ᠭᠠᠬᠢᠯ ᠰᠤᠮᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠦᠷᠨᠢᠭᠦᠯᠪᠡ
ᠨᠡᠶᠢᠲᠡᠯᠡᠭᠰᠡᠨ ᠴᠠᠭ᠄
2025/4/14
      ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠭᠦᠨᠵᠡᠭᠡᠶ ᠠᠬᠢᠭᠤᠯᠵᠤ᠂ ᠨᠡᠶᠢᠭᠡᠮ ᠲᠣᠭᠤᠷᠢᠭ ᠤᠨ ᠠᠷᠢᠭᠤᠨ ᠴᠡᠪᠡᠷ᠂ ᠴᠡᠪᠡᠷ ᠴᠡᠮᠴᠡᠭᠡᠷ᠂ ᠲᠠᠭᠠᠯᠠᠮᠵᠢᠲᠠᠶ ᠣᠷᠴᠢᠨ ᠲᠣᠭᠤᠷᠢᠨ ᠢ ᠪᠣᠶ ᠪᠣᠯᠭᠠᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠠᠮᠢᠳᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠬᠦ ᠶᠢᠨ ᠲᠥᠯᠥᠭᠡ᠂ 3 ᠰᠠᠷ᠎ᠠ ᠶᠢᠨ 22 ᠤᠨ ᠡᠳᠦᠷ᠂ ᠭᠠᠬᠢᠯ ᠰᠤᠮᠤ ᠪᠠᠶᠢᠭᠤᠯᠭ᠎ᠠ ᠪᠣᠯᠤᠨ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠺᠠᠳ᠋ᠷᠴᠤᠳ ᠢ ᠵᠣᠬᠢᠶᠠᠨ ᠪᠠᠶᠢᠭᠤᠯᠵᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃      ᠲᠣᠰ ᠤᠳᠠᠭᠠᠨ ᠤ ᠠᠵᠢᠯᠯᠠᠭ᠎ᠠ ᠨᠢ ᠭᠤᠤᠯᠳᠠᠭᠤ ᠦᠢᠯᠡᠳᠪᠦᠷᠢᠯᠡᠯ ᠠᠮᠢᠳᠤᠷᠠᠯ ᠤᠨ ᠣᠯᠠᠨ ᠨᠡᠶᠢᠲᠡ ᠶᠢᠨ ᠣᠷᠣᠨ  ᠵᠢᠴᠢ ᠵᠠᠮ ᠤᠨ ᠬᠤᠶᠠᠷ ᠬᠠᠵᠠᠭᠤ ᠶᠢᠨ ᠴᠠᠭᠠᠨ ᠥᠩᠭᠡᠲᠦ ᠬᠤᠭ ᠨᠣᠪᠰᠢ᠂ ᠡᠯᠭᠦᠭᠡ ᠪᠣᠳᠠᠰ᠂ ᠦᠢᠯᠡᠳᠪᠦᠷᠢᠯᠡᠯ ᠠᠮᠢᠳᠤᠷᠠᠯ ᠤᠨ ᠬᠤᠭ ᠨᠣᠪᠰᠢ ᠵᠡᠷᠭᠡ ᠶᠢ ᠴᠡᠭᠴᠡᠯᠡᠨ ᠵᠠᠰᠠᠵᠤ᠂ ᠥᠨᠴᠥᠭ ᠪᠤᠯᠤᠩ ᠦᠯᠡᠳᠡᠭᠡᠬᠦ ᠥᠬᠡᠶ᠂ ᠪᠠᠯᠠᠢ ᠭᠠᠵᠠᠷ ᠦᠯᠡᠳᠡᠭᠡᠬᠦ ᠥᠬᠡᠶ ᠪᠠᠶᠢᠬᠤ ᠶᠢ ᠪᠠᠲᠤᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠣᠯᠠᠨ ᠨᠡᠶᠢᠲᠡ ᠶᠢᠨ ᠣᠷᠣᠨ  ᠳᠤ ᠬᠤᠭ ᠨᠣᠪᠰᠢ ᠢᠯᠡᠷᠡᠭᠦᠯᠬᠦ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ ᠴᠡᠪᠡᠷ ᠲᠡᠭᠰᠢ ᠠᠮᠢᠳᠤᠷᠠᠯ ᠤᠨ ᠣᠷᠴᠢᠨ ᠲᠣᠭᠤᠷᠢᠨ ᠢ ᠤᠯᠠᠮ ᠨᠢᠭᠡ ᠠᠯᠬᠤᠮ ᠪᠣᠶ ᠪᠣᠯᠭᠠᠪᠠ᠃      ᠳᠠᠷᠠᠭᠠᠴᠢ ᠶᠢᠨ ᠠᠯᠬᠤᠮ ᠳᠤ᠂ ᠭᠠᠬᠢᠯ ᠰᠤᠮᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠦᠷᠭᠦᠯᠵᠢᠯᠡᠨ ᠪᠠᠶᠢᠩᠭᠤᠵᠢᠭᠤᠯᠤᠨ ᠥᠷᠨᠢᠭᠦᠯᠵᠦ᠂ ᠠᠷᠠᠳ ᠤᠯᠠᠨ ᠳᠤ ᠣᠷᠣᠰᠢᠨ ᠰᠠᠭᠤᠬᠤ ᠳᠤ ᠨᠡᠩ ᠲᠣᠬᠢᠷᠠᠮᠵᠢᠲᠠᠢ ᠠᠮᠢᠳᠤᠷᠠᠯ ᠤᠨ ᠣᠷᠴᠢᠨ ᠲᠣᠭᠤᠷᠢᠨ ᠢ ᠬᠠᠩᠭᠠᠨ᠎ᠠ᠃
 
ᠢᠷᠡᠯᠲᠡ᠄ ᠭᠠᠬᠢᠯ ᠰᠣᠮᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号