ᠵᠠᠰᠠᠭ ᠤᠨ ᠣᠷᠳᠣᠨ ᠤ ᠠᠵᠢᠯᠲᠠᠨ᠂ ᠠᠷᠠᠳ ᠤᠨ ᠴᠠᠭᠳᠠᠭ᠎ᠠ᠂ ᠡᠷᠦᠬᠡ ᠶᠢᠨ ᠴᠡᠷᠢᠭ ᠪᠣᠯᠤᠨ ᠮᠠᠯᠴᠢᠨ | ᠲᠦᠮᠡᠨ ᠤ ᠭᠠᠯ ᠤᠨ ᠠᠶᠤᠯ ᠢ ᠰᠡᠷᠭᠡᠶᠢᠯᠡᠬᠦ ᠤᠬᠠᠮᠰᠠᠷ ᠢ ᠳᠡᠭᠡᠭᠰᠢᠯᠡᠭᠦᠯᠵᠦ᠂ ᠭᠠᠯ ᠤᠨ ᠠᠶᠤᠯ ᠡᠭᠦᠰᠬᠦ ᠦᠶ᠎ᠡ ᠳᠤ | ᠦᠳᠲᠡᠷ ᠲᠦᠷᠭᠡᠨ ᠪᠦᠲᠦᠮᠵᠢᠲᠡᠶ ᠭᠠᠯ ᠤᠨᠲᠠᠷᠠᠭᠠᠬᠤ ᠶᠢ ᠦᠨᠡᠨ ᠬᠦ ᠪᠠᠲᠤᠯᠠᠵᠤ᠂ ᠲᠠᠯ᠎ᠠ ᠨᠤᠲᠤᠭ ᠤᠨ ᠭᠠᠯ ᠤᠨ | ᠠᠶᠤᠯ ᠢ ᠪᠦᠲᠦᠮᠵᠢᠲᠡᠢ ᠰᠡᠷᠭᠡᠶᠢᠯᠡᠵᠦ᠂ ᠣᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ | ᠬᠠᠮᠠᠭᠠᠯᠠᠬᠤ ᠶᠢᠨ ᠲᠥᠯᠥᠭᠡ᠂ 4 ᠰᠠᠷ᠎ᠠ ᠶᠢᠨ 8 ᠤ ᠡᠳᠦᠷ᠂ ᠰᠠᠮᠠᠢ ᠰᠤᠮᠤᠨ ᠤ ᠵᠠᠰᠠᠭ ᠤᠨ ᠣᠷᠳᠣᠨ ᠬᠠᠷᠢᠶᠠᠲᠤ | ᠣᠷᠣᠨ ᠤ ᠪᠠᠨ ᠲᠣᠮᠢᠯᠠᠭᠰᠠᠨ ᠰᠠᠯᠪᠤᠷᠢ ᠲᠠᠢ ᠬᠠᠮᠲᠤᠷᠠᠨ ᠪᠣᠳᠠᠲᠠᠢ ᠭᠠᠯ ᠤᠨ ᠠᠶᠤᠯ ᠢ ᠰᠡᠷᠭᠡᠶᠢᠯᠡᠬᠦ ᠰᠣᠷᠢᠯᠲᠠ ᠶᠢᠨ | ᠠᠵᠢᠯᠯᠠᠭ᠎ᠠ ᠥᠷᠨᠢᠭᠦᠯᠪᠡ᠃ | ᠡᠩ ᠲᠡᠷᠢᠭᠦᠨ ᠳᠤ᠂ ᠲᠤᠰᠬᠠᠶ ᠠᠵᠢᠯᠲᠠᠨ ᠠᠴᠠ ᠭᠠᠯ ᠤᠨᠲᠠᠷᠠᠭᠠᠬᠤ ᠠᠩᠭᠢ ᠶᠢᠨ ᠭᠡᠰᠢᠭᠦᠨ ᠤ ᠭᠠᠯ ᠤᠨ | ᠠᠶᠤᠯ ᠢ ᠰᠡᠷᠭᠡᠶᠢᠯᠡᠬᠦ ᠪᠠ ᠭᠠᠯ ᠤᠨᠲᠠᠷᠠᠭᠠᠬᠤ ᠮᠡᠳᠡᠯᠭᠡ ᠶᠢᠨ ᠪᠣᠯᠪᠠᠰᠤᠷᠠᠭᠤᠯᠤᠯ ᠬᠢᠵᠦ᠂ ᠭᠠᠯ ᠤᠨ ᠠᠶᠤᠯ ᠡᠭᠦᠰᠬᠦ | ᠦᠶ᠎ᠡ ᠶᠢᠨ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠪᠠ ᠭᠠᠯ ᠤᠨᠲᠠᠷᠠᠭᠠᠬᠤ ᠪᠠᠭᠠᠵᠢ ᠬᠡᠷᠡᠭᠰᠡᠯ ᠢ ᠬᠡᠷᠡᠭᠯᠡᠬᠦ | ᠠᠷᠭ᠎ᠠ ᠶᠢ ᠨᠠᠷᠢᠨ ᠲᠠᠶᠢᠯᠪᠤᠷᠢᠯᠠᠵᠠᠶ᠃ ᠡᠭᠦᠨ ᠤ ᠳᠠᠷᠠᠭ᠎ᠠ᠂ ᠭᠠᠯ ᠤᠨ ᠭᠠᠮᠰᠢᠭ ᠡᠭᠦᠰᠦᠭᠰᠡᠨ ᠪᠠᠶᠢᠳᠠᠯ ᠢ | ᠳᠠᠭᠤᠷᠢᠶᠠᠵᠤ᠂ ᠣᠷᠣᠯᠴᠠᠭᠴᠢ ᠦᠳᠲᠡᠷ ᠲᠦᠷᠭᠡᠨ ᠴᠤᠭᠯᠠᠷᠠᠵᠤ᠂ ᠤᠷᠢᠳᠴᠢᠯᠠᠨ ᠲᠣᠭᠲᠠᠭᠠᠭᠰᠠᠨ ᠪᠠᠴᠢᠮ | ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠶᠣᠰᠣᠭᠠᠷ ᠠᠵᠢᠯᠯᠠᠭ᠎ᠠ ᠥᠷᠨᠢᠭᠦᠯᠪᠡ᠃ ᠰᠣᠷᠢᠯᠲᠠ ᠶᠢᠨ | ᠶᠠᠪᠤᠴᠠ ᠳᠤ᠂ ᠠᠵᠢᠯᠲᠠᠳ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠ ᠬᠠᠮᠵᠢᠯᠴᠠᠬᠤ ᠵᠣᠷᠢᠭ | ᠰᠠᠨᠠᠭ᠎ᠠ ᠶᠢ ᠢᠯᠡᠷᠡᠭᠦᠯᠵᠦ᠂ ᠭᠠᠯ ᠤᠨ ᠠᠶᠤᠯ ᠢ ᠰᠡᠷᠭᠡᠶᠢᠯᠡᠬᠦ ᠲᠤᠰᠠᠭᠠᠷᠯᠠᠬᠤ ᠪᠦᠰᠡ ᠶᠢ ᠦᠳᠲᠡᠷ ᠲᠦᠷᠭᠡᠨ | ᠪᠠᠶᠢᠭᠤᠯᠵᠤ᠂ ᠭᠠᠯ ᠤᠨᠲᠠᠷᠠᠭᠠᠬᠤ ᠪᠠᠭᠠᠵᠢ ᠪᠣᠯᠤᠨ ᠤᠰᠤᠨ ᠲᠡᠷᠭᠡ ᠵᠡᠷᠭᠡ ᠲᠥᠬᠦᠭᠡᠷᠦᠮᠵᠢ ᠶᠢ ᠬᠡᠷᠡᠭᠯᠡᠨ ᠭᠠᠯ | ᠤᠨᠲᠠᠷᠠᠭᠠᠬᠤ ᠶᠢᠨ ᠬᠠᠮᠲᠤ ᠬᠥᠮᠦᠰ ᠤᠨ ᠠᠮᠤᠷ ᠲᠦᠪᠰᠢᠨ ᠢᠶᠠᠷ ᠤᠬᠤᠷᠢᠨ ᠭᠠᠷᠬᠤ ᠶᠢ ᠪᠠᠲᠤᠯᠠᠪᠠ᠃ ᠲᠣᠰ | ᠤᠳᠠᠭᠠᠨ ᠤ ᠰᠣᠷᠢᠯᠲᠠ ᠪᠠᠷ ᠳᠡᠮᠵᠢᠨ᠂ ᠣᠯᠠᠨ ᠢᠶᠠᠷ ᠢᠶᠠᠨ ᠭᠠᠯ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠨ | ᠰᠢᠢᠳᠪᠦᠷᠢᠯᠡᠬᠦ ᠶᠠᠪᠤᠴᠠ ᠶᠢᠨ ᠲᠤᠬᠠᠶ ᠨᠠᠩ ᠭᠦᠨᠵᠡᠭᠡᠶ ᠣᠶᠢᠯᠠᠭᠠᠯᠲᠠ ᠲᠠᠢ ᠪᠣᠯᠵᠣ᠂ ᠪᠣᠳᠠᠲᠤ ᠦᠢᠯᠡᠳᠦᠯᠭᠡ ᠶᠢᠨ | ᠴᠢᠳᠠᠪᠤᠷᠢ ᠪᠠᠨ ᠳᠡᠭᠡᠭᠰᠢᠯᠡᠭᠦᠯᠪᠡ᠃ | ᠭᠠᠯ ᠤᠨ ᠠᠶᠤᠯ ᠢ ᠰᠡᠷᠭᠡᠶᠢᠯᠡᠬᠦ ᠬᠤᠭᠤᠴᠠᠭ᠎ᠠ ᠬᠦᠷᠴᠦ ᠢᠷᠡᠬᠦ ᠠᠴᠠ ᠡᠮᠦᠨ᠎ᠡ᠂ ᠰᠤᠮᠤᠨ ᠤ ᠵᠠᠰᠠᠭ ᠤᠨ | ᠣᠷᠳᠣᠨ ᠢᠳᠡᠪᠬᠢᠲᠡᠶ ᠪᠠᠶᠢᠷᠢᠯᠠᠭᠤᠯᠵᠤ᠂ ᠭᠠᠯ ᠰᠡᠷᠭᠡᠶᠢᠯᠡᠬᠦ ᠪᠠᠶᠢᠴᠠᠭᠠᠯᠲᠠ ᠶᠢᠨ ᠥᠷᠲᠡᠭᠡ ᠭᠠᠷᠭᠠᠵᠤ᠂ ᠨᠠᠰᠢ ᠴᠠᠰᠢ | ᠶᠠᠪᠤᠬᠤ ᠲᠡᠷᠭᠡ ᠬᠥᠰᠬᠡ ᠶᠢ ᠵᠢᠭᠰᠠᠭᠠᠨ ᠪᠠᠶᠢᠴᠠᠭᠠᠵᠤ ᠳᠠᠩᠰᠠᠯᠠᠨ᠂ ᠭᠠᠴᠠᠭ᠎ᠠ ︵ᠨᠡᠶᠢᠭᠡᠮ ᠲᠣᠭᠤᠷᠢᠭ︶᠂ ᠠᠵᠤ | ᠠᠬᠤᠶᠢᠯᠠᠯ ᠪᠠ ᠮᠠᠯᠵᠢᠬᠤ ᠡᠷᠦᠬᠡ ᠲᠠᠢ ᠱᠠᠲᠤ ᠱᠠᠲᠤ ᠪᠠᠷ ᠭᠠᠯ ᠤᠨ ᠠᠶᠤᠯ ᠢ ᠰᠡᠷᠭᠡᠶᠢᠯᠡᠬᠦ ᠬᠠᠷᠢᠭᠤᠴᠠᠯᠭ᠎ᠠ ᠶᠢᠨ | ᠪᠢᠴᠢᠭ ᠲᠤ ᠭᠠᠷ ᠤᠨ ᠥᠰᠥᠭ ᠵᠢᠷᠤᠵᠤ᠂ 500 ᠭᠠᠷᠤᠶ ᠬᠤᠪᠢ ᠤᠬᠠᠭᠤᠯᠭ᠎ᠠ ᠶᠢᠨ ᠳᠡᠪᠲᠡᠷ ᠲᠠᠷᠬᠠᠭᠠᠵᠤ᠂ ᠵᠠᠮ | ᠳᠠᠭᠠᠤ ᠭᠠᠯ ᠤᠨ ᠠᠶᠤᠯ ᠢ ᠰᠡᠷᠭᠡᠶᠢᠯᠡᠬᠦ ᠤᠬᠠᠭᠤᠯᠭ᠎ᠠ ᠶᠢᠨ ᠲᠤᠭ ᠬᠠᠳᠬᠤᠨ᠂ ᠮᠠᠯᠴᠢᠨ ᠪᠠ ᠨᠠᠰᠢ ᠴᠠᠰᠢ ᠶᠠᠪᠤᠬᠤ | ᠬᠥᠮᠦᠰ ᠲᠤ ᠭᠠᠯ ᠬᠡᠷᠡᠭᠯᠡᠬᠦ ᠠᠮᠤᠷ ᠲᠦᠪᠰᠢᠨ᠂ ᠳᠤᠷ᠎ᠠ ᠪᠠᠷ ᠢᠶᠠᠨ ᠬᠤᠭ ᠨᠣᠪᠰᠢ ᠰᠢᠲᠠᠭᠠᠬᠤ ᠶᠢ ᠴᠠᠭᠠᠵᠠᠯᠠᠵᠤ᠂ | ᠠᠯᠮᠠᠶᠢᠷᠠᠨ ᠠᠴᠠ ᠪᠣᠯᠵᠣ ᠭᠠᠯ ᠤᠨ ᠠᠶᠤᠯ ᠡᠭᠦᠰᠬᠦ ᠠᠴᠠ ᠵᠠᠶᠢᠯᠠᠰᠬᠢᠬᠦ ᠬᠡᠷᠡᠭᠲᠡᠶ ᠵᠡᠷᠭᠡ ᠶᠢ ᠰᠡᠷᠡᠮᠵᠢᠯᠡᠭᠦᠯᠪᠡ᠃ | ᠭᠠᠯ ᠤᠨ ᠠᠶᠤᠯ ᠢ ᠰᠡᠷᠭᠡᠶᠢᠯᠡᠬᠦ ᠠᠵᠢᠯ ᠪᠣᠯ ᠨᠢᠭᠡᠨ ᠤᠷᠲᠤ ᠬᠤᠭᠤᠴᠠᠭᠠᠨ ᠤ ᠮᠥᠷᠲᠡᠭᠡᠨ ᠬᠠᠲᠠᠭᠤ ᠪᠡᠷᠬᠡ ᠡᠭᠦᠷᠭᠡ | ᠪᠣᠯᠬᠤᠷ ᠵᠠᠰᠠᠭ ᠤᠨ ᠣᠷᠳᠣᠨ᠂ ᠣᠯᠠᠨ ᠲᠦᠮᠡᠨ ᠨᠢᠭᠡᠪᠦᠷᠢ ᠶᠢᠨ ᠬᠠᠮᠲᠤ ᠶᠢᠨ ᠴᠢᠷᠮᠠᠶᠢᠯᠭ᠎ᠠ ᠴᠢᠬᠤᠯᠠ ᠲᠠᠢ ᠶᠤᠮ᠃ | ᠰᠤᠮᠤᠨ ᠤ ᠵᠠᠰᠠᠭ ᠤᠨ ᠣᠷᠳᠣᠨ ᠨᠢ ᠭᠠᠯ ᠤᠨ ᠠᠶᠤᠯ ᠢ ᠰᠡᠷᠭᠡᠶᠢᠯᠡᠬᠦ ᠤᠬᠠᠭᠤᠯᠭ᠎ᠠ ᠪᠠ ᠪᠣᠯᠪᠠᠰᠤᠷᠠᠭᠤᠯᠤᠯ ᠢ | ᠦᠷᠭᠦᠯᠵᠢᠯᠡᠨ ᠴᠢᠩᠭᠠᠳᠬᠠᠵᠤ᠂ ᠪᠦᠬᠦ ᠠᠷᠠᠳ ᠤᠨ ᠭᠠᠯ ᠰᠡᠷᠭᠡᠶᠢᠯᠡᠬᠦ ᠦᠵᠡᠯ ᠤᠬᠠᠮᠰᠠᠷ ᠢ ᠳᠡᠭᠡᠭᠰᠢᠯᠡᠭᠦᠯᠦᠨ᠂ | ᠮᠠᠯᠴᠢᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠨ᠎ᠠ᠃ |