ᠰᠠᠮᠠᠢ ᠰᠤᠮᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠶᠢᠯᠠᠩ ᠲᠥᠪ ᠤᠨ ᠨᠠᠢᠮᠠᠨ ᠳᠤᠭᠲᠠᠭᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠷᠠᠭᠤᠯᠬᠤ ᠰᠤᠷᠤᠯᠴᠠᠯᠭ᠎ᠠ ᠬᠦᠮᠦᠵᠢᠯ ᠤᠨ ᠨᠣᠮ ᠣᠩᠰᠢᠬᠤ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2025/4/15
      4 ᠰᠠᠷ᠎ᠠ ᠶᠢᠨ 8 ᠠᠴᠠ 9 ᠤ ᠡᠳᠦᠷ ᠪᠣᠯᠲᠠᠯ᠎ᠠ᠂ ᠰᠠᠮᠠᠢ ᠰᠤᠮᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠶᠢᠯᠠᠩ‌ᠨᠢ ᠲᠥᠪ ᠤᠨ ᠨᠠᠢᠮᠠᠨ ᠳᠤᠭᠲᠠᠭᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠷᠠᠭᠤᠯᠬᠤ ᠰᠤᠷᠤᠯᠴᠠᠯᠭ᠎ᠠ ᠬᠦᠮᠦᠵᠢᠯ ᠤᠨ ᠨᠣᠮ ᠤᠩᠰᠢᠬᠤ ᠠᠩᠬᠢ ᠡᠷᠬᠢᠯᠡᠵᠦ᠂ ᠰᠤᠮᠤ ᠶᠢᠨ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ ᠵᠢᠴᠢ ᠡᠯ᠎ᠡ ᠠᠵᠢᠯ ᠦᠢᠯᠡᠰ ᠤᠨ ᠨᠢᠭᠡᠴᠡ ᠶᠢᠨ ᠬᠠᠷᠢᠭᠤᠴᠠᠯᠭᠠᠲᠠᠨ ᠰᠤᠷᠤᠯᠴᠠᠯᠭ᠎ᠠ ᠳᠤ ᠣᠷᠣᠯᠴᠠᠪᠠ᠃      ᠲᠣᠰ ᠤᠳᠠᠭᠠᠨ ᠤ ᠨᠣᠮ ᠤᠩᠰᠢᠬᠤ ᠠᠩᠭᠢ ᠶᠢᠨ ᠭᠤᠤᠯ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠦᠨ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠵᠤ᠂ ᠳᠠᠭᠠᠭᠤᠯᠤᠨ ᠰᠤᠷᠤᠯᠴᠠᠬᠤ ᠬᠠᠪᠰᠤᠷᠤᠨ ᠵᠢᠯᠣᠭᠤᠳᠬᠤ᠂ ᠲᠥᠪᠯᠡᠷᠡᠭᠦᠯᠦᠨ ᠰᠤᠷᠤᠯᠴᠠᠬᠤ ᠂ ᠥᠪᠡᠰᠦᠪᠡᠨ ᠰᠤᠷᠤᠯᠴᠠᠬᠤ ᠵᠡᠷᠭᠡ ᠬᠡᠯᠪᠡᠷᠢ ᠪᠠᠷ ᠶᠠᠪᠤᠭᠳᠠᠪᠠ᠃ ᠥᠷᠭᠡᠨ ᠣᠯᠠᠨ ᠨᠠᠮ ᠤᠨ ᠭᠡᠰᠢᠭᠦᠨ ᠺᠠᠳ᠋ᠷ᠂ ᠲᠥᠪ ᠤᠨ ᠨᠠᠶᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂《 ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ  ᠶᠢ ᠴᠢᠩᠭᠠᠳᠬᠠᠬᠤ ᠲᠤᠬᠠᠶ ᠥᠭᠦᠯᠡᠯᠲᠡ ᠶᠢᠨ ᠲᠡᠭᠦᠪᠦᠷᠢ》 ᠶᠢ ᠨᠠᠷᠢᠨ ᠬᠢᠨᠠᠮᠠᠭᠠᠶ ᠰᠤᠳᠤᠯᠤᠨ ᠤᠩᠰᠢᠭᠰᠠᠨ ᠪᠥᠭᠡᠳ ᠲᠥᠪᠯᠡᠷᠡᠭᠦᠯᠦᠨ ᠰᠤᠷᠤᠯᠴᠠᠵᠤ ᠰᠤᠳᠤᠯᠤᠨ ᠶᠠᠷᠢᠯᠴᠠᠪᠠ᠃      ᠬᠤᠷᠠᠯ ᠠᠴᠠ᠂ ᠨᠢᠭᠡ ᠳᠤ᠂ ᠰᠤᠷᠤᠯᠴᠠᠯᠭ᠎ᠠ ᠬᠥᠮᠦᠵᠢᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠰᠤᠷᠤᠯᠴᠠᠯᠭ᠎ᠠ ᠪᠠᠷ ᠡᠬᠢᠯᠡᠯᠲᠡ ᠪᠣᠯᠭᠠᠬᠤ ᠶᠢ ᠪᠠᠷᠢᠮᠲᠠᠯᠠᠵᠤ᠂ ᠨᠣᠮ ᠤᠩᠰᠢᠬᠤ ᠠᠩᠬᠢ ᠡᠷᠬᠢᠯᠡᠵᠦ᠂ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ᠂《ᠭᠤᠷᠪᠠᠨ ᠬᠤᠷᠠᠯ ᠨᠢᠭᠡ ᠬᠢᠴᠢᠶᠡᠯ 》᠂ ᠭᠤᠣᠯ ᠰᠡᠳᠦᠪᠲᠦ ᠨᠠᠮ ᠤᠨ ᠡᠳᠦᠷ ᠵᠡᠷᠭᠡ ᠪᠠᠷ ᠠᠴᠢᠶᠠᠯᠠᠪᠤᠷᠢ ᠪᠣᠯᠭᠠᠵᠤ᠂ ᠰᠤᠷᠤᠯᠴᠠᠯᠭ᠎ᠠ ᠬᠥᠮᠦᠵᠢᠯ ᠢ ᠡᠳᠦᠷ ᠳᠤᠳᠤᠮ ᠤᠨ ᠠᠵᠢᠯ ᠳᠠᠭᠠᠨ ᠠᠭᠤᠰᠤᠯᠴᠠᠭᠤᠯᠵᠤ᠂ ᠪᠠᠶᠢᠩᠭᠤ ᠠᠳᠬᠤᠬᠤ ᠶᠢ ᠠᠬᠢᠭᠤᠯᠬᠤ ᠬᠡᠷᠡᠭᠲᠡᠢ᠃ ᠬᠤᠶᠠᠷ ᠲᠤ᠂ ᠲᠥᠪ ᠤᠨ ᠨᠠᠶᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭᠠᠨ ᠤ ᠠᠭᠤᠯᠤᠭᠳᠠᠬᠤᠨ ᠢ ᠭᠦᠨᠵᠡᠭᠡᠶ ᠰᠤᠷᠤᠯᠴᠠᠨ ᠡᠵᠡᠮᠰᠢᠵᠦ᠂ ᠣᠷᠣᠰᠢᠵᠤ ᠪᠠᠶᠢᠭ᠎ᠠ ᠠᠰᠠᠭᠤᠳᠠᠯ ᠢ ᠪᠠᠷᠢᠮᠵᠢᠶᠠᠯᠠᠨ ᠬᠠᠷᠠᠭᠤᠯᠤᠨ ᠡᠷᠢᠵᠦ᠂ ᠬᠠᠲᠠᠭᠤ ᠲᠠᠢ ᠨᠢ ᠬᠠᠯᠳᠠᠵᠤ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ ᠶᠢ ᠰᠠᠶᠢᠲᠤᠷ ᠠᠳᠬᠤᠵᠤ᠂ ᠴᠢᠨᠠᠷ ᠰᠠᠶᠢᠲᠠᠶ ᠥᠨᠳᠥᠷ ᠪᠦᠲᠦᠮᠵᠢᠲᠡᠶ ᠪᠠᠶᠢᠬᠤ ᠶᠢ ᠨᠢᠭᠡ ᠴᠣᠭᠴᠠᠵᠢᠭᠤᠯᠤᠨ《ᠰᠤᠷᠤᠯᠴᠠᠬᠤ᠂ ᠪᠠᠶᠢᠴᠠᠭᠠᠬᠤ᠂ ᠴᠡᠭᠴᠡᠯᠡᠨ ᠰᠠᠶᠢᠵᠢᠷᠠᠭᠤᠯᠬᠤ》 ᠶᠢ ᠠᠬᠢᠭᠤᠯᠬᠤ ᠬᠡᠷᠡᠭᠲᠡᠶ᠃ ᠭᠤᠷᠪᠠ ᠳᠤ᠂ ᠰᠤᠷᠲᠠᠯ ᠤᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠰᠤᠷᠤᠯᠴᠠᠯᠭ᠎ᠠ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠨᠠᠩ ᠰᠢᠯᠢᠳᠡᠭ ᠠᠵᠢᠯ ᠤᠨ ᠰᠤᠷᠲᠠᠯ  ᠢᠶᠠᠷ ᠰᠤᠮᠤᠨ ᠤ ᠡᠯ᠎ᠡ ᠵᠦᠶᠯ ᠤᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠵᠦ ᠱᠠᠭᠠᠷᠳᠠᠵᠠᠢ᠃
 
ᠢᠷᠡᠯᠲᠡ᠄ ᠰᠠᠮᠠᠢ ᠰᠣᠮᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号