2025 ᠣᠨ ᠤ ᠪᠥᠬᠦ ᠲᠠᠯ᠎ᠠ ᠪᠠᠷ ᠬᠤᠰᠢᠭᠤ ᠪᠠᠨ ᠬᠠᠤᠯᠢ ᠪᠠᠷ ᠵᠠᠰᠠᠬᠤ ᠵᠥᠪᠯᠡᠯ ᠤᠨ ᠬᠠᠤᠯᠢ ᠬᠡᠷᠡᠭᠵᠢᠬᠦᠯᠬᠦ ᠶᠢ ᠵᠣᠬᠢᠴᠠᠭᠤᠯᠬᠤ ᠳᠤᠭᠤᠶᠢᠯᠠᠩ ᠤᠨ ( ᠥᠷᠭᠡᠳᠬᠡᠭᠰᠡᠨ )  ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/4/14
      3 ᠰᠠᠷ᠎ᠠ ᠶᠢᠨ 28᠎ ᠤ ᠡᠳᠦᠷ᠂ ᠮᠠᠨ ᠤ ᠬᠤᠰᠢᠭᠤ 2025 ᠣᠨ ᠤ ᠬᠤᠰᠢᠭᠤ ᠪᠠᠨ  ᠪᠥᠬᠦ ᠲᠠᠯ᠎ᠠ ᠪᠠᠷ ᠬᠠᠤᠯᠢ ᠪᠠᠷ ᠵᠠᠰᠠᠬᠤ ᠵᠥᠪᠯᠡᠯ ᠤᠨ ᠬᠠᠤᠯᠢ ᠬᠡᠷᠡᠭᠵᠢᠬᠦᠯᠬᠦ ᠶᠢ ᠵᠣᠬᠢᠴᠠᠭᠤᠯᠬᠤ ᠳᠤᠭᠤᠶᠢᠯᠠᠩ ᠤᠨ ( ᠥᠷᠭᠡᠳᠬᠡᠭᠰᠡᠨ )  ᠬᠤᠷᠠᠯ ᠬᠤᠷᠠᠯᠳᠤᠵᠠᠢ᠃      ᠲᠡᠳ᠋ ᠬᠤᠰᠢᠭᠤ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠺᠧ ᠰᠢᠶᠤᠤ ᠮᠢᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ  ᠃      ᠬᠤᠷᠠᠯ ᠠᠴᠠ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠭᠰᠠᠨ ᠪᠥᠭᠡᠳ 2024 ᠣᠨ ᠤ ᠬᠠᠤᠯᠢ ᠬᠡᠷᠡᠭᠵᠢᠭᠦᠯᠦᠯᠲᠡ ᠶᠢ ᠵᠣᠬᠢᠴᠠᠭᠤᠯᠤᠨ ᠬᠢᠨᠠᠯᠲᠠ ᠲᠠᠯᠪᠢᠬᠤ ᠠᠵᠢᠯ ᠥᠷᠨᠢᠭᠦᠯᠦᠭᠰᠡᠨ ᠪᠠᠶᠢᠳᠠᠯ ᠢ ᠮᠡᠳᠡᠭᠳᠡᠵᠦ᠂ 2025 ᠣᠨ ᠤ ᠭᠤᠤᠯᠳᠠᠯᠭ᠎ᠠ ᠲᠠᠢ ᠠᠵᠢᠯ ᠢ ᠪᠠᠶᠢᠷᠢᠯᠠᠭᠤᠯᠪᠠ᠃ ᠬᠤᠯᠪᠣᠭᠳᠠᠯ ᠪᠥᠬᠦᠶ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃      ᠬᠤᠷᠠᠯ ᠠᠴᠠ ᠴᠢᠬᠤᠯᠠᠴᠢᠯᠠᠬᠤ ᠳᠠᠭᠠᠨ᠂ ᠡᠯ᠎ᠡ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠵᠢᠯ ᠤᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠰᠢ ᠎ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠢᠭᠡᠳᠦᠯᠲᠡᠢ ᠲᠥᠯᠥᠪᠵᠢᠭᠦᠯᠦᠨ ᠨᠡᠶᠢᠳᠡ ᠳᠤᠨᠢ ᠬᠠᠷᠠᠭᠠᠯᠵᠠᠵᠤ᠂ ᠭᠤᠣᠯᠳᠠᠯᠭ᠎ᠠ ᠶᠢ ᠲᠤᠪᠤᠶᠢᠯᠭᠠᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠠᠰᠤ ᠴᠢᠨᠠᠷ ᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠵᠠᠰᠠᠭ ᠵᠠᠬᠢᠷᠭᠠᠨ ᠤ ᠲᠠᠬᠢᠨ ᠵᠥᠪᠯᠡᠬᠦ ᠠᠵᠢᠯ ᠢ ᠪᠦᠬᠦ ᠲᠠᠯ᠎ᠠ ᠪᠠᠷ ᠴᠢᠩᠭᠠᠳᠬᠠᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠠᠵᠤ ᠠᠬᠤᠶᠢᠯᠠᠯ ᠳᠤ ᠬᠤᠯᠪᠣᠭᠳᠠᠬᠤ ᠠᠵᠢᠯᠯᠠᠭ᠎ᠠ ᠶᠢ ᠵᠢᠷᠤᠮᠵᠢᠭᠤᠯᠤᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠲᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠢ ᠭᠡᠵᠡᠢ᠃      ᠬᠤᠷᠠᠯ ᠠᠴᠠ ᠱᠠᠭᠠᠷᠳᠠᠬᠤ ᠳᠤ ᠪᠠᠨ᠂ ᠡᠯ᠎ᠡ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠠᠵᠢᠯ ᠤᠨ ᠪᠠᠲᠤᠯᠠᠭ᠎ᠠ ᠎ ᠪᠠᠨ ᠴᠢᠩᠭᠠᠳᠬᠠᠵᠤ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ᠂ ᠡᠩᠨᠡᠭᠡᠨ ᠤ ᠪᠠᠶᠢᠭᠤᠯᠤᠯᠲᠠ ᠪᠠᠨ ᠴᠢᠩᠭᠠᠳᠬᠠᠵᠤ᠂ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠠᠬᠢᠭᠤᠯᠵᠤ᠂ ᠤᠬᠠᠭᠤᠯᠵᠤ ᠬᠥᠲᠥᠯᠥᠨ ᠵᠢᠯᠣᠭᠤᠳᠬᠤ ᠪᠠᠨ ᠴᠢᠩᠭᠠᠳᠬᠠᠵᠤ᠂ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠵᠢᠯ ᠤᠨ ᠪᠣᠳᠠᠲᠠᠢ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃      ᠬᠤᠰᠢᠭᠤ ᠨᠠᠮ ᠤᠨ ᠬᠤᠷᠢᠶ᠎ᠠ ᠶᠢᠨ ᠪᠥᠬᠦ ᠲᠠᠯ᠎ᠠ ᠪᠠᠷ ᠬᠠᠤᠯᠢ ᠪᠠᠷ  ᠵᠠᠰᠠᠬᠤ ᠵᠥᠪᠯᠡᠯ ᠤᠨ ᠬᠠᠤᠯᠢ ᠬᠡᠷᠡᠭᠵᠢᠬᠦᠯᠬᠦ ᠶᠢ ᠵᠣᠬᠢᠴᠠᠭᠤᠯᠬᠤ ᠳᠤᠭᠤᠶᠢᠯᠠᠩ ᠤᠨ ᠡᠯ᠎ᠡ ᠪᠦᠷᠢᠯᠳᠦᠬᠦᠨ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号