ᠵᠡᠭᠦᠨ ᠬᠠᠲᠠᠪᠴᠢ ᠪᠣᠭᠤᠮᠲᠠ ᠶᠢᠨ ᠨᠢᠭᠡᠳᠦᠭᠡᠷ ᠤᠯᠠᠷᠢᠯ ᠤᠨ ᠪᠠᠷᠠᠭ᠎ᠠ ᠥᠩᠭᠡᠷᠡᠭᠰᠡᠨ ᠬᠡᠮᠵᠢᠶ᠎ᠡ 170 ᠲᠦᠮᠡᠨ ᠲᠣᠨ ᠢ ᠳᠠᠪᠠᠪᠠ
ᠨᠡᠶᠢᠲᠡᠯᠡᠭᠰᠡᠨ ᠴᠠᠭ᠄
2025/4/14
      2025 ᠣᠨ ᠤ 3 ᠰᠠᠷ᠎ᠠ ᠶᠢᠨ 31᠎ ᠤ ᠡᠳᠦᠷ ᠪᠣᠯᠲᠠᠯ᠎ᠠ᠂ ᠵᠡᠭᠦᠨ ᠬᠠᠲᠠᠪᠴᠢ ᠪᠣᠭᠤᠮᠲᠠ ᠶᠢᠨ ᠪᠠᠷᠠᠭ᠎ᠠ ᠦᠩᠭᠡᠷᠡᠭᠰᠡᠨ ᠬᠡᠮᠵᠢᠶ᠎ᠡ 173.98 ᠲᠦᠮᠡᠨ ᠲᠣᠨ ᠢ ᠳᠠᠪᠠᠵᠤ᠂ ᠠᠳᠠᠯᠢ ᠬᠤᠭᠤᠴᠠᠭᠠᠨ ᠤ ᠬᠢ ᠠᠴᠠ 247%᠎ ᠪᠠᠷ ᠨᠡᠮᠡᠭᠳᠡᠪᠡ᠃      ᠡᠨᠡ ᠵᠢᠯ ᠠᠴᠠ ᠨᠠᠰᠢ᠂ ᠵᠡᠭᠦᠨ ᠬᠠᠲᠠᠪᠴᠢ ᠪᠣᠭᠤᠮᠲᠠ ᠶᠢᠨ ᠭᠠᠳᠠᠭᠠᠳᠤ ᠠᠴᠠ ᠣᠷᠣᠭᠤᠯᠤᠭᠰᠠᠨ ᠨᠡᠭᠦᠷᠡᠰᠦ ᠨᠡᠶᠢᠲᠡ 166.5 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 243%᠎ ᠪᠠᠷ ᠨᠡᠮᠡᠭᠳᠡᠪᠡ︔ ᠭᠠᠳᠠᠭᠠᠳᠤ ᠠᠴᠠ ᠣᠷᠣᠭᠤᠯᠤᠭᠰᠠᠨ ᠴᠠᠶᠢᠷ ᠤᠨ ᠨᠠᠷᠢᠯᠢᠭ ᠨᠤᠨᠲᠠᠭ 2.19 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 750%᠎ ᠪᠠᠷ ᠨᠡᠮᠡᠭᠳᠡᠪᠡ︔ ᠭᠠᠳᠠᠭᠠᠳᠤ ᠠᠴᠠ ᠣᠷᠣᠭᠤᠯᠤᠭᠰᠠᠨ ᠬᠠᠶᠢᠯᠤᠭᠤᠷ ᠵᠣᠩᠰᠢ 2.13 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 235%᠎ ᠪᠠᠷ ᠨᠡᠮᠡᠭᠳᠡᠪᠡ︔ ᠭᠠᠳᠠᠭᠠᠳᠤ ᠠᠴᠠ ᠣᠷᠣᠭᠤᠯᠤᠭᠰᠠᠨ ᠲᠡᠵᠢᠭᠡᠯ ᠡᠪᠡᠰᠦ 2.32 ᠲᠦᠮᠡᠨ ᠲᠣᠨ ᠳᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠳᠤ ᠭᠠᠳᠠᠭᠠᠳᠤ ᠠᠴᠠ ᠣᠷᠣᠭᠤᠯᠤᠭᠰᠠᠨ ᠲᠡᠵᠢᠭᠡᠯ ᠡᠪᠡᠰᠦ ᠦᠭᠡᠢ᠃      ᠵᠡᠭᠦᠨ ᠬᠠᠲᠠᠪᠴᠢ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ᠂ ᠠᠷᠠᠯᠵᠢᠶᠠᠨ ᠤ ᠦᠷᠲᠡᠭ᠂ ᠬᠢᠯᠢ ᠪᠠᠷ ᠣᠷᠣᠵᠤ  ᠭᠠᠷᠤᠭᠰᠠᠨ ᠬᠥᠮᠦᠰ᠂ ᠬᠢᠯᠢ ᠪᠠᠷ ᠣᠷᠣᠵᠤ ᠭᠠᠷᠤᠭᠰᠠᠨ ᠲᠡᠷᠭᠡ ᠬᠥᠰᠬᠡ ᠠᠳᠠᠯᠢ ᠬᠤᠭᠤᠴᠠᠭᠠᠨ ᠤ ᠬᠢ ᠠᠴᠠ ᠶᠡᠭᠡ ᠬᠡᠮᠵᠢᠶ᠎ᠡ ᠪᠠᠷ ᠨᠡᠮᠡᠭᠳᠡᠵᠦ᠂ ᠨᠢᠳᠤᠨᠤᠨ ᠤ ᠬᠢ ᠠᠴᠠ ᠰᠢᠨ᠎ᠡ ᠰᠢᠪᠲᠤᠯᠤᠯᠲᠠ ᠲᠠᠢ ᠪᠣᠯᠪᠠ᠃ ᠲᠠᠷᠠᠭᠠᠴᠢ ᠶᠢᠨ ᠠᠯᠬᠤᠮ ᠳᠤ᠂ ᠵᠡᠭᠦᠨ ᠦᠵᠦᠮᠦᠴᠢᠨ ᠬᠤᠰᠢᠭᠤᠨ ᠤ ᠪᠣᠭᠤᠮᠲᠠ ᠶᠢᠨ ᠵᠥᠪᠯᠡᠯ ᠨᠢ ᠪᠣᠭᠤᠮᠲᠠ᠂ ᠬᠢᠯᠢ ᠶᠢᠨ ᠪᠠᠶᠢᠴᠠᠭᠠᠯᠲᠠ ᠶᠢᠨ ᠥᠷᠲᠡᠭᠡ ᠵᠢᠴᠢ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠲᠠᠢ ᠨᠡᠪᠲᠡᠷᠡᠯᠴᠡᠨ ᠬᠠᠮᠵᠢᠯᠴᠠᠬᠤ ᠪᠠᠨ ᠴᠢᠩᠭᠠᠳᠬᠠᠵᠤ᠂ ᠪᠣᠭᠤᠮᠲᠠ ᠪᠠᠷ ᠥᠩᠭᠡᠷᠡᠬᠦ ᠶᠢ ᠳᠥᠭᠦᠮᠴᠢᠯᠡᠬᠦ ᠬᠢᠷᠢ ᠲᠦᠪᠰᠢᠨ ᠢ ᠳᠡᠭᠡᠭᠰᠢᠯᠡᠭᠦᠯᠦᠨ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠥᠲᠥᠭᠡᠨ ᠪᠠᠶᠢᠭᠤᠯᠬᠤ ᠳᠤ ᠪᠣᠭᠤᠮᠲᠠ ᠶᠢᠨ ᠬᠦᠴᠦᠨ ᠴᠢᠳᠠᠯ ᠢᠶᠠᠨ ᠡᠷᠭᠦᠨ᠎ᠡ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号