ᠴᠢᠳᠠᠪᠤᠷᠢᠲᠠᠨ ᠬᠥᠭᠵᠢᠪᠡᠯ ᠦᠢᠯᠡᠰ ᠮᠠᠨᠳᠤᠵᠤ᠂ ᠴᠢᠳᠠᠪᠤᠷᠢᠲᠠᠨ ᠬᠦᠴᠦᠷᠬᠡᠭᠵᠢᠪᠡᠯ ᠬᠥᠳᠡᠭᠡ ᠲᠣᠰᠬᠤᠨ | ᠬᠦᠴᠦᠷᠬᠡᠭᠵᠢᠨ᠎ᠡ᠃ ᠰᠢ ᠶᠢᠨ ᠫᠢᠩ ᠶᠡᠷᠦᠩᠬᠡᠢ ᠱᠦᠵᠢ ᠴᠢᠬᠤᠯᠠᠴᠢᠯᠠᠭᠰᠠᠨ ᠨᠢ᠄ ︽ᠬᠥᠳᠡᠭᠡ ᠲᠣᠰᠬᠤᠨ ᠢ ᠪᠦᠬᠦ | ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠵᠠᠩᠭᠢᠯᠠᠭ᠎ᠠ ᠨᠢ ᠬᠥᠮᠥᠨ ᠳᠤ ᠲᠦᠰᠢᠭᠯᠡᠨ᠎ᠡ︾᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠠᠪᠤᠴᠠ ᠳᠠᠬᠢ ᠴᠢᠳᠠᠪᠤᠷᠢᠲᠠᠨ ᠤ ︽ᠬᠠᠩᠭᠠᠯᠭ᠎ᠠ | ᠬᠡᠷᠡᠭᠴᠡᠭᠡ ᠶᠢᠨ ᠵᠥᠷᠢᠴᠡᠯ︾ ᠢ ᠪᠦᠲᠦᠮᠵᠢᠲᠡᠢ ᠰᠢᠢᠳᠪᠦᠷᠢᠯᠡᠬᠦ ᠶᠢᠨ ᠲᠥᠯᠥᠭᠡ᠂ ᠭᠠᠬᠢᠯ ᠰᠤᠮᠤᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠢᠳᠡᠪᠬᠢᠲᠡᠢ ᠪᠠᠷ ᠠᠵᠢᠯᠯᠠᠵᠤ᠂ ︽ᠡᠯᠰᠡᠬᠦ᠂ ᠬᠥᠮᠥᠵᠢᠭᠦᠯᠬᠦ᠂ ᠦᠯᠡᠳᠡᠭᠡᠬᠦ︾ | ᠭᠤᠷᠪᠠᠨ ᠭᠤᠭᠴᠤᠭ᠎ᠠ ᠠᠴᠠ ᠭᠠᠷᠳᠠᠨ᠂ ᠨᠢᠭᠡ ᠪᠦᠯᠦᠭ ᠰᠢᠯᠢᠳᠡᠭ ᠵᠠᠯᠠᠭᠤᠴᠤᠳ ᠢ ᠬᠥᠮᠥᠵᠢᠭᠦᠯᠵᠦ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠵᠠᠯᠠᠭᠤ ᠨᠠᠰᠤᠨ ᠤ ᠬᠦᠴᠦᠨ ᠴᠢᠳᠠᠯ ᠢ ᠨᠡᠮᠡᠷᠢᠯᠡᠪᠡ᠃ | ᠨᠢᠭᠡ᠂ ᠠᠵᠢᠯ ᠤᠨ ᠲᠠᠪᠴᠠᠩ ᠪᠠᠶᠢᠭᠤᠯᠵᠤ᠂ ᠴᠢᠳᠠᠪᠤᠷᠢᠲᠠᠨ ᠢ ᠡᠯᠰᠡᠪᠡ | 2024 ᠣᠨ ᠤ 9 ᠰᠠᠷ᠎ᠠ ᠳᠤ᠂ ᠭᠠᠬᠢᠯ ᠰᠤᠮᠤᠨ ᠤ ᠬᠠᠷᠢᠶᠠᠨ ᠳᠠᠬᠢ 6 ᠭᠠᠴᠠᠭ᠎ᠠ ᠬᠠᠮᠲᠤᠪᠠᠷ ︽ᠭᠠᠬᠢᠯ | ᠰᠤᠮᠤᠨ ᠤ ᠬᠤᠳᠠ ᠣᠷᠣᠭᠰᠠᠨ ᠮᠠᠯᠴᠢᠳ ᠤᠨ ᠨᠠᠮ ᠤᠨ ᠭᠡᠰᠢᠭᠦᠨ ᠪᠠ ᠤᠯᠠᠨ ᠲᠦᠮᠡᠨ ᠳᠤ ᠦᠢᠯᠡᠴᠢᠯᠡᠬᠦ | ᠦᠷᠳᠡᠭᠡ︾ ᠶᠢ ᠪᠠᠶᠢᠭᠤᠯᠵᠤ᠂ ᠪᠦᠬᠦ ᠰᠤᠮᠤᠨ ᠤ ᠬᠤᠳᠠ ᠣᠷᠣᠭᠰᠠᠨ ᠮᠠᠯᠴᠢᠳ᠂ ᠨᠠᠮ ᠤᠨ ᠭᠡᠰᠢᠭᠦᠨ ᠪᠣᠯᠣᠨ | ᠤᠯᠠᠨ ᠲᠦᠮᠡᠨ ᠳᠤ ᠨᠠᠮ ᠤᠨ ᠭᠡᠰᠢᠭᠦᠨ ᠤ ᠬᠥᠮᠦᠵᠢᠯ᠂ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ᠂ ᠠᠷᠠᠳ ᠲᠤ | ᠲᠦᠬᠦᠮ ᠦᠵᠡᠭᠦᠯᠬᠦ ᠦᠢᠯᠡᠴᠢᠯᠡᠭᠡ᠂ ᠰᠣᠶᠣᠯ ᠤᠨ ᠠᠵᠢᠯᠯᠠᠭ᠎ᠠ᠂ ᠵᠥᠷᠢᠴᠡᠯ ᠢ ᠡᠶᠡᠳᠡᠭᠦᠯᠬᠦ ᠪᠠ ᠴᠢᠳᠠᠪᠤᠷᠢᠲᠠᠨ | ᠬᠦᠮᠦᠵᠢᠭᠦᠯᠬᠦ ᠶᠢ ᠨᠢᠭᠡ ᠴᠣᠭᠴᠠᠵᠢᠭᠤᠯᠤᠭᠰᠠᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ | ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠢ ᠬᠠᠩᠭᠠᠵᠠᠢ᠃ | ︽ᠬᠤᠲᠠ ᠣᠷᠣᠭᠰᠠᠨ ᠮᠠᠯᠴᠢᠳ ᠤᠨ ᠨᠠᠮ ᠪᠠ ᠣᠯᠠᠨ ᠲᠦᠮᠡᠨ ᠳᠤ ᠦᠢᠯᠡᠴᠢᠯᠡᠬᠦ ᠥᠷᠲᠡᠭᠡ︾ ᠶᠢᠨ | ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠥᠯᠥᠭᠡ᠂ ︽ᠦᠢᠯᠡᠴᠢᠯᠡᠬᠦ ᠥᠷᠲᠡᠭᠡ︾ ᠪᠠᠶᠢᠭᠤᠯᠤᠭᠳᠠᠭᠰᠠᠨ | ᠡᠬᠢᠨ ᠤ ᠬᠤᠭᠤᠴᠠᠭᠠᠨ ᠳᠤ᠂ ᠭᠠᠬᠢᠯ ᠰᠤᠮᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠬᠥᠮᠥᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠠᠵᠢᠯ ᠣᠯᠭᠤᠯᠲᠠ ᠶᠢᠨ | ᠳᠠᠳᠤᠯᠭ᠎ᠠ ᠶᠢᠨ ᠲᠥᠷᠥ ᠶᠢᠨ ᠪᠣᠳᠣᠯᠭ᠎ᠠ ᠳᠤ ᠲᠦᠰᠢᠭᠯᠡᠨ᠂ ᠡᠯ᠎ᠡ ᠭᠠᠴᠠᠭᠠᠨ ᠤ ᠨᠠᠮ ᠤᠨ ᠡᠭᠦᠷ ᠲᠠᠢ ᠬᠠᠮᠲᠤᠷᠠᠨ᠂ | ᠨᠢᠭᠡ ᠪᠦᠯᠦᠭ ᠭᠠᠷᠮᠠᠭᠠᠢ ᠰᠣᠶᠣᠯ ᠤᠨ ᠬᠢᠷᠢ ᠬᠡᠮᠵᠢᠶ᠎ᠡ ᠲᠠᠢ ᠮᠥᠷᠲᠡᠭᠡᠨ ᠮᠠᠯᠵᠢᠬᠤ ᠣᠷᠣᠨ ᠢ ᠭᠦᠢᠴᠡᠳ | ᠣᠶᠢᠯᠠᠭᠠᠳᠠᠭ ᠨᠤᠲᠤᠭ ᠲᠠᠭᠠᠨ ᠪᠤᠴᠠᠭᠰᠠᠨ ᠰᠢᠯᠢᠳᠡᠭ ᠣᠶᠤᠲᠠᠨ ᠢ ᠰᠣᠩᠭᠤᠨ ᠭᠠᠷᠭᠠᠵᠤ᠂ ︽ ᠭᠠᠴᠠᠭᠠᠨ ᠤ | ᠲᠤᠰᠠᠯᠠᠭᠴᠢ︾ ᠶᠢᠨ ᠬᠤᠪᠢ ᠪᠠᠷ ︽ᠦᠢᠯᠡᠴᠢᠯᠡᠬᠦ ᠥᠷᠲᠡᠭᠡ︾ ᠳᠤ ᠠᠵᠢᠯᠯᠠᠭᠤᠯᠪᠠ᠃ | ᠬᠤᠶᠠᠷ᠂ ᠦᠢᠯᠡᠳᠦᠯᠭᠡ ᠪᠠᠷ ᠳᠠᠪᠲᠠᠨ ᠪᠣᠯᠪᠠᠰᠤᠷᠠᠭᠤᠯᠵᠤ᠂ ᠴᠢᠳᠠᠪᠤᠷᠢᠲᠠᠨ ᠢ ᠬᠦᠮᠦᠵᠢᠭᠦᠯᠦᠨ᠎ᠡ | ᠠᠵᠢᠯ ᠤᠨ ᠳᠤᠮᠳᠠ᠂ ᠳᠠᠳᠤᠯᠭ᠎ᠠ ᠶᠢᠨ ᠰᠤᠷᠤᠭᠴᠢᠳ ᠢ ᠭᠠᠴᠠᠭᠠᠨ ᠤ ᠴᠢᠬᠤᠯᠠ ᠶᠡᠭᠡ ᠬᠤᠷᠠᠯ ᠪᠣᠯᠣᠨ | ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠠᠵᠤ ᠦᠢᠯᠡᠰ ᠤᠨ ᠬᠥᠭᠵᠢᠯᠲᠡ᠂ ᠨᠡᠶᠢᠭᠡᠮ ᠤᠨ ᠲᠣᠭᠲᠠᠭᠤᠨ ᠢ | ᠬᠠᠮᠠᠭᠠᠯᠠᠬᠤ᠂ ᠡᠷᠦᠬᠡ ᠳᠤ ᠬᠦᠷᠴᠦ ᠰᠤᠷᠪᠤᠯᠵᠢᠯᠠᠬᠤ ᠵᠡᠷᠭᠡ ᠲᠠᠯ᠎ᠠ ᠶᠢᠨ ᠴᠢᠬᠤᠯᠠ ᠠᠵᠢᠯ ᠳᠤ ᠣᠷᠣᠯᠴᠠᠭᠤᠯᠵᠤ᠂ | ᠲᠡᠳᠡᠨ ᠤ ᠦᠢᠯᠡᠳᠦᠯᠭᠡ ᠶᠢᠨ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠲᠥᠷᠥ ᠶᠢᠨ ᠪᠣᠳᠣᠯᠭ᠎ᠠ ᠶᠢ | ᠬᠡᠷᠡᠭᠵᠢᠭᠦᠯᠬᠦ᠂ ᠣᠯᠠᠨ ᠲᠦᠮᠡᠨ ᠳᠤ ᠦᠢᠯᠡᠴᠢᠯᠡᠬᠦ᠂ ᠬᠠᠤᠯᠢ ᠶᠣᠰᠣᠭᠠᠷ ᠠᠵᠢᠯᠯᠠᠬᠤ ᠴᠢᠳᠠᠪᠤᠷᠢ ᠶᠢ | ᠳᠡᠭᠡᠭᠰᠢᠯᠡᠭᠦᠯᠦᠨ᠂ ᠲᠡᠳᠡᠨ ᠢ ᠠᠵᠢᠯ ᠤᠨ ᠶᠠᠪᠤᠴᠠ ᠳᠤ ᠮᠠᠯᠵᠢᠬᠤ ᠣᠷᠣᠨ ᠤ ᠲᠥᠷᠥ ᠶᠢᠨ ᠪᠣᠳᠣᠯᠭ᠎ᠠ ᠪᠠ | ᠭᠠᠴᠠᠭᠠᠨ ᠤ ᠠᠵᠢᠯ ᠢ ᠢᠳᠡᠭ ᠢᠳᠡᠭ ᠢᠶᠠᠷ ᠤᠶᠢᠯᠠᠭᠤᠯᠵᠤ᠂ ᠡᠭᠦᠨ ᠤ ᠤᠯᠠᠮ ᠢᠶᠠᠷ ᠤᠯᠤᠰ ᠲᠥᠷᠥ ᠶᠢᠨ ᠲᠠᠯ᠎ᠠ ᠪᠠᠷ | ᠴᠠᠭᠠᠷᠠᠭᠰᠠᠨ᠂ ᠡᠷᠳᠡᠮ ᠴᠢᠳᠠᠪᠤᠷᠢ ᠪᠠᠷ ᠴᠠᠭᠠᠷᠠᠭᠰᠠᠨ᠂ ᠣᠪᠣᠷ ᠰᠤᠷᠲᠠᠯ ᠢᠶᠠᠷ ᠴᠠᠭᠠᠷᠠᠭᠰᠠᠨ ᠨᠢᠭᠡᠨ ᠰᠠᠯᠠᠭ᠎ᠠ | ᠵᠠᠯᠠᠭᠤᠴᠤᠳ ᠤᠨ ᠡᠩᠨᠡᠭᠡ ᠶᠢ ᠵᠣᠬᠢᠶᠠᠨ ᠪᠠᠶᠢᠭᠤᠯᠵᠤ᠂ ᠭᠠᠴᠠᠭᠠᠨ ᠳᠤ ᠰᠢᠯᠢᠳᠡᠭ ᠪᠡᠯᠡᠳᠬᠡᠯ ᠬᠦᠴᠦᠨ ᠢ | ᠬᠥᠮᠥᠵᠢᠭᠦᠯᠦᠨ᠎ᠡ᠃ | ︽ᠬᠠᠭᠠᠰ ᠵᠢᠯ ᠭᠠᠷᠤᠢ ᠶᠢᠨ ᠳᠠᠳᠤᠯᠭ᠎ᠠ ᠪᠠᠷ ᠳᠡᠮᠵᠢᠨ᠂ ᠮᠢᠨᠤ ᠠᠵᠢᠯ ᠤᠨ ᠴᠢᠳᠠᠪᠤᠷᠢ᠂ ᠭᠦᠢᠴᠡᠳᠬᠡᠬᠦ | ᠴᠢᠳᠠᠪᠤᠷᠢ ᠪᠠ ᠠᠰᠠᠭᠤᠳᠠᠯ ᠢ ᠪᠣᠳᠣᠯᠬᠢᠯᠠᠬᠤ ᠠᠷᠭ᠎ᠠ ᠮᠠᠶ᠋ᠢᠭ ᠴᠥᠮ ᠮᠠᠰᠢ ᠶᠡᠭᠡ ᠳᠠᠪᠰᠢᠯᠲᠠ ᠲᠠᠢ ᠪᠤᠯᠵᠠᠢ᠂ | ᠡᠳᠡᠭᠡᠷ ᠵᠦᠢᠯ ᠢ ᠰᠤᠷᠭᠠᠭᠤᠯᠢ ᠶᠢᠨ ᠬᠦᠷᠢᠶᠡᠨ ᠠᠴᠠ ᠰᠤᠷᠴᠤ ᠳᠡᠶᠢᠯᠬᠦ ᠦᠭᠡᠢ ᠶᠤᠮ᠃ ᠡᠳᠦᠷ ᠳᠤᠲᠤᠮ ᠤᠨ | ᠠᠵᠢᠯ ᠤᠨ ᠳᠤᠮᠳᠠ ᠪᠠᠨ ᠣᠯᠠᠨ ᠲᠦᠮᠡᠨ ᠳᠤ ᠦᠢᠯᠡᠴᠢᠯᠡᠵᠦ᠂ ᠭᠠᠴᠠᠭᠠᠨ ᠤ ᠠᠵᠢᠯ ᠳᠤ ᠤᠷᠤᠯᠴᠠᠭᠰᠠᠨ ᠠᠴᠠ | ᠪᠤᠯᠵᠤ ᠦᠨᠳᠦᠰᠦᠨ ᠱᠠᠲᠤᠨ ᠤ ᠣᠯᠠᠨ ᠲᠦᠮᠡᠨ ᠤ ᠠᠵᠢᠯ ᠳᠤ ᠨᠠᠩ ᠭᠦᠨᠵᠡᠭᠡᠢ ᠣᠶᠢᠯᠠᠭᠠᠯᠲᠠ ᠲᠠᠢ ᠪᠤᠯᠵᠤ᠂ | ᠮᠠᠯᠵᠢᠬᠤ ᠣᠷᠣᠨ ᠤ ᠠᠵᠢᠯ ᠤᠨ ᠣᠯᠠᠨ ᠲᠠᠯ᠎ᠠ ᠶᠢᠨ ᠴᠢᠳᠠᠪᠤᠷᠢ ᠢ ᠠᠭᠠᠵᠢᠮ ᠢᠶᠠᠷ ᠪᠦᠷᠢᠯᠳᠦᠭᠦᠯᠦᠭᠰᠡᠨ ᠪᠠᠶᠢᠨ᠎ᠠ︾ | ᠭᠡᠵᠦ ᠪᠠᠶᠠᠩᠭᠤᠤᠯ ᠭᠠᠴᠠᠭᠠᠨ ᠤ ᠲᠤᠰᠠᠯᠠᠭᠴᠢ ᠲᠦᠷᠦᠮᠠᠨᠳᠤᠬᠤ ᠶᠠᠷᠢᠵᠤ ᠪᠠᠶᠢᠪᠠ᠃ | ᠭᠤᠷᠪᠠ᠂ ᠰᠡᠳᠬᠢᠯ ᠲᠠᠯᠪᠢᠵᠤ ᠴᠢᠬᠤᠯᠠᠴᠢᠯᠠᠨ ᠦᠵᠡᠵᠦ᠂ ᠴᠢᠳᠠᠪᠤᠷᠢᠲᠠᠨ ᠢ ᠦᠯᠡᠳᠡᠭᠡᠨ᠎ᠡ | ᠴᠢᠳᠠᠪᠤᠷᠢᠲᠠᠨ ᠢ ᠡᠯᠰᠡᠬᠦ ᠨᠢ ᠬᠢᠯᠪᠡᠷ ᠪᠢᠰᠢ᠂ ᠴᠢᠳᠠᠪᠤᠷᠢᠲᠠᠨ ᠢ ᠦᠯᠡᠳᠡᠭᠡᠬᠦ ᠳᠤ ᠨᠡᠩ ᠬᠦᠴᠢᠷ ᠶᠤᠮ᠃ | ᠡᠭᠦᠨ ᠤ ᠲᠤᠯᠠᠳᠠ ᠭᠠᠬᠢᠯ ᠰᠤᠮᠤ ᠨᠢ ᠭᠠᠴᠠᠭᠠᠨ ᠤ ᠲᠤᠰᠠᠯᠠᠭᠴᠢᠳ ᠤᠨ ᠬᠠᠷᠠᠭᠠᠯᠵᠠᠯ ᠤᠨ ᠠᠰᠠᠭᠤᠳᠠᠯ ᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠦᠢᠯᠡᠳᠦᠯ ᠢ ᠭᠦᠢᠴᠡᠳ | ᠪᠠᠳᠠᠷᠠᠭᠤᠯᠵᠤ᠂ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠠᠰᠢᠭ ᠣᠷᠣᠯᠭ᠎ᠠ ᠶᠢ ᠨᠥᠬᠦᠪᠦᠷᠢ ᠶᠢᠨ ᠬᠡᠯᠪᠡᠷᠢ ᠪᠠᠷ | ᠳᠠᠳᠤᠯᠭ᠎ᠠ ᠶᠢᠨ ᠰᠤᠷᠤᠭᠴᠢ ᠳᠤ ᠬᠥᠮᠥᠨ ᠪᠦᠷᠢ ᠳᠤ ᠰᠠᠷ᠎ᠠ ᠳᠤ 3000 ᠲᠥᠭᠦᠷᠢᠭ ᠣᠯᠭᠤᠵᠤ᠂ ᠬᠥᠮᠥᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠠᠵᠢᠯ ᠣᠯᠭᠤᠯᠲᠠ ᠶᠢᠨ | ᠳᠠᠳᠤᠯᠭ᠎ᠠ ᠶᠢᠨ ᠨᠥᠬᠦᠪᠦᠷᠢ 1589 ᠲᠥᠭᠦᠷᠢᠭ ᠲᠠᠢ ᠬᠠᠮᠲᠤ ᠲᠡᠳᠡᠨ ᠤ ᠦᠨᠳᠦᠰᠦᠨ ᠠᠮᠢᠳᠤᠷᠠᠯ ᠤᠨ | ᠪᠠᠲᠤᠯᠠᠭ᠎ᠠ ᠶᠢ ᠪᠦᠷᠢᠯᠳᠦᠭᠦᠯᠵᠦ᠂ ᠲᠡᠳᠡᠨ ᠳᠤ ᠰᠠᠨᠠᠭ᠎ᠠ ᠠᠮᠤᠷ ᠠᠵᠢᠯᠯᠠᠵᠤ ᠠᠮᠢᠳᠤᠷᠠᠬᠤ ᠪᠠᠲᠤᠯᠠᠭ᠎ᠠ ᠶᠢ ᠬᠠᠩᠭᠠᠵᠠᠢ᠃ | ᠡᠭᠦᠨ ᠤ ᠬᠠᠮᠲᠤ ᠴᠢᠳᠠᠪᠤᠷᠢᠲᠠᠨ ᠢ ᠤᠷᠮᠠᠰᠢᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠠᠵᠢᠯ ᠳᠤ ᠪᠠᠨ | ᠭᠠᠷᠮᠠᠭᠠᠢ ᠭᠠᠴᠠᠭᠠᠨ ᠤ ᠲᠤᠰᠠᠯᠠᠭᠴᠢ ᠳᠤ ᠭᠠᠴᠠᠭᠠᠨ ᠤ ︽ᠬᠤᠶᠠᠷ ᠵᠥᠪᠯᠡᠯ︾ ᠳᠤ ᠣᠷᠣᠭᠤᠯᠬᠤ ᠲᠣᠬᠢᠶᠠᠯ | ᠣᠯᠭᠤᠵᠤ᠂ ᠲᠡᠳᠡᠨ ᠤ ᠠᠵᠢᠯ ᠤᠨ ᠢᠳᠡᠪᠬᠢᠵᠢᠯ ᠪᠠ ᠪᠦᠲᠦᠭᠡᠯᠴᠢ ᠴᠢᠳᠠᠪᠤᠷᠢ ᠶᠢ ᠬᠦᠭᠵᠢᠭᠡᠪᠡ᠃ | ᠳᠠᠷᠠᠭᠠᠴᠢ ᠶᠢᠨ ᠠᠯᠬᠤᠮ ᠳᠤ᠂ ᠭᠠᠬᠢᠯ ᠰᠤᠮᠤ ᠨᠢ ᠭᠤᠣᠯᠯᠠᠭᠴᠢ ᠬᠥᠲᠥᠯᠥᠨ ᠳᠠᠭᠠᠭᠤᠯᠬᠤ ᠦᠢᠯᠡᠳᠦᠯ ᠢᠶᠠᠨ | ᠦᠷᠭᠦᠯᠵᠢᠯᠡᠨ ᠪᠠᠳᠠᠷᠠᠭᠤᠯᠵᠤ᠂ ᠣᠷᠣᠨ ᠨᠤᠲᠤᠭ ᠤᠨ ᠴᠢᠳᠠᠪᠤᠷᠢᠲᠠᠨ ᠢ ᠬᠥᠮᠥᠵᠢᠭᠦᠯᠬᠦ ᠡᠷᠴᠢᠮ ᠢᠶᠠᠨ | ᠴᠢᠩᠭᠠᠷᠠᠭᠤᠯᠵᠤ᠂ ᠴᠢᠳᠠᠪᠤᠷᠢᠲᠠᠨ ᠢ ᠬᠦᠨᠳᠦᠳᠬᠡᠬᠦ᠂ ᠴᠢᠳᠠᠪᠤᠷᠢᠲᠠᠨ ᠢ ᠪᠦᠲᠦᠭᠡᠬᠦ ᠰᠠᠶᠢᠨ ᠰᠠᠶᠢᠬᠠᠨ ᠠᠭᠤᠷ | ᠠᠮᠢᠰᠬᠤᠯ ᠢ ᠢᠳᠡᠪᠬᠢᠲᠡᠢ ᠪᠤᠢ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠪᠠᠲᠤ ᠴᠢᠩᠭ᠎ᠠ | ᠬᠦᠴᠦᠨ ᠪᠦᠬᠦᠢ ᠴᠢᠳᠠᠪᠤᠷᠢᠲᠠᠨ ᠤ ᠲᠤᠯᠭᠠᠭᠤᠷᠢᠯᠠᠯ ᠢ ᠬᠠᠩᠭᠠᠬᠤ ᠪᠠᠷ ᠴᠢᠷᠮᠠᠶᠢᠨ᠎ᠠ᠃ |