ᠵᠡᠭᠦᠨ ᠥᠵᠤᠮᠤᠴᠢᠨ ᠬᠤᠰᠢᠭᠤᠨ ᠤ ᠬᠠᠳᠠᠪᠴᠢ ᠪᠠᠯᠭᠠᠰᠤ ᠨᠢ 3 ᠰᠠᠷ᠎ᠠ ᠶᠢᠨ 24 ᠤ ᠡᠳᠦᠷ᠂ 2025 | ᠣᠨ ᠤ ︽ᠬᠤᠶᠠᠷ ᠱᠠᠳᠤᠨ︾ ᠤ ᠺᠠᠳ᠋ᠷ ᠤᠨ ᠠᠵᠢᠯ ᠤᠨ ᠬᠤᠷᠠᠯ ᠬᠤᠷᠠᠯᠳᠤᠭᠤᠯᠵᠤ᠂ ᠳᠡᠭᠡᠳᠦ ᠱᠠᠲᠤᠨ ᠤ ᠡᠯ᠎ᠡ | ᠵᠥᠢᠯ ᠤᠨ ᠴᠢᠬᠤᠯᠠ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠵᠢᠯ ᠤᠨ | ᠭᠤᠤᠯᠳᠠᠯᠭ᠎ᠠ ᠲᠠᠢ ᠠᠵᠢᠯ ᠤᠨ ᠡᠭᠦᠷᠭᠡ ᠶᠢ ᠰᠤᠳᠤᠯᠤᠨ ᠪᠠᠶᠢᠷᠢᠯᠠᠭᠤᠯᠪᠠ᠂ ᠬᠤᠷᠠᠯ ᠳᠤ ᠪᠠᠯᠭᠠᠰᠤᠨ ᠤ ᠪᠥᠬᠦ ᠺᠠᠳ᠋ᠷ | ᠠᠵᠢᠯᠲᠠᠨ᠂ ᠡᠯ᠎ᠡ ᠭᠠᠴᠠᠭ᠎ᠠ ︵ᠨᠡᠶᠢᠭᠡᠮ ᠲᠣᠭᠤᠷᠢᠭ︶ ᠤᠨ ︽ᠬᠤᠶᠠᠷ ᠵᠥᠪᠯᠡᠯ︾ ᠤᠨ ᠪᠦᠷᠢᠯᠳᠦᠬᠦᠨ᠂ ᠭᠠᠴᠠᠭᠠᠨ | ᠤ ᠨᠢᠭᠡᠳᠦᠭᠡᠷ ᠱᠦᠵᠢ ᠣᠷᠣᠯᠴᠠᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ 2024 ᠣᠨ ᠳᠤ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠤᠰᠢᠭᠤᠨ ᠤ ᠡᠯ᠎ᠡ ᠪᠠᠶᠢᠭᠤᠯᠭ᠎ᠠ ᠶᠢᠨ ᠬᠦᠴᠦᠲᠡᠢ | ᠳᠡᠮᠵᠢᠯᠭᠡ ᠳᠣᠣᠷ᠎ᠠ᠂ ᠬᠠᠳᠠᠪᠴᠢ ᠪᠠᠯᠭᠠᠰᠤ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠪᠥᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠤᠨ | ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠪᠦᠬᠦᠳᠡ | ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ | ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠣᠨ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠠᠵᠢᠯ ᠤᠨ ᠭᠤᠣᠯ ᠱᠤᠭᠤᠮ ᠢ | ᠲᠤᠤᠱᠯᠠᠭᠤᠯᠤᠨ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠤᠶᠠᠷ ᠶᠡᠭᠡ ᠠᠵᠢᠯ ᠢ ᠰᠠᠶᠢᠲᠤᠷ | ᠬᠢᠵᠦ᠂ ︽ᠲᠠᠪᠤᠨ ᠶᠡᠭᠡ ᠡᠭᠦᠷᠭᠡ︾ ᠶᠢ ᠭᠦᠨᠵᠡᠭᠡᠢ ᠠᠬᠢᠭᠤᠯᠤᠨ᠂ ︽ᠵᠢᠷᠭᠤᠭᠠᠨ ᠢᠨᠵᠧᠨᠧᠷᠢᠩ︾ ᠢ ᠪᠦᠬᠦ | ᠲᠠᠯ᠎ᠠ ᠪᠠᠷ ᠬᠥᠨᠵᠡᠬᠡᠶᠢᠷᠡᠭᠦᠯᠤᠨ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠢ ᠥᠷᠭᠦᠯᠵᠢᠯᠡᠨ ᠴᠢᠩᠭ᠎ᠠ | ᠠᠳᠬᠠᠵᠤ᠂ ᠠᠵᠤ ᠠᠬᠤᠢ᠂ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠬᠥᠴᠤᠲᠠᠢ ᠲᠥᠯᠬᠢᠨ ᠠᠬᠢᠭᠤᠯᠤᠪᠠ᠃ | ᠬᠤᠷᠠᠯ ᠠᠴᠠ᠂ 2025 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ | ᠡᠴᠦᠰ ᠤᠨ ᠵᠢᠯ᠂ ᠮᠥᠨᠴᠦ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠬᠢᠨ ᠤ ᠤᠨ | ᠪᠣᠯᠤᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠥᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠦᠷᠭᠦᠯᠵᠢᠯᠡᠨ ᠪᠠᠷᠢᠮᠲᠠᠯᠠᠵᠤ᠂ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ᠂ ᠰᠢᠷᠭᠠᠭᠤ ᠠᠵᠢᠯᠯᠠᠨ᠂ | ᠬᠥᠴᠤᠯᠡᠨ ᠴᠢᠷᠮᠠᠶᠢᠵᠤ᠂ ᠡᠯ᠎ᠡ ᠲᠠᠯ᠎ᠠ ᠶᠢᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ | | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ | ᠴᠢᠩᠭᠠᠳᠬᠠᠬᠤ ᠲᠤᠬᠠᠢ ᠴᠢᠬᠤᠯᠠ ᠶᠠᠷᠢᠶ᠎ᠠ ᠪᠣᠯᠤᠨ ᠲᠥᠪ ᠤᠨ ᠨᠠᠢᠮᠠᠨ ᠵᠤᠷᠪᠤᠰ ᠲᠣᠭᠲᠠᠭᠠᠯ ᠵᠢᠴᠢ ᠲᠡᠭᠦᠨ ᠤ | ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠲᠥᠪ ᠤᠨ ᠨᠠᠢᠮᠠᠨ ᠵᠤᠷᠪᠤᠰ | ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠭᠰᠠᠨ ᠦᠷ᠎ᠡ ᠪᠦᠲᠦᠮᠵᠢ ᠪᠣᠯᠤᠨ ᠲᠤᠷᠰᠢᠯᠭ᠎ᠠ ᠪᠠᠨ | ᠳ᠋ᠦᠩᠨᠡᠨ ᠰᠤᠷᠤᠯᠴᠠᠵᠤ᠂ ᠲᠠᠨᠢᠯᠲᠠ ᠪᠠᠨ ᠲᠡᠬᠡᠭᠰᠢᠯᠡᠭᠦᠯᠣᠨ᠂ ᠢᠲᠡᠭᠡᠯ ᠢᠶᠠᠨ ᠪᠠᠲᠤᠳᠬᠠᠨ | ᠨᠠᠶᠢᠳᠠᠪᠤᠷᠢᠵᠢᠭᠤᠯᠤᠯᠲᠠ ᠶᠢ ᠴᠢᠩᠭ᠎ᠠ ᠰᠠᠶᠢᠲᠤᠷ ᠠᠳᠬᠤᠬᠤ ᠬᠡᠷᠡᠭᠲᠡᠢ᠃ | ᠬᠠᠪᠤᠷ ᠤᠨ ᠤᠯᠠᠷᠢᠯ ᠤᠨ ᠪᠡᠯᠴᠢᠬᠡᠷ ᠰᠡᠷᠬᠦᠬᠡᠬᠦ ᠠᠵᠢᠯ ᠢ ᠥᠷᠭᠦᠯᠵᠢᠯᠡᠨ ᠴᠢᠩᠭ᠎ᠠ ᠠᠳᠬᠠᠵᠤ᠂ ᠨᠤᠲᠤᠭ | ᠪᠡᠯᠴᠢᠭᠡᠷ ᠤᠨ ᠠᠮᠢ ᠠᠬᠤᠶ ᠶᠢ ᠬᠠᠮᠠᠭᠠᠯᠠᠬᠤ ᠠᠵᠢᠯ ᠢ ᠲᠣᠪᠤᠶᠢᠮ᠎ᠠ ᠪᠠᠶᠢᠷᠢᠨ ᠳᠤ ᠲᠠᠯᠪᠢᠵᠤ᠂ ᠨᠤᠲᠤᠭ ᠪᠡᠯᠴᠢᠭᠡᠷ ᠤᠨ | ᠠᠮᠢ ᠠᠬᠤᠶ ᠶᠢ ᠰᠡᠷᠭᠦᠭᠡᠬᠦ ᠪᠠ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠭᠠᠷᠳᠠᠴᠠ | ᠪᠤᠯᠭᠠᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠤᠨ ᠲᠡᠩᠴᠡᠭᠦᠷᠢ ᠶᠢ | ᠪᠠᠳᠤᠯᠠᠬᠤ ᠲᠥᠷᠢᠮ︾ ᠪᠠ ︽ᠴᠥᠬᠡᠨ ᠮᠠᠯᠵᠢᠵᠤ ᠨᠠᠷᠢᠯᠢᠭ ᠠᠷᠴᠢᠯᠠᠨ᠂ ᠮᠠᠯ ᠰᠥᠷᠥᠭ ᠤᠨ ᠪᠥᠳᠤᠴᠡ ᠶᠢ | ᠰᠢᠯᠢᠳᠡᠭᠵᠢᠭᠦᠯᠬᠦ︾ ᠵᠡᠷᠬᠡ ᠲᠠᠯ᠎ᠠ ᠪᠠᠷ ᠤᠬᠠᠭᠤᠯᠬᠤ ᠶᠢ ᠴᠢᠩᠭᠠᠳᠬᠠᠵᠤ᠂ ᠲᠣᠭᠤᠷᠢᠨ ᠪᠠᠶᠢᠴᠠᠭᠠᠬᠤ ᠡᠷᠴᠢᠮ ᠢᠶᠠᠨ | ᠦᠷᠭᠦᠯᠵᠢᠯᠡᠨ ᠴᠢᠩᠭᠠᠳᠬᠠᠨ᠂ ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠬᠦ ᠪᠠ ᠮᠠᠯ ᠠᠵᠤ ᠠᠬᠤᠶ ᠶᠢᠨ | ᠴᠢᠨᠠᠷ ᠰᠠᠶᠢᠲᠠᠶ ᠬᠥᠭᠵᠢᠯᠲᠡ ᠶᠢ ᠪᠠᠳᠤᠯᠠᠬᠤ ᠶᠢ ᠬᠠᠮᠲᠤ ᠪᠠᠷ ᠠᠬᠢᠭᠤᠯᠬᠤ ᠬᠡᠷᠡᠭᠲᠡᠶ᠃ ᠬᠠᠪᠤᠷ ᠤᠨ ᠤᠯᠠᠷᠢᠯ ᠤᠨ | ᠭᠠᠯ ᠰᠡᠷᠬᠡᠶᠢᠯᠡᠬᠦ ᠬᠤᠭᠤᠴᠠᠭᠠᠨ ᠤ ᠵᠢᠵᠢᠭᠦᠷᠯᠡᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠬᠠᠪᠤᠷ ᠤᠨ | ᠤᠯᠠᠷᠢᠯ ᠤᠨ ᠲᠠᠯ᠎ᠠ ᠨᠤᠳᠤᠭ ᠤᠨ ᠭᠠᠯ ᠤᠨ ᠠᠶᠤᠯ ᠢ ᠰᠡᠷᠬᠡᠶᠢᠯᠡᠬᠦ ᠠᠵᠢᠯ ᠢ ᠰᠠᠶᠢᠲᠤᠷ ᠬᠢᠵᠦ᠂ ᠡᠯ᠎ᠡ ᠵᠥᠢᠯ ᠤᠨ | ᠭᠠᠯ ᠤᠨ ᠠᠶᠤᠯ ᠠᠴᠠ ᠰᠠᠶᠢᠳᠤᠷ ᠰᠡᠷᠭᠡᠶᠢᠯᠡᠨ ᠬᠤᠷᠢᠭᠯᠠᠬᠤ ᠬᠡᠷᠡᠭᠲᠡᠢ᠃ ᠮᠠᠯ ᠡᠮᠨᠡᠯᠭᠡ ᠶᠢᠨ ᠨᠡᠶᠢᠭᠡᠮᠴᠢᠯᠡᠭᠰᠡᠨ | ᠦᠢᠯᠡᠴᠢᠯᠡᠭᠡᠨ ᠤ ᠰᠢᠰᠲ᠋ᠧᠮ ᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠠᠮᠢᠲᠠᠨ ᠤ ᠬᠢᠵᠢᠭ ᠡᠪᠡᠳᠴᠢᠨ ᠢ | ᠰᠡᠷᠭᠡᠶᠢᠯᠡᠨ ᠬᠢᠵᠠᠭᠠᠷᠯᠠᠬᠤ ᠦᠷ᠎ᠡ ᠪᠦᠲᠦᠮᠵᠢ ᠪᠠ ᠬᠠᠮᠤᠷᠬᠤ ᠬᠡᠪᠴᠢᠶ᠎ᠡ ᠶᠢ ᠲᠡᠬᠡᠭᠰᠢᠯᠡᠭᠦᠯᠤᠨ᠂ ᠬᠠᠪᠤᠷ ᠤᠨ | ᠤᠯᠠᠷᠢᠯ ᠤᠨ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠵᠢᠯ ᠢ ᠰᠠᠶᠢᠲᠤᠷ ᠬᠢᠵᠦ᠂ ᠦᠨᠳᠦᠰᠦᠨ | ᠱᠠᠲᠤᠨ ᠤ ᠠᠮᠢᠲᠠᠨ ᠤ ᠬᠢᠵᠢᠭ ᠢ ᠰᠡᠷᠭᠡᠶᠢᠯᠡᠬᠦ ᠠᠵᠢᠯ ᠢ ᠬᠥᠢᠴᠡᠳ ᠨᠠᠶᠢᠳᠠᠪᠤᠷᠢᠵᠢᠭᠤᠯᠬᠤ ᠬᠡᠷᠡᠭᠲᠡᠶ᠃ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠠᠵᠢᠯ ᠶᠢ ᠥᠷᠭᠦᠯᠵᠢᠯᠡᠨ | ᠯᠠᠪᠳᠠᠭᠤᠨ ᠪᠠᠲᠤᠲᠠᠢ ᠠᠬᠢᠭᠤᠯᠵᠤ᠂ ︽ᠠᠷᠪᠠᠨ ᠲᠦᠷᠦᠯ︾ ᠤᠨ ᠭᠤᠤᠯᠳᠠᠯᠭᠠᠳᠤ ᠬᠥᠮᠦᠰ ᠪᠣᠯᠤᠨ ᠬᠢᠨᠠᠨ ᠬᠡᠮᠵᠢᠬᠦ | ᠡᠷᠦᠬᠡ ᠶᠢᠨ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠦᠷᠭᠦᠯᠵᠢᠯᠡᠨ ᠠᠩᠬᠠᠷᠴᠤ᠂ ᠲᠠᠬᠢᠨ ᠶᠠᠳᠠᠭᠤᠷᠠᠬᠤ ᠠᠴᠠ | ᠰᠡᠷᠭᠡᠶᠢᠯᠡᠬᠦ ᠠᠵᠢᠯ ᠢ ᠰᠠᠶᠢᠲᠤᠷ ᠬᠢᠵᠦ᠂ ᠬᠡᠪᠴᠢᠶᠡᠵᠢᠭᠰᠡᠨ ᠴᠢᠨᠠᠷᠲᠠᠢ ᠲᠠᠬᠢᠨ ᠶᠠᠳᠠᠭᠤᠷᠠᠯ ᠭᠠᠷᠬᠤ ᠥᠵᠡᠭᠳᠡᠯ ᠢ | ᠡᠷᠡᠰ ᠰᠡᠷᠬᠡᠶᠢᠯᠡᠬᠦ ᠬᠡᠷᠡᠭᠲᠠᠢ᠃ ᠠᠶᠤᠯᠭᠦᠢ ᠦᠢᠯᠡᠳᠪᠦᠷᠢᠯᠡᠯ ᠤᠨ ᠬᠥᠪᠴᠢ ᠶᠢ ᠤᠯᠠᠮ ᠨᠢᠬᠡ ᠠᠯᠬᠤᠮ | ᠴᠢᠩᠭᠠᠳᠬᠠᠵᠤ᠂ ᠬᠠᠷᠢᠶᠠᠳᠤ ᠤᠷᠤᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠬᠥᠵᠡᠬᠡᠢ ᠨᠠᠶᠢᠳᠠᠪᠤᠷᠢᠵᠢᠭᠤᠯᠤᠨ᠂ | ᠪᠦᠬᠦ ᠪᠠᠯᠭᠠᠰᠤᠨ ᠤ ᠭᠠᠯ ᠤᠨ ᠠᠶᠤᠯ ᠢ ᠰᠡᠷᠬᠡᠶᠢᠯᠡᠬᠦ᠂ ᠦᠶᠡᠷ ᠢ ᠰᠡᠷᠭᠡᠶᠢᠯᠡᠬᠦ ᠪᠠ ᠠᠶᠤᠯᠭᠦᠢ ᠦᠢᠯᠡᠳᠪᠦᠷᠢᠯᠡᠯ ᠤᠨ | ᠠᠵᠢᠯ ᠢ ᠪᠠᠶᠢᠩᠭᠤ ᠶᠢᠨ ᠴᠢᠨᠠᠷᠲᠠᠢ ᠴᠢᠩᠭ᠎ᠠ ᠠᠳᠬᠠᠬᠤ ᠬᠡᠷᠡᠭᠲᠡᠢ᠃ ︽ᠨᠢᠭᠡ ᠭᠠᠴᠠᠭ᠎ᠠ ᠨᠢᠭᠡ ᠤᠨᠴᠠᠯᠢᠭ︾ ᠤᠨ | ᠠᠷᠭ᠎ᠠ ᠪᠠᠷᠢᠯ ᠢ ᠢᠳᠡᠪᠬᠢᠲᠡᠢ ᠲᠥᠯᠥᠪᠵᠢᠭᠦᠯᠦᠨ ᠨᠠᠶᠢᠳᠠᠪᠤᠷᠢᠵᠢᠭᠤᠯᠵᠤ᠂ ᠡᠬᠢ ᠪᠠᠶᠠᠯᠢᠭ ᠤᠨ ᠳᠠᠪᠠᠭᠤᠯᠢᠭ ᠲᠤ | ᠰᠠᠭᠤᠷᠢᠯᠠᠨ ᠤᠨᠴᠠᠯᠢᠬᠳᠤ ᠠᠵᠤ ᠦᠢᠯᠡᠰ ᠢ ᠪᠤᠶᠢᠵᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠳᠣᠲᠣᠭᠠᠳᠤ ᠬᠥᠳᠡᠯᠭᠡᠬᠦ ᠬᠦᠴᠦᠨ ᠢ ᠬᠥᠭᠵᠢᠬᠡᠨ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠪᠦᠬᠦ | ᠬᠦᠴᠦᠨ ᠢᠶᠠᠷ ᠠᠬᠢᠭᠤᠯᠵᠤ᠂ ᠠᠵᠤ ᠠᠬᠤᠢ ᠶᠢᠨ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠬᠦ ᠬᠡᠷᠡᠭᠲᠡᠢ᠃ ᠣᠷᠴᠢᠨ | ᠲᠣᠭᠤᠷᠢᠨ ᠶᠢ ᠴᠡᠭᠴᠡᠯᠡᠨ ᠰᠠᠶᠢᠵᠢᠷᠠᠭᠤᠯᠬᠤ ᠠᠵᠢᠯ ᠢ ᠲᠦᠷᠭᠡᠳᠬᠡᠨ ᠠᠬᠢᠭᠤᠯᠵᠤ᠂ ᠴᠡᠭᠴᠡᠯᠡᠨ ᠵᠠᠰᠠᠬᠤ ᠦᠷ᠎ᠡ | ᠪᠦᠲᠦᠮᠵᠢ ᠶᠢ ᠳᠡᠭᠡᠭᠰᠢᠯᠡᠭᠦᠯᠦᠨ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠮᠡᠳᠡᠯᠭᠡ ᠶᠢᠨ ᠤᠬᠠᠭᠤᠯᠭ᠎ᠠ | ᠬᠥᠮᠦᠵᠢᠯ ᠢ ᠴᠢᠩᠭᠠᠳᠬᠠᠵᠤ᠂ ᠭᠤᠤᠯᠳᠠᠯᠭᠠᠳᠤ ᠬᠥᠮᠦᠰ ᠤᠨ ᠡᠬᠡ ᠲᠠᠩᠰᠠ ᠶᠢ ᠨᠠᠷᠢᠯᠢᠭᠵᠢᠭᠤᠯᠤᠨ᠂ | ᠬᠠᠮᠠᠭᠠᠯᠠᠯᠲᠠ ᠶᠢᠨ ᠴᠢᠨᠠᠷᠲᠠᠶ ᠬᠤᠯᠤᠭᠠᠨ᠎ᠠ ᠤᠰᠠᠳᠬᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ ︽ᠪᠢ ᠤᠯᠠᠨ | ᠲᠦᠮᠡᠨ ᠳᠤ ᠪᠣᠳᠠᠲᠠᠢ ᠶᠠᠪᠤᠳᠠᠯ ᠬᠢᠬᠦ︾ ᠦᠢᠯᠡᠴᠢᠯᠡᠭᠡᠨ ᠤ ᠵᠣᠷᠢᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ | ᠤᠯᠠᠨ ᠲᠥᠮᠡᠨ ᠤ ᠰᠡᠳᠬᠢᠯ ᠢ ᠳᠤᠯᠠᠭᠠᠴᠠᠭᠤᠯᠬᠤ ᠠᠵᠢᠯᠯᠠᠭ᠎ᠠ ᠪᠣᠯᠤᠨ ᠤᠯᠠᠨ ᠲᠥᠮᠡᠨ ᠤ ᠠᠮᠢᠳᠤᠷᠠᠯ ᠳᠤ | ᠬᠤᠯᠪᠤᠭᠳᠠᠬᠤ ᠪᠣᠳᠠᠲᠠᠢ ᠶᠠᠪᠤᠳᠠᠯ ᠢ ᠬᠡᠷᠡᠭᠵᠢᠭᠦᠯᠬᠦ ᠬᠡᠷᠡᠭᠲᠡᠢ᠃ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ | ᠲᠦᠷᠢᠮ ᠲᠣᠭᠲᠠᠭᠠᠯ ᠢ ᠬᠢᠴᠢᠶᠡᠩᠭᠦ᠋ᠢᠯᠡᠨ ᠵᠢᠷᠤᠮᠯᠠᠨ᠂ ᠪᠣᠳᠠᠲᠠᠢ ᠶᠢ ᠡᠷᠬᠢᠮᠯᠡᠨ ᠥᠨᠳᠥᠷ ᠪᠦᠲᠦᠮᠵᠢᠲᠡᠢ ᠪᠠᠶᠢᠬᠤ ᠶᠢ | ᠪᠠᠲᠤᠯᠠᠬᠤ ᠬᠡᠷᠡᠭᠲᠡᠢ ᠬᠡᠪᠡ᠃ | ᠬᠤᠷᠠᠯ ᠲᠡᠬᠡᠷ᠎ᠡ ᠡᠯ᠎ᠡ ᠭᠠᠴᠠᠭ᠎ᠠ ︵ᠨᠡᠶᠢᠭᠡᠮ ᠲᠣᠭᠤᠷᠢᠭ︶ ᠤᠨ ︽ᠬᠤᠶᠠᠷ ᠵᠥᠪᠯᠡᠯ︾ ᠤᠨ | ᠬᠠᠷᠢᠭᠤᠴᠠᠯᠭᠠᠲᠠᠨ ᠲᠠᠢ ᠬᠠᠪᠤᠷ ᠤᠨ ᠤᠯᠠᠷᠢᠯ ᠤᠨ ᠪᠡᠯᠴᠢᠬᠡᠷ ᠰᠡᠷᠬᠦᠬᠡᠬᠦ ᠠᠵᠢᠯ᠂ ᠬᠠᠪᠤᠷ ᠤᠨ ᠤᠯᠠᠷᠢᠯ ᠤᠨ ᠭᠠᠯ | ᠤᠨ ᠠᠶᠤᠯ ᠢ ᠰᠡᠷᠭᠡᠶᠢᠯᠡᠬᠦ ᠠᠵᠢᠯ ᠵᠢᠴᠢ ᠬᠤᠯᠤᠭᠠᠨ᠎ᠠ ᠶᠢᠨ ᠬᠢᠵᠢᠭ ᠢ ᠰᠡᠷᠭᠡᠶᠢᠯᠡᠬᠦ ᠡᠵᠡᠮᠳᠡᠬᠦ ᠠᠵᠢᠯ ᠤᠨ | ᠬᠠᠷᠢᠭᠤᠴᠠᠯᠭ᠎ᠠ ᠶᠢ ᠲᠤᠭᠳᠠᠭᠰᠡᠨ ᠪᠠᠶᠢᠨ᠎ᠠ᠃ |