3 ᠰᠠᠷ᠎ᠠ ᠶᠢᠨ 17 ᠤ ᠡᠳᠦᠷ᠂ ᠭᠠᠬᠢᠯ ᠰᠤᠮᠤᠨ ᠤ ᠡᠷᠢᠶᠡᠨᠭᠤᠪᠢ ᠭᠠᠴᠠᠭ᠎ᠠ ︽ᠭᠤᠷᠪᠠᠨ ᠶᠠᠪᠤᠳᠠᠯ︾ ᠢ | ᠢᠯᠡ ᠪᠤᠯᠭᠠᠬᠤ ᠠᠵᠢᠯ ᠤᠨ ᠬᠤᠷᠠᠯ ᠬᠤᠷᠠᠯᠳᠤᠭᠤᠯᠪᠠ᠃ ᠬᠤᠷᠠᠯ ᠢ ᠭᠠᠴᠠᠭᠠᠨ ᠤ ᠨᠠᠮ ᠤᠨ ᠡᠭᠦᠷ ᠤᠨ ᠱᠦᠵᠢ | ᠡᠷᠭᠢᠯᠡᠵᠦ᠂ ᠰᠤᠮᠤᠨ ᠤ ᠬᠠᠮᠢᠶ᠎ᠠ ᠪᠦᠬᠦᠢ ᠤᠳᠤᠷᠢᠳᠤᠯᠭ᠎ᠠ᠂ ᠭᠠᠴᠠᠭᠠᠨ ᠤ ︽ᠬᠤᠶᠠᠷ ᠵᠥᠪᠯᠡᠯ︾ ᠤᠨ ᠭᠡᠰᠢᠭᠦᠨ᠂ | ᠭᠠᠴᠠᠭᠠᠨ ᠤ ᠬᠢᠨᠠᠯᠲᠠ ᠲᠠᠯᠪᠢᠬᠤ ᠵᠥᠪᠯᠡᠯ ᠤᠨ ᠭᠡᠰᠢᠭᠦᠨ᠂ ᠬᠡᠰᠡᠭ ᠨᠠᠮ ᠤᠨ ᠭᠡᠰᠢᠭᠦᠨ᠂ ᠮᠠᠯᠴᠢᠳ ᠬᠤᠷᠠᠯ ᠳᠤ | ᠣᠷᠣᠯᠴᠠᠵᠠᠢ᠃ | ᠬᠤᠷᠠᠯ ᠳᠡᠭᠡᠷ᠎ᠡ᠂ ᠭᠠᠴᠠᠭᠠᠨ ᠤ ᠨᠠᠮ ᠤᠨ ᠡᠭᠦᠷ ᠤᠨ ᠱᠦᠵᠢ 2024 ᠣᠨ ᠤ ᠭᠠᠴᠠᠭᠠᠨ ᠤ ᠨᠠᠮ ᠤᠨ | ᠶᠠᠪᠤᠳᠠᠯ᠂ ᠵᠠᠰᠠᠭ ᠤᠨ ᠶᠠᠪᠤᠳᠠᠯ᠂ ᠡᠳ᠋ ᠤᠨ ᠶᠠᠪᠤᠳᠠᠯ ᠢ ᠦᠷᠨᠢᠭᠦᠯᠦᠭᠰᠡᠨ ᠪᠠᠶᠢᠳᠠᠯ ᠢ ᠨᠡᠶᠢᠲᠡᠯᠡᠭᠰᠡᠨ ᠪᠥᠭᠡᠳ ᠡᠯ᠎ᠡ | ᠵᠦᠢᠯ ᠤᠨ ᠠᠵᠢᠯ ᠤᠨ ᠠᠬᠢᠴᠠ᠂ ᠪᠣᠳᠠᠲᠠᠢ ᠦᠷ᠎ᠡ ᠪᠦᠲᠦᠮᠵᠢ ᠵᠢᠴᠢ ᠮᠠᠯᠴᠢᠨ ᠲᠦᠮᠡᠨ ᠤ ᠠᠩᠬᠠᠷᠴᠤ ᠪᠠᠶᠢᠭ᠎ᠠ | ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ᠂ ᠠᠷᠠᠳ ᠲᠤ ᠠᠰᠢᠭ ᠬᠦᠷᠲᠡᠭᠡᠬᠦ ᠲᠥᠷᠥ ᠶᠢᠨ | ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ᠂ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ ᠶᠢᠨ ᠨᠠᠷᠢᠨ ᠲᠣᠳᠣᠷᠬᠠᠢ | ᠵᠦᠢᠯᠡᠰ ᠵᠡᠷᠭᠡ ᠠᠰᠠᠭᠤᠳᠠᠯ ᠤᠨ ᠲᠣᠭᠤᠷᠢᠨ ᠳᠤ ᠭᠤᠣᠯᠳᠠᠯᠭ᠎ᠠ ᠲᠠᠢ ᠪᠠᠷ ᠨᠠᠷᠢᠨ ᠲᠣᠳᠣᠷᠬᠠᠢ ᠬᠠᠷᠢᠭᠤᠯᠲᠠ | ᠥᠭᠴᠡᠢ᠃ ᠡᠭᠦᠨ ᠤ ᠬᠠᠮᠲᠤ᠂ 2025 ᠣᠨ ᠤ ᠠᠵᠢᠯ ᠳᠤ ᠲᠥᠯᠦᠪᠵᠢᠭᠦᠯᠭᠡ ᠪᠠ ᠪᠠᠶᠢᠷᠢᠯᠠᠭᠤᠯᠤᠯᠲᠠ ᠬᠢᠵᠦ᠂ | ᠠᠵᠢᠯ ᠤᠨ ᠭᠤᠣᠯᠳᠠᠯᠭ᠎ᠠ ᠪᠠ ᠬᠠᠷᠠᠯᠲᠠ ᠡᠭᠦᠷᠭᠡ ᠶᠢ ᠲᠣᠳᠣᠷᠬᠠᠶᠢᠯᠠᠵᠤ᠂ ᠤᠯᠠᠨ ᠲᠦᠮᠡᠨ ᠤ ᠪᠠᠶᠢᠳᠠᠯ ᠢ ᠮᠡᠳᠡᠬᠦ | ᠡᠷᠬᠡ᠂ ᠣᠷᠣᠯᠴᠠᠬᠤ ᠡᠷᠬᠡ ᠪᠠ ᠬᠢᠨᠠᠯᠲᠠ ᠲᠠᠯᠪᠢᠬᠤ ᠡᠷᠬᠡ ᠶᠢ ᠤᠯᠠᠮ ᠨᠢᠭᠡ ᠠᠯᠬᠤᠮ ᠪᠠᠲᠤᠯᠠᠪᠠ᠃ | ᠲᠠᠷᠠᠭᠠᠴᠢ ᠶᠢᠨ ᠠᠯᠬᠤᠮ ᠳᠤ᠂ ᠡᠷᠢᠶᠡᠨᠭᠤᠪᠢ ᠭᠠᠴᠠᠭ᠎ᠠ ᠶᠢᠨ ᠬᠢᠨ ︽ᠭᠤᠷᠪᠠᠨ ᠶᠠᠪᠤᠳᠠᠯ︾ ᠢ ᠢᠯᠡ | ᠪᠣᠯᠭᠠᠬᠤ ᠠᠵᠢᠯ ᠢ ᠬᠡᠷᠡᠭᠵᠢᠭᠦᠯᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ︽ᠭᠤᠷᠪᠠᠨ ᠶᠠᠪᠤᠳᠠᠯ︾ ᠢ | ᠢᠯᠡ ᠪᠣᠯᠭᠠᠬᠤ ᠠᠵᠢᠯ ᠢ ᠴᠠᠭ ᠲᠤᠬᠠᠢ ᠳᠤᠨᠢ᠂ ᠢᠯᠡ ᠲᠣᠳᠣ᠂ ᠵᠢᠷᠤᠮᠵᠢᠯ ᠲᠠᠢ ᠪᠣᠯᠭᠠᠵᠤ᠂ ᠡᠷᠬᠡ ᠶᠢ ᠢᠯᠡ ᠪᠠᠷ | ᠬᠡᠷᠡᠭᠵᠢᠭᠦᠯᠵᠦ᠂ ᠠᠵᠢᠯ ᠢ ᠵᠢᠷᠤᠮᠵᠢᠯ ᠤᠨ ᠳᠤᠮᠳᠠ ᠨᠠᠶᠢᠳᠠᠪᠤᠷᠢᠵᠢᠭᠤᠯᠤᠨ᠎ᠠ᠃ ᠡᠭᠦᠨ ᠤ ᠬᠠᠮᠲᠤ ᠬᠢᠨᠠᠯᠲᠠ ᠲᠠᠯᠪᠢᠬᠤ | ᠵᠥᠪᠯᠡᠯ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠦᠨᠳᠦᠰᠦᠨ ᠱᠠᠲᠤᠨ ᠤ ᠬᠢᠨᠠᠯᠲᠠ ᠲᠠᠯᠪᠢᠬᠤ ᠡᠷᠴᠢᠮ ᠢ | ᠴᠢᠩᠭᠠᠷᠠᠭᠤᠯᠤᠨ᠂ ᠭᠠᠴᠠᠭᠠᠨ ᠤ ᠡᠯ᠎ᠡ ᠵᠦᠢᠯ ᠤᠨ ᠠᠵᠢᠯ ᠢ ᠢᠯᠡ ᠲᠣᠳᠣ᠂ ᠵᠢᠷᠤᠮᠵᠢᠯ ᠲᠠᠢ ᠪᠠᠶᠢᠯᠭᠠᠬᠤ ᠶᠢ | ᠦᠨᠡᠨᠬᠦ ᠪᠠᠲᠤᠯᠠᠨ᠎ᠠ᠃ |