠴᠢᠯᠡᠭᠡᠨ ᠤ ᠵᠠᠬ᠎ᠠ | ᠳᠡᠯᠭᠡᠭᠦᠷ ᠲᠤ ᠣᠷᠣᠯᠴᠠᠬᠤ ᠪᠠᠷ ᠲᠠᠮᠵᠢᠨ ᠠᠰᠢᠭ ᠣᠷᠣᠯᠭ᠎ᠠ ᠣᠯᠵᠤ ᠪᠣᠯᠣᠨ᠎ᠠ᠂ ᠴᠠᠨᠡᠭᠯᠡᠭᠰᠡᠨ ᠪᠤᠶᠤ ᠭᠠᠷᠭᠠᠭᠰᠠᠨ | ᠴᠠᠬᠢᠯᠭᠠᠨ ᠤ ᠦᠨ᠎ᠡ ᠵᠢᠴᠢ ᠲᠤᠰᠠᠯᠠᠬᠤ ᠦᠢᠯᠡᠴᠢᠯᠡᠭᠡᠨ ᠤ ᠵᠠᠷᠤᠳᠠᠯ ᠢ ᠬᠠᠮᠢᠶ᠎ᠠ ᠪᠦᠬᠦᠢ ᠵᠠᠬ᠎ᠠ ᠳᠡᠯᠭᠡᠭᠦᠷ ᠤᠨ ᠦᠨ᠎ᠡ | ᠬᠠᠩᠰᠢ ᠵᠢᠴᠢ ᠳᠦᠷᠢᠮ ᠶᠣᠰᠣᠭᠠᠷ ᠬᠡᠷᠡᠭᠵᠢᠭᠦᠯᠦᠨ᠎ᠡ᠃ ᠥᠪᠣᠷ ᠮᠣᠩᠭᠤᠯ ᠤᠨ ᠵᠡᠭᠦᠨ ᠬᠡᠰᠡᠭ ᠤᠨ ᠭᠠᠵᠠᠷ | ᠣᠷᠣᠨ ᠤ ᠪᠡᠶ᠎ᠡ ᠪᠠᠨ ᠳᠠᠭᠠᠭᠠᠭᠰᠠᠨ ᠡᠨᠧᠷᠬᠢ ᠨᠦᠭᠡᠴᠡᠯᠡᠬᠦ ᠴᠠᠬᠢᠯᠭᠠᠨ ᠥᠷᠲᠡᠭᠡ ᠳᠤ ᠣᠷᠬᠢᠯ ᠪᠣᠯᠣᠨ ᠠᠴᠢᠶᠠᠯᠠᠯ | ᠪᠠᠭᠠᠲᠠᠢ ᠦᠶ᠎ᠡ᠂ ᠱᠤᠪᠬᠤ ᠣᠷᠬᠢᠯ ᠤᠨ ᠦᠶ᠎ᠡ ᠵᠡᠷᠭᠡ ᠴᠠᠭ ᠬᠤᠪᠢᠶᠠᠷᠢᠯᠠᠭᠰᠠᠨ ᠴᠠᠬᠢᠯᠭᠠᠨ ᠤ ᠦᠨ᠎ᠡ ᠶᠢᠨ | ᠲᠦᠷᠤ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ | ᠪᠡᠶ᠎ᠡ ᠪᠠᠨ ᠳᠠᠭᠠᠭᠠᠭᠰᠠᠨ ᠰᠢᠨ᠎ᠡ ᠬᠡᠯᠪᠡᠷᠢ ᠶᠢᠨ ᠡᠨᠧᠷᠬᠢ ᠨᠦᠭᠡᠴᠡᠯᠡᠬᠦ ᠴᠠᠬᠢᠯᠭᠠᠨ ᠥᠷᠲᠡᠭᠡ ᠨᠢ ᠴᠠᠬᠢᠯᠭᠠᠨ | ᠳᠤᠲᠠᠭᠳᠠᠵᠤ ᠪᠠᠶᠢᠭ᠎ᠠ ᠦᠶ᠎ᠡ ᠳᠤ ᠪᠠᠯᠡᠳᠭᠡᠯ ᠴᠠᠬᠢᠯᠭᠠᠨ ᠬᠦᠴᠤ ᠬᠠᠩᠭᠠᠵᠤ᠂ ᠡᠨᠧᠷᠬᠢ ᠶᠢᠨ ᠬᠠᠩᠭᠠᠯᠭ᠎ᠠ ᠶᠢ | ᠪᠠᠲᠤᠯᠠᠵᠤ᠂ ᠰᠢᠨ᠎ᠡ ᠡᠨᠧᠷᠬᠢ ᠶᠢᠨ ᠴᠠᠬᠢᠯᠭᠠᠨ ᠭᠠᠷᠭᠠᠯᠲᠠ ᠶᠢᠨ ᠬᠡᠯᠪᠡᠯᠵᠡᠬᠦ ᠴᠢᠨᠠᠷ ᠪᠠ ᠴᠠᠬᠢᠯᠭᠠᠨ ᠲᠣᠣᠷ ᠤᠨ | ᠬᠦᠯᠢᠶᠡᠨ ᠠᠪᠬᠤ ᠴᠢᠳᠠᠪᠤᠷᠢ ᠶᠢ ᠪᠦᠳᠦᠮᠵᠢᠲᠠᠢ ᠲᠣᠭᠳᠠᠪᠤᠷᠢᠵᠢᠭᠤᠯᠵᠤ᠂ ᠦᠨᠳᠤᠷ ᠬᠠᠷᠢᠴᠠᠯ ᠪᠦᠬᠦᠢ ᠰᠢᠨ᠎ᠡ | ᠡᠨᠧᠷᠬᠢ ᠶᠢᠨ ᠴᠠᠬᠢᠯᠭᠠᠨ ᠬᠦᠴᠦᠨ ᠤ ᠰᠢᠰᠲ᠋ᠧᠮ ᠤᠨ ᠲᠣᠭᠲᠠᠭᠤᠨ ᠢᠶᠠᠷ ᠠᠵᠢᠯᠯᠠᠬᠤ ᠳᠤ ᠴᠢᠬᠤᠯᠠ ᠦᠢᠯᠡᠳᠤᠯ | ᠦᠵᠡᠭᠦᠯᠵᠤ ᠪᠠᠶᠢᠨ᠎ᠠ᠃ | ︽ᠮᠡᠳᠡᠭᠳᠡᠯ︾ ᠢ ᠳᠠᠷᠤᠮᠠᠯᠯᠠᠨ ᠳᠠᠷᠬᠠᠭᠠᠭᠰᠠᠨ ᠨᠢ᠂ ᠪᠥᠬᠦ ᠣᠷᠣᠨ ᠤ ᠰᠢᠨ᠎ᠡ ᠬᠡᠯᠪᠡᠷᠢ ᠶᠢᠨ ᠡᠨᠧᠷᠬᠢ | ᠨᠦᠭᠡᠴᠡᠯᠡᠬᠦ ᠶᠢ ᠲᠦᠷᠭᠡᠳᠬᠡᠨ ᠪᠠᠶᠢᠭᠤᠯᠬᠤ ᠶᠢ ᠴᠢᠨᠠᠭᠰᠢᠲᠡ ᠠᠬᠢᠭᠤᠯᠵᠤ᠂ ᠴᠠᠬᠢᠯᠭᠠᠨ ᠬᠦᠴᠦᠨ ᠤ ᠰᠢᠰᠲ᠋ᠧᠮ ᠤᠨ | ᠳᠣᠬᠢᠷᠠᠭᠤᠯᠬᠤ ᠴᠢᠳᠠᠪᠤᠷᠢ ᠶᠢ ᠦᠨᠡᠨ ᠬᠦ ᠪᠦᠲᠦᠮᠵᠢᠲᠡᠢ ᠳᠡᠭᠡᠭᠰᠢᠯᠡᠭᠦᠯᠵᠦ᠂ ᠰᠢᠨ᠎ᠡ ᠡᠨᠧᠷᠬᠢ ᠶᠢ ᠰᠢᠩᠭᠡᠭᠡᠨ | ᠠᠪᠬᠤ ᠶᠢ ᠠᠬᠢᠭᠤᠯᠬᠤ ᠪᠠ ᠴᠠᠬᠢᠯᠭᠠᠨ ᠬᠦᠴᠦᠨ ᠤ ᠬᠠᠩᠭᠠᠯᠭ᠎ᠠ ᠶᠢ ᠪᠠᠲᠤᠯᠠᠬᠤ ᠴᠢᠳᠡᠪᠦᠷᠢ ᠶᠢ ᠨᠡᠮᠡᠭᠳᠡᠭᠦᠯᠬᠦ | ᠪᠣᠯᠣᠨ᠎ᠠ᠃ |