2025 ᠣᠨ ᠤ 1 ᠰᠠᠷ᠎ᠠ ᠳᠤ ᠪᠥᠬᠦ ᠬᠤᠰᠢᠭᠤᠨ ᠤ ᠬᠡᠷᠡᠭᠯᠡᠭᠡᠨ ᠤ ᠵᠠᠬ᠎ᠠ ᠳᠡᠯᠭᠡᠭᠦᠷ ᠲᠦᠷᠭᠡᠨ ᠢᠶᠠᠷ ᠰᠠᠶᠢᠵᠢᠷᠠᠪᠠ
ᠨᠡᠶᠢᠲᠡᠯᠡᠭᠰᠡᠨ ᠴᠠᠭ᠄
2025/4/14
      1 — 2 ᠰᠠᠷ᠎ᠠ ᠳᠤ᠂ ᠮᠠᠨ ᠤ ᠬᠤᠰᠢᠭᠤᠨ ᠤ ᠬᠡᠷᠡᠭᠯᠡᠭᠡᠨ ᠤ ᠵᠠᠬ᠎ᠠ ᠳᠡᠯᠭᠡᠭᠦᠷ ᠲᠦᠷᠭᠡᠨ ᠰᠠᠶᠢᠵᠢᠷᠠᠵᠤ᠂ ᠪᠥᠬᠦ ᠬᠤᠰᠢᠭᠤᠨ ᠤ ᠨᠡᠶᠢᠭᠡᠮ ᠤᠨ ᠬᠡᠷᠡᠭᠯᠡᠭᠡᠨ ᠤ ᠵᠦᠢᠯᠡᠰ ᠤᠨ ᠵᠢᠵᠢᠭᠯᠡᠨ  ᠪᠤᠷᠤᠯᠠᠭᠤᠯᠤᠭᠰᠠᠨ ᠬᠡᠮᠵᠢᠶ᠎ᠡ 17688 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.2%᠎ ᠢᠶᠠᠷ ᠨᠡᠮᠡᠭᠳᠡᠨ᠂ ᠶᠡᠷᠦᠩᠬᠡᠶ ᠬᠡᠮᠵᠢᠶ᠎ᠡ ᠨᠢ ᠪᠥᠬᠦ ᠠᠶᠢᠮᠠᠭ ᠤᠨ ᠵᠢᠷᠭᠤᠳᠤᠭᠠᠷ ᠲᠤ ᠣᠷᠣᠵᠤ᠂ ᠨᠡᠮᠡᠭᠳᠡᠯ ᠤᠨ ᠬᠤᠷᠳᠤᠴᠠ ᠨᠢ ᠪᠥᠬᠦ ᠠᠶᠢᠮᠠᠭ ᠤᠨ ᠨᠢᠭᠡᠳᠦᠭᠡᠷ ᠲᠤ ᠣᠷᠣᠪᠠ᠃      ᠡᠵᠡᠩᠨᠡᠯᠲᠡ ᠶᠢᠨ ᠨᠢᠭᠡᠴᠡ ᠶᠢᠨ ᠪᠠᠶᠢᠭ᠎ᠠ ᠭᠠᠵᠠᠷ ᠠᠴᠠ ᠦᠵᠡᠪᠡᠯ᠂ ᠪᠥᠬᠦ ᠬᠤᠰᠢᠭᠤᠨ ᠤ ᠬᠤᠲᠠ ᠪᠠᠯᠭᠠᠰᠤᠨ ᠤ ᠬᠡᠷᠡᠭᠯᠡᠭᠡᠨ ᠤ ᠵᠦᠢᠯᠡᠰ ᠤᠨ ᠵᠢᠵᠢᠭᠯᠡᠨ ᠪᠤᠷᠤᠯᠠᠭᠤᠯᠤᠭᠰᠠᠨ ᠬᠡᠮᠵᠢᠶ᠎ᠡ 11096 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.9%᠎ ᠪᠠᠷ ᠨᠡᠮᠡᠭᠳᠡᠨ᠂ ᠮᠠᠯᠵᠢᠬᠤ ᠣᠷᠣᠨ ᠤ ᠬᠡᠷᠡᠭᠯᠡᠭᠡᠨ ᠤ ᠵᠦᠢᠯᠡᠰ ᠤᠨ ᠵᠢᠵᠢᠭᠯᠡᠨ ᠪᠤᠷᠤᠯᠠᠭᠤᠯᠤᠭᠰᠠᠨ ᠬᠡᠮᠵᠢᠶ᠎ᠡ 6592 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.6%᠎ ᠪᠠᠷ ᠨᠡᠮᠡᠭᠳᠡᠪᠡ᠃ ᠬᠡᠷᠡᠭᠯᠡᠭᠡᠨ ᠤ ᠲᠥᠷᠥᠯ ᠬᠡᠯᠪᠡᠷᠢ ᠠᠴᠠ ᠦᠵᠡᠪᠡᠯ᠂ ᠲᠠᠸᠠᠷ ᠤᠨ ᠵᠢᠵᠢᠭᠯᠡᠨ ᠪᠤᠷᠤᠯᠠᠭᠤᠯᠤᠭᠰᠠᠨ ᠬᠡᠮᠵᠢᠶ᠎ᠡ 12225 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.4%᠎ ᠪᠠᠷ ᠨᠡᠮᠡᠭᠳᠡᠪᠡ︔ ᠢᠳᠡᠭᠡᠨ ᠤᠮᠳᠠᠭᠠᠨ ᠤ ᠣᠷᠣᠯᠭ᠎ᠠ 5463 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.5%᠎ ᠪᠠᠷ ᠨᠡᠮᠡᠭᠳᠡᠪᠡ᠃      ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠵᠢᠵᠢᠭᠯᠡᠨ ᠬᠤᠳᠠᠯᠳᠤᠬᠤ᠂ ᠬᠤᠨᠤᠭ ᠪᠠᠭᠤᠳᠠᠯ ᠪᠠ ᠢᠳᠡᠭᠡᠨ ᠤᠮᠳᠠᠭᠠᠨ ᠤ ᠦᠢᠯᠡᠰ ᠠᠴᠠ ᠦᠵᠡᠪᠡᠯ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠵᠢᠵᠢᠭᠯᠡᠨ ᠪᠣᠷᠤᠯᠠᠭᠤᠯᠬᠤ ᠦᠢᠯᠡᠰ ᠤᠨ ᠵᠢᠵᠢᠭᠯᠡᠨ ᠪᠤᠷᠤᠯᠠᠭᠤᠯᠤᠭᠰᠠᠨ ᠬᠡᠮᠵᠢᠶ᠎ᠡ 813 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 46.75%᠎ ᠪᠠᠷ ᠨᠡᠮᠡᠭᠳᠡᠨ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠬᠤᠨᠤᠭ ᠢᠳᠡᠭᠡᠨ ᠤᠮᠳᠠᠭᠠᠨ ᠤ ᠦᠢᠯᠡᠰ ᠤᠨ ᠡᠵᠡᠩᠨᠡᠯᠲᠡ ᠶᠢᠨ ᠬᠡᠮᠵᠢᠶ᠎ᠡ 252 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 68%᠎ ᠪᠠᠷ ᠨᠡᠮᠡᠭᠳᠡᠪᠡ᠂ ᠡᠭᠦᠨ ᠳᠤ ᠵᠣᠴᠢᠨ ᠤ ᠬᠡᠷ ᠪᠠᠶᠢᠰᠢᠩ ᠤᠨ ᠣᠷᠣᠯᠭ᠎ᠠ 69 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 176%᠎ ᠪᠠᠷ ᠨᠡᠮᠡᠭᠳᠡᠨ᠂ ᠢᠳᠡᠭᠡᠨ ᠤᠮᠳᠠᠭᠠᠨ ᠤ ᠣᠷᠣᠯᠭ᠎ᠠ 182 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ       45.6%᠎ ᠪᠠᠷ ᠨᠡᠮᠡᠭᠳᠡᠨ᠂ ᠢᠳᠡᠭᠡᠨ ᠤᠮᠳᠠᠭᠠᠨ ᠤ ᠣᠷᠣᠯᠭ᠎ᠠ ᠶᠢᠨ ᠳᠣᠲᠣᠷᠠᠬᠢ ᠣᠯᠠᠨ ᠨᠡᠶᠢᠲᠡ ᠶᠢᠨ ᠰᠦᠯᠵᠢᠶ᠎ᠡ ᠪᠠᠷ ᠳᠡᠮᠵᠢᠨ ᠪᠡᠶᠡᠯᠡᠭᠦᠯᠦᠭᠰᠡᠨ ᠬᠤᠭᠤᠯᠠᠨ ᠵᠠᠷᠤᠳᠠᠯ ᠤᠨ ᠣᠷᠣᠯᠭ᠎ᠠ 1.7 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6%᠎ ᠪᠠᠷ ᠪᠠᠭᠤᠷᠠᠪᠠ᠃      ᠬᠢᠵᠠᠭᠠᠷᠯᠠᠭᠰᠠᠨ ᠲᠤᠭ᠎ᠠ ᠠᠴᠠ ᠲᠡᠭᠡᠭᠰᠢᠬᠢ ᠡᠳᠤᠷ ᠲᠤᠳᠤᠮ ᠤᠨ ᠲᠠᠸᠠᠷ ᠤᠨ ᠪᠤᠷᠤᠯᠠᠭᠤᠯᠭ᠎ᠠ ᠶᠢᠨ ᠬᠡᠮᠵᠢᠶ᠎ᠡ ᠨᠢᠭᠡ ᠲᠦᠷᠦᠯ ᠨᠢ ᠦᠰᠴᠤ  ᠭᠤᠷᠪᠠᠨ ᠲᠦᠷᠦᠯ ᠨᠢ ᠪᠠᠭᠤᠷᠠᠵᠤ ᠨᠢᠭᠡ ᠲᠦᠷᠦᠯ ᠨᠢ  ᠬᠤᠪᠢᠷᠠᠭᠰᠠᠨ ᠦᠭᠡᠢ          ᠪᠠᠶᠢᠪᠠ᠄ ᠠᠮᠤ ᠲᠤᠰᠤ᠂ ᠢᠳᠡᠭᠡᠨ ᠤ ᠲᠦᠷᠦᠯ ᠤᠨ ᠲᠠᠸᠠᠷ ᠤᠨ ᠪᠤᠷᠤᠯᠠᠭᠤᠯᠭ᠎ᠠ ᠶᠢᠨ ᠬᠡᠮᠵᠢᠶ᠎ᠡ 567 ᠲᠦᠮᠡᠨ ᠲᠦᠬᠦᠷᠢᠭ ᠲᠤᠯᠵᠤ᠂ ᠠᠳᠠᠯᠢ ᠬᠤᠭᠤᠴᠠᠭᠠᠨ ᠤ ᠬᠢ ᠠᠴᠠ 109.2% ᠨᠡᠮᠡᠭᠳᠡᠪᠡ᠂ ᠡᠭᠦᠨ ᠳᠤ ᠠᠮᠤ ᠲᠤᠰᠤᠨ ᠤ ᠲᠦᠷᠦᠯ ᠤᠨ ᠲᠠᠸᠠᠷ ᠤᠨ ᠪᠤᠷᠤᠯᠠᠭᠤᠯᠭ᠎ᠠ ᠶᠢᠨ ᠬᠡᠮᠵᠢᠶ᠎ᠡ 101 ᠲᠦᠮᠡᠨ ᠲᠦᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 15.1%᠎ ᠪᠠᠷ ᠪᠠᠭᠤᠷᠠᠨ᠂ ᠮᠢᠬ᠎ᠠ ᠨᠤᠭᠤᠭ᠎ᠠ ᠦᠨᠳᠡᠭᠡᠨ ᠤ ᠲᠦᠷᠦᠯ ᠤᠨ ᠲᠠᠸᠠᠷ ᠤᠨ ᠪᠤᠷᠤᠯᠠᠭᠤᠯᠭ᠎ᠠ ᠶᠢᠨ ᠬᠡᠮᠵᠢᠶ᠎ᠡ 325 ᠲᠦᠮᠡᠨ ᠲᠦᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 327.6%᠎ ᠪᠠᠷ ᠨᠡᠮᠡᠭᠳᠡᠨ᠂ ᠬᠠᠳᠠᠭᠠᠭᠰᠠᠨ᠂ ᠰᠢᠨ᠎ᠡ ᠰᠣᠷᠭᠤᠭ ᠵᠢᠮᠢᠰ ᠤᠨ ᠲᠦᠷᠦᠯ ᠤᠨ ᠲᠠᠸᠠᠷ ᠤᠨ ᠪᠤᠷᠤᠯᠠᠭᠤᠯᠭ᠎ᠠ ᠶᠢᠨ ᠬᠡᠮᠵᠢᠶ᠎ᠡ 35 ᠲᠦᠮᠡᠨ ᠲᠦᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ       23.9%᠎ ᠪᠠᠷ ᠪᠠᠭᠤᠷᠠᠪᠠ︔ ᠤᠮᠳᠠᠭᠠᠨ ᠤ ᠲᠦᠷᠦᠯ ᠤᠨ ᠲᠠᠸᠠᠷ ᠤᠨ ᠪᠤᠷᠤᠯᠠᠭᠤᠯᠭ᠎ᠠ ᠶᠢᠨ ᠬᠡᠮᠵᠢᠶ᠎ᠡ 96 ᠲᠦᠮᠡᠨ ᠲᠦᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.8%᠎ ᠪᠠᠷ ᠪᠠᠭᠤᠷᠠᠪᠠ᠃ ᠠᠷᠢᠬᠢ ᠲᠠᠮᠠᠬᠢᠨ ᠤ ᠲᠦᠷᠦᠯ ᠤᠨ ᠲᠠᠸᠠᠷ ᠤᠨ ᠪᠤᠷᠤᠯᠠᠭᠤᠯᠭ᠎ᠠ ᠶᠢᠨ ᠬᠡᠮᠵᠢᠶ᠎ᠡ ᠨᠢ 99 ᠲᠦᠮᠡᠨ ᠲᠦᠭᠦᠷᠢᠭ ᠬᠦᠷᠴᠦ ᠠᠳᠠᠯᠢ ᠬᠤᠭᠤᠴᠠᠭᠠᠨ ᠤ ᠬᠢ ᠠᠴᠠ ᠪᠠᠨ 20.8 ᠲᠤᠷᠤᠭᠰᠢᠯᠠᠪᠠ︔ ᠬᠤᠪᠴᠠᠰᠤ ᠬᠤᠨᠠᠷ᠂ ᠱᠠᠬᠠᠢ ᠮᠠᠯᠠᠭᠠᠢ᠂ ᠨᠡᠬᠡᠮᠡᠯ ᠤᠨ ᠲᠦᠷᠦᠯ ᠤᠨ ᠲᠠᠸᠠᠷ ᠤᠨ ᠪᠤᠷᠤᠯᠠᠭᠤᠯᠭ᠎ᠠ ᠶᠢᠨ ᠬᠡᠮᠵᠢᠶ᠎ᠡ ᠨᠢ 22 ᠲᠦᠮᠡᠨ ᠲᠦᠭᠦᠷᠢᠭ ᠲᠤ ᠬᠦᠷᠴᠦ᠂ ᠨᠢᠳᠤᠨᠤᠨ ᠤ ᠪᠤᠷᠤᠯᠠᠭᠤᠯᠭ᠎ᠠ ᠶᠢᠨ ᠬᠡᠮᠵᠢᠶ᠎ᠡ ᠲᠠᠢ ᠠᠳᠠᠯᠢ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号