ᠭᠠᠴᠠᠭᠠᠨ ᠤ ᠬᠠᠮᠲᠤ ᠶᠢᠨ《 ᠪᠡᠯᠡ ᠮᠥᠩᠭᠦ᠂ ᠡᠳ᠋ ᠬᠥᠷᠥᠩᠭᠡ᠂ ᠡᠬᠢ ᠪᠠᠶᠠᠯᠢᠭ》 ᠤᠨ ᠰᠠᠭᠤᠷᠢ | ᠲᠤᠭ᠎ᠠ ᠶᠢ ᠪᠥᠬᠦ ᠲᠠᠯ᠎ᠠ ᠪᠠᠷ ᠣᠶᠢᠯᠠᠭᠠᠵᠤ᠂ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠬᠠᠮᠢᠶᠠᠷᠤᠯᠲᠠ ᠶᠢ ᠤᠯᠠᠮ | ᠨᠢᠭᠡ ᠠᠯᠬᠤᠮ ᠵᠢᠷᠤᠮᠵᠢᠭᠤᠯᠤᠨ᠂ ᠬᠥᠳᠡᠭᠡ ᠲᠣᠰᠬᠤᠨ ᠤ ᠵᠠᠰᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠦᠷ᠎ᠡ | ᠠᠰᠢᠭ ᠢ ᠨᠡᠮᠡᠭᠳᠡᠭᠦᠯᠬᠦ ᠶᠢ ᠠᠬᠢᠭᠤᠯᠬᠤ ᠶᠢᠨ ᠲᠤᠰᠠᠳᠠ᠂ 3 ᠰᠠᠷ᠎ᠠ ᠶᠢᠨ 23 ᠤ ᠡᠳᠦᠷ᠂ ᠡᠵᠢᠨᠠᠭᠤᠷ ᠪᠠᠯᠭᠠᠰᠣ | ᠭᠠᠴᠠᠭᠠᠨ ᠤ ᠬᠠᠮᠲᠤ ᠶᠢᠨ ᠠᠵᠤ ᠠᠬᠤᠢ ᠶᠢᠨ ︽ᠪᠡᠯᠡ ᠮᠥᠩᠭᠦ᠂ ᠡᠳ᠋ ᠬᠥᠷᠥᠩᠭᠡ᠂ ᠡᠬᠢ ᠪᠠᠶᠠᠯᠢᠭ︾ ᠤᠨ | ᠬᠠᠮᠢᠶᠠᠷᠤᠯᠲᠠ ᠶᠢᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ᠃ ᠬᠤᠷᠠᠯ ᠢ ᠪᠠᠯᠭᠠᠰᠤᠨ ᠤ ᠨᠠᠮ ᠤᠨ | ᠬᠤᠷᠢᠶᠠᠨ ᠤ ᠳᠡᠳ᠋ ᠱᠦᠵᠢ᠂ ᠤᠯᠤᠰ ᠲᠥᠷᠥ ᠶᠢᠨ ᠬᠠᠤᠯᠢ ᠴᠠᠭᠠᠵᠠ ᠶᠢᠨ ᠭᠡᠰᠢᠭᠦᠨ ᠡᠷᠭᠢᠯᠡᠵᠦ᠂ ᠪᠠᠯᠭᠠᠰᠤᠨ ᠤ | ᠨᠠᠮ ᠵᠠᠰᠠᠭ ᠤᠨ ᠤᠳᠤᠷᠢᠳᠬᠤ ᠪᠠᠭ ᠤᠨ ᠬᠡᠰᠢᠭᠦᠨ᠂ ᠲᠥᠪ᠂ ᠠᠩᠭᠢ ᠶᠢᠨ ᠬᠠᠷᠢᠭᠤᠴᠠᠯᠭᠠᠲᠠᠨ᠂ ᠭᠠᠴᠠᠭ᠎ᠠ᠂ | ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠬᠤᠷᠠᠯ ᠳᠤ ᠣᠷᠣᠯᠴᠠᠵᠠᠢ᠃ | ᠬᠤᠷᠠᠯ ᠳᠡᠭᠡᠷ᠎ᠡ᠂ ︽ᠵᠡᠭᠦᠨ ᠦᠵᠦᠮᠦᠴᠢᠨ ᠬᠤᠰᠢᠭᠤᠨ ᠤ 2025 ᠣᠨ ᠤ ᠮᠠᠯᠵᠢᠬᠤ ᠣᠷᠣᠨ ᠤ | ᠬᠠᠮᠲᠤ ᠶᠢᠨ ︿ᠪᠡᠯᠡ ᠮᠥᠩᠭᠦ᠂ ᠡᠳ᠋ ᠬᠥᠷᠥᠩᠭᠡ᠂ ᠡᠬᠢ ᠪᠠᠶᠠᠯᠢᠭ﹀ ᠤᠨ ᠨᠠᠷᠢᠯᠢᠭ ᠣᠨᠥᠪᠴᠢᠲᠠᠢ ᠪᠠᠶᠢᠴᠠᠭᠠᠬᠤ | ᠠᠵᠢᠯ ᠤᠨ ᠲᠥᠰᠥᠯ︾ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠭᠰᠠᠨ ᠪᠥᠭᠡᠳ ᠭᠠᠴᠠᠭᠠᠨ ᠤ ᠬᠠᠮᠲᠤ ᠶᠢᠨ | ︽ᠪᠡᠯᠡ ᠮᠥᠩᠭᠦ᠂ ᠡᠳ᠋ ᠬᠥᠷᠥᠩᠭᠡ᠂ ᠡᠬᠢ ᠪᠠᠶᠠᠯᠢᠭ︾ ᠢ ᠨᠠᠷᠢᠯᠢᠭ ᠣᠨᠣᠴᠠᠲᠠᠢ ᠪᠠᠷ ᠪᠠᠶᠢᠴᠠᠭᠠᠬᠤ ᠠᠵᠢᠯ ᠢ ᠤᠯᠠᠮ | ᠨᠢᠭᠡ ᠠᠯᠬᠤᠮ ᠰᠠᠶᠢᠲᠤᠷ ᠬᠢᠬᠦ ᠲᠤᠬᠠᠢ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠴᠠᠭᠠᠨ ᠤ ᠪᠡᠯᠡ ᠮᠥᠩᠭᠦᠨ ᠭᠦᠢᠯᠭᠡᠭᠡᠨ ᠤ ᠬᠠᠨᠳᠤᠰᠢ᠂ | ᠡᠳ᠋ ᠬᠥᠷᠥᠩᠭᠡ ᠶᠢᠨ ᠬᠠᠮᠢᠶᠠᠷᠤᠯᠲᠠ᠂ ᠡᠬᠢ ᠪᠠᠶᠠᠯᠢᠭ ᠤᠨ ᠬᠡᠷᠡᠭᠯᠡᠯᠲᠡ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢᠨ | ᠲᠣᠭᠤᠷᠢᠨ ᠳᠤ ᠂ ᠲᠠᠩᠰᠠ ᠨᠢ ᠪᠣᠲᠠᠲᠠᠢ ᠪᠠᠶᠢᠳᠠᠯ ᠲᠠᠢ ᠨᠡᠶᠢᠴᠡᠬᠦ ᠡᠰᠡᠬᠦ᠂ ᠡᠳ᠋ ᠬᠥᠷᠥᠩᠭᠡ ᠲᠣᠭᠲᠠᠭᠠᠯ ᠳᠤ | ᠨᠡᠶᠢᠴᠡᠬᠦ ᠡᠰᠡᠬᠦ᠂ ᠭᠡᠷ᠎ᠡ ᠶᠢ ᠵᠢᠷᠤᠮᠵᠢᠭᠤᠯᠤᠨ ᠬᠡᠷᠡᠭᠵᠢᠭᠦᠯᠦᠭᠰᠡᠨ ᠡᠰᠡᠬᠦ ᠶᠢ ᠭᠤᠣᠯᠳᠠᠯᠭ᠎ᠠ ᠲᠠᠢ ᠬᠠᠷᠭᠤᠭᠤᠯᠤᠨ | ᠪᠠᠶᠢᠴᠠᠭᠠᠵᠤ᠂ ᠲᠣᠭᠲᠠᠭᠠᠯ ᠠᠴᠠ ᠵᠥᠷᠢᠴᠡᠨ ᠲᠦᠷᠢᠶᠡᠰᠦᠯᠡᠬᠦ᠂ ᠬᠤᠪᠢ ᠪᠠᠷ ᠢᠶᠠᠨ ᠰᠢᠢᠳᠪᠦᠷᠢᠯᠡᠬᠦ᠂ ᠲᠠᠩᠰᠠ ᠨᠢ | ᠲᠣᠳᠣᠷᠬᠠᠢ ᠦᠭᠡᠢ ᠪᠠᠶᠢᠬᠤ ᠵᠡᠷᠭᠡ ᠠᠰᠠᠭᠤᠳᠠᠯ ᠢ ᠡᠷᠡᠰ ᠬᠤᠷᠢᠭᠯᠠᠵᠤ᠂ ᠡᠳ᠋ ᠬᠥᠷᠥᠩᠭᠡ ᠶᠢ ᠪᠦᠷᠢᠳᠬᠡᠬᠦ᠂ ᠲᠠᠩᠰᠠ | ᠲᠡᠮᠳᠡᠭᠯᠡᠬᠦ᠂ ᠲᠤᠭ᠎ᠠ ᠪᠠᠷᠢᠮᠲᠠ ᠶᠢ ᠪᠢᠴᠢᠵᠦ ᠣᠷᠣᠭᠤᠯᠬᠤ ᠵᠡᠷᠭᠡ ᠠᠵᠢᠯ ᠢ ᠴᠠᠭ ᠲᠤᠬᠠᠢ ᠳᠤᠨᠢ ᠰᠠᠶᠢᠲᠤᠷ ᠬᠢᠬᠦ | ᠬᠡᠷᠡᠭᠲᠡᠢ᠃ | ᠲᠠᠷᠠᠭᠠᠴᠢ ᠶᠢᠨ ᠠᠯᠬᠤᠮ ᠳᠤ᠂ ᠡᠵᠢᠨᠠᠭᠤᠷ ᠪᠠᠯᠭᠠᠰᠤ ᠬᠢᠨᠠᠨ ᠵᠢᠯᠤᠭᠤᠳᠬᠤ ᠪᠠᠨ ᠴᠢᠩᠭᠠᠳᠬᠠᠵᠤ᠂ | ᠭᠠᠴᠠᠭᠠᠨ ᠤ ᠬᠠᠮᠲᠤ ᠶᠢᠨ ᠠᠵᠤ ᠠᠬᠤᠢ ᠶᠢᠨ ︽ᠪᠡᠯᠡ ᠮᠥᠩᠭᠦ᠂ ᠡᠳ᠋ ᠬᠥᠷᠥᠩᠭᠡ᠂ ᠡᠬᠢ ᠪᠠᠶᠠᠯᠢᠭ︾ ᠤᠨ | ᠬᠠᠮᠢᠶᠠᠷᠤᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠪᠠᠶᠢᠬᠤ ᠶᠢ ᠪᠠᠲᠣᠯᠠᠵᠣ᠂ ᠳᠣᠭᠲᠠᠭᠰᠠᠨ | ᠬᠤᠭᠤᠴᠠᠭ᠎ᠠ ᠲᠠᠢ ᠪᠠᠷ ︽ᠭᠤᠷᠪᠠᠨ ᠶᠠᠪᠣᠳᠠᠯ ᠢ ᠢᠯᠡ ᠪᠣᠯᠭᠠᠬᠤ︾ ᠰᠢᠭᠤᠳ ᠨᠡᠪᠲᠡᠷᠡᠭᠦᠯᠭᠡ ᠬᠢᠵᠣ᠂ ᠣᠯᠠᠨ | ᠲᠦᠮᠡᠨ ᠤ ᠬᠢᠨᠠᠯᠲᠠ ᠶᠢ ᠬᠦᠯᠢᠶᠡᠨ ᠠᠪᠴᠣ᠂ ᠪᠠᠶᠢᠴᠠᠭᠠᠯᠲᠠ ᠶᠢᠨ ᠦᠷ᠎ᠡ ᠳ᠋ᠦᠩ ᠢ ᠦᠨᠡᠨᠬᠦ ᠨᠠᠶᠢᠳᠠᠪᠤᠷᠢᠵᠢᠭᠤᠯᠤᠨ | ᠦᠷ᠎ᠡ ᠪᠦᠲᠦᠮᠵᠢ ᠣᠯᠬᠤ ᠶᠢ ᠪᠠᠲᠤᠯᠠᠨ᠎ᠠ᠃ | |