ᠭᠠᠬᠢᠯ ᠰᠤᠮᠤ ᠨᠢ ᠮᠠᠯᠵᠢᠬᠤ ᠣᠷᠣᠨ ᠤ ᠬᠠᠮᠲᠤ ᠶᠢᠨ ︽ᠪᠡᠯᠡ ᠮᠦᠩᠭᠦ᠂ ᠡᠳ᠋ ᠬᠦᠷᠦᠩᠭᠡ᠂ ᠡᠬᠢ ᠪᠠᠶᠠᠯᠢᠭ︾ ᠢ ᠨᠠᠷᠢᠯᠢᠭ ᠤᠨᠤᠪᠴᠢᠲᠠᠢ ᠪᠠᠶᠢᠴᠠᠭᠠᠬᠤ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/14
      ᠮᠠᠯᠵᠢᠬᠤ ᠣᠷᠣᠨ ᠤ ᠬᠠᠮᠲᠤ  ᠶᠢᠨ ︽ᠪᠡᠯᠡ ᠮᠦᠩᠭᠦ᠂ ᠡᠳ᠋ ᠬᠦᠷᠦᠩᠭᠡ᠂ ᠡᠬᠢ ᠪᠠᠶᠠᠯᠢᠭ︾ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ  ᠵᠢᠷᠤᠮᠵᠢᠭᠤᠯᠵᠤ᠂ ᠬᠠᠮᠲᠤ ᠶᠢᠨ ᠡᠳ᠋ ᠬᠥᠷᠥᠩᠭᠡ ᠶᠢᠨ ᠰᠠᠭᠤᠷᠢ ᠲᠤᠭ᠎ᠠ ᠶᠢ ᠲᠣᠳᠣᠷᠬᠠᠢ ᠣᠶᠢᠯᠠᠭᠠᠵᠤ᠂ ᠡᠳ᠋ ᠬᠥᠷᠥᠩᠭᠡ ᠶᠢᠨ ᠡᠷᠬᠡ ᠶᠢᠨ ᠬᠠᠷᠢᠶᠠᠯᠠᠯ ᠢ ᠲᠣᠳᠣᠷᠬᠠᠶᠢᠯᠠᠵᠤ᠂ ᠮᠠᠯᠵᠢᠬᠤ ᠣᠷᠣᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ᠰᠠᠭᠤᠷᠢ ᠶᠢ  ᠪᠠᠬᠢᠵᠢᠭᠦᠯᠬᠦ ᠶᠢᠨ ᠲᠦᠯᠦᠭᠡ᠂ 3 ᠰᠠᠷ᠎ᠠ ᠶᠢᠨ 22 ᠤᠨ ᠡᠳᠦᠷ᠂  ᠭᠠᠬᠢᠯ ᠰᠤᠮᠤ ᠮᠠᠯᠵᠢᠬᠤ ᠣᠷᠣᠨ ᠤ ᠬᠠᠮᠲᠤ ᠶᠢᠨ ︽ᠪᠡᠯᠡ ᠮᠦᠩᠭᠦ᠂ ᠡᠳ᠋ ᠬᠦᠷᠦᠩᠭᠡ᠂ ᠡᠬᠢ ᠪᠠᠶᠠᠯᠢᠭ︾ ᠶᠢ ᠨᠠᠷᠢᠯᠢᠭ  ᠤᠨᠤᠪᠴᠢᠲᠠᠢ ᠪᠠᠶᠢᠴᠠᠭᠠᠬᠤ ᠠᠵᠢᠯ ᠤᠨ ᠬᠤᠷᠠᠯ ᠬᠤᠷᠠᠯᠳᠤᠭᠤᠯᠪᠠ᠂ ᠬᠤᠷᠠᠯ ᠢ ᠰᠤᠮᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ᠂ ᠬᠢᠨᠠᠨ ᠪᠠᠶᠢᠴᠠᠭᠠᠬᠤ ᠠᠯᠪᠠᠨ ᠭᠡᠷ ᠤᠨ ᠡᠷᠬᠢᠯᠡᠭᠴᠢ ᠴᠧᠩ ᠳ᠋ᠦᠩ ᠡᠷᠭᠢᠯᠡᠵᠦ᠂  ᠰᠤᠮᠤᠨ ᠤ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠡᠯ᠎ᠡ ᠭᠠᠴᠠᠭᠠᠨ ᠤ ᠨᠠᠮ ᠤᠨ ᠡᠭᠦᠷ ᠤᠨ ᠱᠦᠵᠢ ᠵᠢᠴᠢ ᠬᠠᠮᠢᠶ᠎ᠠ ᠪᠦᠬᠦᠢ ᠠᠵᠢᠯᠲᠠᠨ ᠬᠤᠷᠠᠯ ᠳᠤ  ᠤᠷᠤᠯᠴᠠᠪᠠ᠃      ᠬᠤᠷᠠᠯ ᠳᠡᠭᠡᠷ᠎ᠡ᠂ ︽ᠵᠡᠭᠦᠨ ᠦᠵᠦᠮᠦᠴᠢᠨ ᠬᠤᠰᠢᠭᠤᠨ ᠤ 2025 ᠣᠨ ᠤ ᠮᠠᠯᠵᠢᠬᠤ ᠣᠷᠣᠨ ᠤ ᠬᠠᠮᠲᠤ ᠶᠢᠨ ︿ᠪᠡᠯᠡ ᠮᠦᠩᠭᠦ᠂ ᠡᠳ᠋ ᠬᠦᠷᠦᠩᠭᠡ᠂ ᠡᠬᠢ ᠪᠠᠶᠠᠯᠢᠭ﹀ ᠶᠢᠨ ᠨᠠᠷᠢᠯᠢᠭ ᠤᠨᠤᠪᠴᠢᠲᠠᠢ ᠪᠠᠶᠢᠴᠠᠭᠠᠬᠤ ᠠᠵᠢᠯ ᠤᠨ ᠲᠥᠰᠥᠯ︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠭᠰᠠᠨ ᠪᠥᠭᠡᠳ ᠮᠠᠯᠵᠢᠬᠤ ᠣᠷᠣᠨ ᠤ ᠬᠠᠮᠲᠤ ᠶᠢᠨ ︿ᠪᠡᠯᠡ ᠮᠦᠩᠭᠦ᠂ ᠡᠳ᠋ ᠬᠦᠷᠦᠩᠭᠡ᠂ ᠡᠬᠢ ᠪᠠᠶᠠᠯᠢᠭ﹀ ᠶᠢᠨ ᠨᠠᠷᠢᠯᠢᠭ ᠤᠨᠤᠪᠴᠢᠲᠠᠢ ᠪᠠᠶᠢᠴᠠᠭᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠢ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠡᠢ᠃      ᠬᠤᠷᠠᠯ   ᠠᠴᠠ ᠴᠢᠬᠤᠯᠠᠴᠢᠯᠠᠭᠰᠠᠨ ᠨᠢ᠂ ᠨᠢᠭᠡ ᠳᠤ᠂ ᠦᠵᠡᠯ ᠰᠠᠨᠠᠭᠠᠨ ᠤ ᠵᠣᠭᠰᠣᠴᠠ ᠪᠠᠨ          ᠳᠡᠭᠡᠭᠰᠢᠯᠡᠭᠦᠯᠵᠦ᠂ ᠮᠠᠯᠵᠢᠬᠤ ᠣᠷᠣᠨ ᠤ ᠬᠠᠮᠲᠤ   ᠶᠢᠨ ︽ᠪᠡᠯᠡ ᠮᠦᠩᠭᠦ᠂ ᠡᠳ᠋ ᠬᠦᠷᠦᠩᠭᠡ᠂ ᠡᠬᠢ ᠪᠠᠶᠠᠯᠢᠭ︾   ᠶᠢ ᠨᠠᠷᠢᠯᠢᠭ  ᠤᠨᠤᠪᠴᠢᠲᠠᠢ ᠪᠠᠶᠢᠴᠠᠭᠠᠬᠤ ᠠᠵᠢᠯ   ᠢ ᠥᠷᠨᠢᠭᠦᠯᠬᠦ   ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠬᠠᠷᠢᠭᠤᠴᠠᠯᠭᠠᠲᠤ ᠰᠡᠳᠬᠢᠯᠭᠡ ᠪᠠ ᠪᠠᠴᠢᠮ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠨ᠂ ᠦᠳᠲᠡᠷ ᠲᠦᠷᠭᠡᠨ ᠬᠥᠳᠡᠯᠦᠯᠴᠡᠵᠦ᠂ ᠭᠤᠣᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠦᠨ ᠨᠠᠷᠢᠯᠢᠭ  ᠤᠨᠤᠪᠴᠢᠲᠠᠢ ᠪᠠᠷ ᠬᠦᠴᠦᠯᠡᠵᠦ᠂ ᠡᠳ᠋ ᠬᠥᠷᠥᠩᠭᠡ ᠶᠢ ᠪᠥᠬᠦ ᠲᠠᠯ᠎ᠠ ᠪᠠᠷ ᠢᠯᠭᠠᠷᠠᠭᠤᠯᠤᠨ ᠪᠠᠶᠢᠴᠠᠭᠠᠬᠤ ᠬᠡᠷᠡᠭᠲᠡᠢ︔ ᠬᠤᠶᠠᠷ ᠲᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠭᠤᠣᠯᠳᠠᠯᠭ᠎ᠠ ᠲᠠᠢ ᠡᠳ᠋ ᠬᠥᠷᠥᠩᠭᠡ ᠶᠢ ᠨᠠᠷᠢᠯᠢᠭ  ᠤᠨᠤᠪᠴᠢᠲᠠᠢ ᠪᠠᠶᠢᠴᠠᠭᠠᠵᠤ᠂ ᠭᠠᠴᠠᠭ᠎ᠠ ᠶᠢᠨ ᠬᠠᠮᠲᠤ ᠶᠢᠨ ᠡᠳ᠋ ᠬᠥᠷᠥᠩᠭᠡ ᠶᠢᠨ ᠰᠠᠭᠤᠷᠢ ᠲᠤᠭ᠎ᠠ ᠶᠢ ᠣᠨᠣᠪᠴᠢᠲᠠᠶ ᠡᠵᠡᠮᠳᠡᠨ᠂ ᠡᠳ᠋ ᠬᠥᠷᠥᠩᠭᠡ ᠶᠢ ᠲᠣᠭᠠᠯᠠᠨ ᠪᠦᠷᠢᠳᠬᠡᠬᠦ᠂ ᠲᠠᠩᠰᠠ ᠲᠡᠮᠳᠡᠭᠯᠡᠬᠦ᠂ ᠲᠤᠭ᠎ᠠ ᠪᠠᠷᠢᠮᠲᠠ ᠶᠢ ᠪᠢᠴᠢᠵᠦ ᠣᠷᠣᠭᠤᠯᠬᠤ ᠵᠡᠷᠭᠡ ᠠᠵᠢᠯ ᠢ ᠴᠠᠭ ᠲᠤᠬᠠᠢ ᠳᠤᠨᠢ ᠰᠠᠶᠢᠲᠤᠷ ᠬᠢᠵᠦ᠂  ᠲᠢᠭᠯᠡᠨ ᠪᠠᠶᠢᠴᠠᠭᠠᠬᠤ ᠶᠠᠪᠤᠴᠠ ᠳᠤ ᠢᠯᠡᠷᠡᠭᠦᠯᠦᠭᠰᠡᠨ ᠠᠰᠠᠭᠤᠳᠠᠯ ᠳᠤ ᠡᠬᠡ ᠲᠠᠩᠰᠠ ᠪᠠᠶᠢᠭᠤᠯᠬᠤ ᠶᠢᠨ ᠬᠠᠮᠲᠤ ᠳᠠᠷᠤᠶᠢᠬᠠᠨ ᠴᠡᠭᠴᠡᠯᠡᠨ  ᠰᠠᠶᠢᠵᠢᠷᠠᠭᠤᠯᠬᠤ ᠬᠡᠷᠡᠭᠲᠡᠢ︔ ᠭᠤᠷᠪᠠ ᠳᠤ᠂ ᠴᠠᠭ ᠤᠨ ᠵᠠᠩᠭᠢᠯᠠᠭ᠎ᠠ ᠶᠢᠨ ᠴᠡᠭ ᠢ ᠡᠵᠡᠮᠳᠡᠨ᠂ ᠡᠯ᠎ᠡ ᠵᠦᠢᠯ ᠤᠨ ᠠᠵᠢᠯ ᠤᠨ ᠡᠭᠦᠷᠭᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠢᠯᠭᠠᠷᠠᠭᠤᠯᠤᠨ ᠪᠠᠶᠢᠴᠠᠭᠠᠬᠤ ᠠᠵᠢᠯ ᠤᠨ ᠶᠠᠰᠤ ᠴᠢᠨᠠᠷ ᠢ ᠦᠨᠡᠨ ᠬᠦ ᠳᠡᠭᠡᠭᠰᠢᠯᠡᠭᠦᠯᠦᠨ᠂ ᠨᠢᠭᠡ ᠶᠢ ᠴᠦ ᠣᠷᠬᠢᠭᠳᠠᠭᠤᠯᠬᠤ ᠦᠭᠡᠢ  ᠪᠠᠶᠢᠬᠤ ᠶᠢ ᠪᠡᠶᠡᠯᠡᠭᠦᠯᠵᠦ᠂ ᠴᠠᠭ ᠤᠨ ᠵᠠᠩᠭᠢᠯᠠᠭ᠎ᠠ ᠶᠢᠨ ᠴᠡᠭ ᠢ ᠡᠵᠡᠮᠳᠡᠨ᠂ ᠢᠯᠭᠠᠷᠠᠭᠤᠯᠤᠨ ᠪᠠᠶᠢᠴᠠᠭᠠᠬᠤ ᠡᠭᠦᠷᠭᠡ ᠶᠢᠨ ᠴᠢᠨᠠᠷ ᠪᠠ ᠲᠤᠭ᠎ᠠ ᠬᠡᠮᠵᠢᠶ᠎ᠡ ᠶᠢ ᠪᠠᠲᠤᠯᠠᠨ ᠪᠡᠶᠡᠯᠡᠭᠦᠯᠬᠦ ᠬᠡᠷᠡᠭᠲᠡᠢ ᠭᠡᠵᠠᠢ᠃
 
ᠢᠷᠡᠯᠲᠡ᠄ ᠭᠠᠬᠢᠯ ᠰᠣᠮᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号