ᠬᠠᠲᠠᠪᠴᠢ ᠪᠠᠯᠭᠠᠰᠣᠨ ᠤ ᠨᠠᠮ ᠤᠨ ᠬᠤᠷᠢᠶ᠎ᠠ ᠶᠢᠨ ︵ᠥᠷᠭᠡᠳᠬᠡᠭᠰᠡᠨ︶ ᠬᠤᠷᠠᠯ ᠬᠤᠷᠠᠯᠳᠤᠭᠤᠯᠵᠤ ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠣᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠵᠢᠯ ᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2025/4/14
      3 ᠰᠠᠷ᠎ᠠ ᠶᠢᠨ 24 ᠤ ᠡᠳᠦᠷ᠂ ᠬᠠᠲᠠᠪᠴᠢ ᠪᠠᠯᠭᠠᠰᠣᠨ ᠤ ᠨᠠᠮ ᠤᠨ ᠬᠤᠷᠢᠶ᠎ᠠ ᠶᠢᠨ ︵ᠥᠷᠭᠡᠳᠬᠡᠭᠰᠡᠨ︶ ᠬᠤᠷᠠᠯ ᠬᠤᠷᠠᠯᠳᠤᠭᠤᠯᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ  ᠲᠣᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠵᠢᠯ ᠢ ᠪᠠᠶᠢᠷᠢᠯᠠᠭᠤᠯᠪᠠ᠃ ᠪᠠᠯᠭᠠᠰᠤᠨ ᠤ ᠨᠠᠮ ᠵᠠᠰᠠᠭ ᠤᠨ ᠪᠠᠭ ᠤᠨ ᠬᠡᠰᠢᠬᠦᠨ᠂ ᠡᠯ᠎ᠡ ᠭᠠᠴᠠᠭ᠎ᠠ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠱᠦᠵᠢ᠂ ᠪᠥᠬᠦ ᠺᠠᠳ᠋ᠷ ᠠᠵᠢᠯᠲᠠᠨ  ᠬᠤᠷᠠᠯ ᠳᠤ ᠣᠷᠣᠯᠴᠠᠪᠠ᠃      ᠬᠤᠷᠠᠯ ᠳᠤ  ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠨᠠᠮ ᠤᠨ ᠬᠤᠷᠢᠶ᠎ᠠ ᠪᠠ ᠬᠤᠰᠢᠭᠤ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠪᠠ ︽ᠪᠥᠬᠦ ᠬᠤᠰᠢᠭᠤᠨ ᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠣᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠵᠢᠯ ᠢ ᠥᠷᠨᠢᠭᠦᠯᠬᠦ ᠲᠤᠬᠠᠢ ᠲᠥᠰᠥᠯ︾ ᠢ ᠤᠯᠠᠮᠵᠢᠯᠠᠨ ᠰᠤᠷᠤᠯᠴᠠᠭᠰᠠᠨ ᠪᠥᠭᠡᠳ ᠪᠥᠬᠦ ᠪᠠᠯᠭᠠᠰᠤᠨ ᠳᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠣᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠵᠢᠯ ᠢ ᠥᠷᠨᠢᠭᠦᠯᠬᠦ ᠲᠤᠬᠠᠢ ᠪᠠᠶᠢᠷᠢᠯᠠᠭᠤᠯᠤᠯᠲᠠ ᠬᠢᠵᠡᠢ᠃      ᠬᠤᠷᠠᠯ ᠠᠴᠠ᠂ ᠨᠢᠭᠡ ᠳᠤ᠂ ᠲᠥᠪ ᠤᠨ ᠨᠠᠢᠮᠠᠨ  ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠣᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠲᠤᠯᠭᠠᠮ᠎ᠠ ᠴᠢᠨᠠᠷ ᠪᠣᠯᠣᠨ ᠴᠢᠬᠤᠯᠠ ᠴᠢᠨᠠᠷ ᠢ ᠭᠦᠢᠴᠡᠳ        ᠲᠠᠨᠢᠵᠤ᠂ ᠲᠤᠰ ᠪᠡᠶ᠎ᠡ ᠶᠢᠨ ᠨᠠᠮᠴᠢ ᠴᠢᠨᠠᠷ ᠤᠨ ᠪᠣᠯᠪᠠᠰᠤᠷᠠᠯ ᠢᠶᠠᠨ ᠳᠡᠭᠡᠭᠰᠢᠯᠡᠭᠦᠯᠬᠦ᠂ ᠠᠵᠢᠯ ᠤᠨ ᠰᠤᠷᠲᠠᠯ ᠢᠶᠠᠨ ᠰᠠᠶᠢᠵᠢᠷᠠᠭᠤᠯᠬᠤ ᠴᠢᠬᠤᠯᠠ ᠠᠵᠠ ᠲᠣᠬᠢᠶᠠᠯ ᠪᠣᠯᠭᠠᠬᠤ ᠬᠡᠷᠡᠭᠲᠡᠢ᠃ ᠦᠨᠡᠨ ᠬᠦ ᠰᠤᠷᠤᠯᠴᠠᠵᠤ ᠦᠨᠡᠨ ᠬᠦ ᠢᠲᠡᠭᠡᠵᠦ ᠦᠨᠡᠨ ᠬᠦ ᠬᠢᠬᠦ ᠳᠤᠮᠳᠠ ᠤᠬᠠᠮᠰᠠᠷ ᠢᠶᠠᠨ ᠳᠡᠭᠡᠭᠰᠢᠯᠡᠭᠦᠯᠵᠦ᠂ ᠨᠠᠮᠴᠢ ᠴᠢᠨᠠᠷ ᠢᠶᠠᠨ ᠳᠠᠪᠲᠠᠨ ᠪᠣᠯᠪᠠᠰᠤᠷᠠᠭᠤᠯᠵᠤ᠂ ᠠᠵᠢᠯ ᠤᠨ ᠰᠤᠷᠲᠠᠯ ᠢᠶᠠᠨ ᠦᠨᠡᠨ ᠬᠦ ᠰᠠᠶᠢᠵᠢᠷᠠᠭᠤᠯᠤᠨ᠂ ᠦᠢᠯᠡᠴᠢᠯᠡᠭᠡᠨ ᠤ ᠬᠢᠷᠢ ᠬᠡᠮᠵᠢᠶ᠎ᠡ ᠪᠠᠨ ᠳᠡᠭᠡᠭᠰᠢᠯᠡᠭᠦᠯᠵᠦ᠂ ᠨᠠᠮ ᠪᠠ ᠤᠯᠠᠨ ᠲᠦᠮᠡᠨ᠂ ᠺᠠᠳ᠋ᠷ ᠪᠠ ᠤᠯᠠᠨ ᠲᠦᠮᠡᠨ ᠤ ᠬᠠᠷᠢᠴᠠᠭ᠎ᠠ ᠶᠢ ᠨᠢᠭᠲᠠᠷᠠᠭᠤᠯᠵᠤ᠂ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠨᠡᠮᠡᠭᠳᠡᠬᠦᠯᠬᠦ ᠬᠡᠷᠡᠭᠲᠡᠢ᠃ ᠬᠤᠶᠠᠷ ᠲᠤ᠂ ᠰᠤᠷᠤᠯᠴᠠᠬᠤ ᠪᠠ ᠬᠡᠷᠡᠭᠯᠡᠬᠦ ᠶᠢ ᠤᠶᠠᠯᠳᠤᠭᠤᠯᠬᠤ᠂ ᠰᠤᠷᠤᠯᠴᠠᠬᠤ ᠪᠠᠷ ᠠᠵᠢᠯᠯᠠᠬᠤ ᠶᠢ ᠠᠬᠢᠭᠤᠯᠬᠤ ᠶᠢ ᠪᠠᠷᠢᠮᠲᠠᠯᠠᠵᠤ᠂ ᠰᠤᠷᠤᠯᠴᠠᠯᠭ᠎ᠠ ᠬᠥᠮᠦᠵᠢᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠷᠠᠳ ᠤᠨ ᠠᠮᠢᠳᠤᠷᠠᠯ ᠢ ᠪᠠᠲᠤᠯᠠᠬᠤ᠂ ᠦᠨᠳᠦᠰᠦᠨ ᠱᠠᠲᠤᠨ ᠤ ᠵᠠᠰᠠᠯᠲᠠ ᠵᠡᠷᠭᠡ ᠭᠤᠣᠯᠳᠠᠯᠭ᠎ᠠ ᠲᠠᠢ ᠠᠵᠢᠯ ᠲᠠᠢ ᠨᠢᠭᠲᠠ ᠤᠶᠠᠯᠳᠤᠭᠤᠯᠵᠤ᠂ ᠬᠡᠯᠪᠡᠷᠢᠴᠢ ᠦᠵᠡᠯ ᠢ ᠴᠢᠩᠭ᠎ᠠ ᠴᠡᠭᠡᠷᠯᠡᠵᠦ᠂ ᠪᠣᠳᠠᠲᠠᠢ ᠠᠵᠢᠯᠯᠠᠵᠤ ᠠᠮᠵᠢᠯᠲᠠ ᠪᠦᠲᠦᠮᠵᠢ ᠪᠠᠷ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠰᠢᠯᠭᠠᠵᠤ᠂ ᠮᠠᠨ ᠤ ᠪᠠᠯᠭᠠᠰᠤᠨ ᠤ ᠬᠥᠭᠵᠢᠯᠲᠡ ᠳᠤ ᠪᠠᠲᠤ ᠴᠢᠩᠭ᠎ᠠ ᠰᠠᠬᠢᠯᠭ᠎ᠠ ᠪᠠᠲᠤ ᠶᠢᠨ ᠪᠠᠲᠤᠯᠠᠭ᠎ᠠ ᠪᠠ ᠰᠤᠷᠲᠠᠯ ᠤᠨ ᠪᠠᠲᠤᠯᠠᠭ᠎ᠠ ᠬᠠᠩᠭᠠᠬᠤ ᠬᠡᠷᠡᠭᠲᠡᠢ᠃ ᠭᠤᠷᠪᠠ ᠳᠤ᠂ ᠰᠤᠷᠤᠯᠴᠠᠯᠭ᠎ᠠ ᠬᠥᠮᠦᠵᠢᠯ ᠤᠨ ᠠᠵᠢᠯ ᠤᠨ ᠤᠬᠠᠭᠤᠯᠭ᠎ᠠ ᠵᠢᠯᠣᠭᠤᠳᠤᠯᠭ᠎ᠠ ᠶᠢ ᠴᠢᠩᠭᠠᠳᠬᠠᠵᠤ᠂ ᠪᠠᠯᠭᠠᠰᠤᠨ ᠤ ᠤᠬᠠᠭᠤᠯᠭ᠎ᠠ ᠶᠢᠨ ᠳᠠᠪᠴᠠᠩ᠂ ᠨᠡᠶᠢᠲᠡ ᠶᠢᠨ ᠳᠠᠪᠴᠠᠩ ᠵᠡᠷᠭᠡ ᠠᠷᠭ᠎ᠠ ᠵᠠᠮ ᠢᠶᠠᠷ ᠳᠠᠮᠵᠢᠨ ᠰᠤᠷᠤᠯᠴᠠᠯᠭ᠎ᠠ ᠬᠥᠮᠦᠵᠢᠯ ᠤᠨ ᠠᠬᠢᠴᠠ ᠪᠠ ᠦᠷ᠎ᠡ ᠪᠦᠲᠦᠮᠵᠢ ᠶᠢ ᠴᠠᠭ ᠲᠤᠬᠠᠢ ᠳᠤᠨᠢ ᠤᠬᠠᠭᠤᠯᠵᠤ᠂ ᠭᠦᠨ ᠵᠤᠵᠠᠭᠠᠨ ᠰᠤᠷᠤᠯᠴᠠᠬᠤ ᠠᠭᠤᠷ ᠠᠮᠢᠰᠬᠤᠯ ᠢ ᠪᠣᠶ ᠪᠣᠯᠭᠠᠵᠤ᠂ ᠪᠥᠬᠦ ᠪᠠᠯᠭᠠᠰᠤᠨ ᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠤᠬᠠᠮᠰᠠᠷ ᠠᠴᠠ ᠪᠠᠨ ᠵᠢᠷᠤᠮᠯᠠᠨ ᠰᠠᠬᠢᠬᠤ ᠰᠠᠶᠢᠨ ᠰᠠᠶᠢᠬᠠᠨ ᠬᠡᠪ ᠰᠤᠷᠲᠠᠯ ᠢ ᠪᠣᠶ ᠪᠣᠯᠭᠠᠬᠤ ᠶᠢ ᠲᠦᠯᠬᠢᠨ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠬᠠᠳᠠᠪᠴᠢ ᠪᠠᠯᠭᠠᠰᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号