ᠤᠯᠢᠶᠠᠰᠤᠲᠠᠢ ᠪᠠᠯᠭᠠᠰᠤ ᠨᠢ 2025ᠣᠨ ᠤ ᠬᠤᠲᠠ ᠪᠠᠯᠭᠠᠰᠤᠨ ᠤ ᠨᠠᠮ ᠤᠨ ᠪᠠᠶᠢᠭᠤᠯᠤᠯᠲᠠ ᠵᠢᠴᠢ ᠨᠡᠶᠢᠭᠡᠮ ᠲᠣᠭᠤᠷᠢᠭ ᠤᠨ ᠠᠵᠢᠯ ᠤᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/15
      ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠨᠠᠮ ᠤᠨ ᠬᠤᠷᠢᠶ᠎ᠠ ᠵᠢᠴᠢ ᠬᠤᠰᠢᠭᠤ ᠨᠠᠮ ᠤᠨ ᠬᠤᠷᠢᠶᠠᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠭᠦᠨᠵᠡᠭᠡᠢ ᠰᠤᠷᠣᠯᠴᠠᠨ᠂ 2024 ᠣᠨ ᠤ ᠠᠵᠢᠯ ᠤᠨ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳ᠋ᠦᠩᠨᠡᠨ ᠡᠷᠭᠢᠴᠡᠭᠦᠯᠵᠦ᠂ 2025 ᠣᠨ ᠤ ᠬᠤᠲᠠ ᠪᠠᠯᠭᠠᠰᠤᠨ ᠤ ᠨᠠᠮ ᠤᠨ ᠪᠠᠶᠢᠭᠤᠯᠤᠯᠲᠠ ᠵᠢᠴᠢ ᠨᠡᠶᠢᠭᠡᠮ ᠲᠣᠭᠤᠷᠢᠭ ᠤᠨ ᠠᠵᠢᠯ ᠤᠨ ᠭᠤᠣᠯᠳᠠᠯᠭ᠎ᠠ ᠲᠠᠢ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠵᠤ᠂ ᠨᠡᠶᠢᠭᠡᠮ ᠲᠣᠭᠤᠷᠢᠭ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠶᠢ ᠲᠥᠯᠥᠪᠯᠡᠨ᠂ ᠴᠢᠭᠯᠡᠯ ᠢ ᠲᠣᠳᠣᠷᠬᠠᠢ ᠪᠤᠯᠭᠠᠬᠤ ᠶᠢᠨ ᠲᠤᠰᠠᠳᠠ᠂ 3 ᠰᠠᠷ᠎ᠠ ᠶᠢᠨ 14 ᠤ ᠡᠳᠦᠷ᠂ ᠤᠯᠢᠶᠠᠰᠤᠲᠠᠢ ᠪᠠᠯᠭᠠᠰᠤ ᠨᠢ 2025 ᠣᠨ ᠤ ᠪᠥᠬᠦ ᠪᠠᠯᠭᠠᠰᠤᠨ ᠤ ᠬᠤᠲᠠ ᠪᠠᠯᠭᠠᠰᠤᠨ ᠤ ᠨᠠᠮ ᠤᠨ ᠪᠠᠶᠢᠭᠤᠯᠤᠯᠲᠠ ᠵᠢᠴᠢ ᠨᠡᠶᠢᠭᠡᠮ ᠲᠣᠭᠤᠷᠢᠭ ᠤᠨ ᠠᠵᠢᠯ ᠤᠨ ᠬᠤᠷᠠᠯ ᠢ ᠬᠤᠷᠠᠯᠳᠤᠭᠤᠯᠵᠤ᠂ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠭᠦᠨ᠂ ᠠᠵᠢᠯ ᠦᠢᠯᠡᠰ ᠤᠨ ᠨᠢᠭᠡᠴᠡ ᠶᠢᠨ ᠭᠤᠣᠯ ᠬᠠᠷᠢᠭᠤᠴᠠᠯᠭᠠᠲᠠᠨ᠂ ᠡᠯ᠎ᠡ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ᠂ ᠳᠡᠳ᠋ ᠱᠦᠵᠢ᠂ ᠰᠠᠭᠤᠭᠠᠯᠢ ᠠᠷᠠᠳ ᠤᠨ ᠵᠥᠪᠯᠡᠯ ᠤᠨ ᠳᠡᠳ᠋ ᠡᠷᠬᠢᠯᠡᠭᠴᠢ ᠵᠢᠴᠢ ᠪᠠᠯᠭᠠᠰᠤᠨ ᠤ ᠪᠥᠬᠦ ᠺᠠᠳ᠋ᠷ ᠠᠵᠢᠯᠲᠠᠨ ᠠᠵᠢᠯᠴᠢᠨ ᠠᠴᠠ ᠬᠤᠷᠠᠯ ᠳᠤ ᠣᠷᠣᠯᠴᠠᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠥᠩᠭᠡᠷᠡᠭᠰᠡᠨ ᠨᠢᠭᠡ ᠵᠢᠯ ᠳᠤ᠂ ᠪᠦᠬᠦ ᠪᠠᠯᠭᠠᠰᠤ ᠪᠠᠷ ᠢᠶᠠᠨ ᠰᠢ ᠶᠢᠨ ᠫᠢᠩ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠢᠮᠠᠭᠲᠠ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠭᠡᠬᠦ ᠡᠨᠡᠬᠦ ᠭᠤᠣᠯ ᠰᠢᠵᠢᠮ ᠢ ᠪᠠᠲᠤ ᠪᠠᠬᠢ ᠪᠤᠶ ᠪᠣᠯᠭᠠᠵᠤ᠂ ᠨᠠᠮ ᠤᠨ ᠬᠤᠳᠠ ᠪᠠᠯᠭᠠᠰᠤᠨ ᠤ ᠨᠡᠶᠢᠭᠡᠮ ᠲᠣᠭᠤᠷᠢᠭ ᠤᠨ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠬᠤᠳᠠ ᠪᠠᠯᠭᠠᠰᠤᠨ ᠤ ᠬᠡᠪᠴᠢᠶᠡᠨ ᠤ ᠵᠠᠰᠠᠯᠲᠠ ᠶᠢᠨ ᠰᠢᠰᠲ᠋ᠧᠮ ᠢ ᠪᠦᠲᠦᠮᠵᠢᠲᠡᠢ ᠲᠡᠭᠦᠯᠳᠡᠷᠵᠢᠭᠦᠯᠵᠦ᠂ ᠦᠢᠯᠡᠴᠢᠯᠡᠭᠡ ᠪᠠᠲᠤᠯᠠᠪᠤᠷᠢ ᠶᠢᠨ ᠲᠦᠪᠰᠢᠨ ᠢ ᠦᠷᠭᠦᠯᠵᠢᠯᠡᠨ ᠰᠢᠯᠢᠳᠡᠭᠵᠢᠭᠦᠯᠵᠦ᠂ ᠬᠤᠳᠠ ᠪᠠᠯᠭᠠᠰᠤᠨ ᠤ ᠬᠥᠭᠵᠢᠯᠲᠡ ᠶᠢᠨ ᠳᠦᠷᠰᠦ ᠪᠠᠶᠢᠳᠠᠯ ᠢ ᠳᠠᠰᠤᠷᠠᠯᠳᠠ ᠦᠭᠡᠢ ᠰᠢᠨᠡᠳᠬᠡᠵᠦ᠂ 2024 ᠣᠨ ᠤ ᠡᠯ᠎ᠡ ᠵᠦᠢᠯ ᠤᠨ ᠠᠵᠢᠯ ᠤᠨ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠵᠦ᠂ ᠨᠠᠮ ᠤᠨ ᠪᠠᠶᠢᠭᠤᠯᠤᠯᠲᠠ ᠪᠣᠯᠣᠨ ᠡᠯ᠎ᠡ ᠵᠦᠢᠯ ᠤᠨ ᠦᠢᠯᠡᠰ ᠤᠨ ᠳᠠᠰᠤᠷᠠᠯᠳᠠ ᠦᠭᠡᠢ ᠳᠠᠪᠰᠢᠬᠤ ᠶᠢ ᠪᠡᠶᠡᠯᠡᠭᠦᠯᠵᠦ᠂ ᠠᠷᠠᠳ ᠤᠯᠠᠨ ᠤ ᠵᠣᠯ ᠵᠢᠷᠭᠠᠯ ᠤᠨ ᠲᠥᠷᠥᠭᠳᠡᠯ ᠬᠦᠷᠲᠡᠮᠵᠢ ᠶᠢᠨ ᠲᠥᠷᠥᠭᠳᠡᠯ ᠪᠣᠯᠣᠨ ᠠᠮᠤᠷ ᠲᠦᠪᠰᠢᠨ ᠤ ᠲᠥᠷᠥᠭᠳᠡᠯ ᠢ ᠳᠠᠰᠤᠷᠠᠯᠳᠠ ᠦᠭᠡᠢ ᠳᠡᠭᠡᠭᠰᠢᠯᠡᠭᠦᠯᠪᠡ᠃      ᠬᠤᠷᠠᠯ ᠠᠴᠠ ᠴᠢᠬᠤᠯᠠᠴᠢᠯᠠᠭᠰᠠᠨ ᠨᠢ᠂ 2025 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠬᠤ ᠵᠠᠩᠭᠢᠯᠠᠭ᠎ᠠ ᠶᠢᠨ ᠵᠢᠯ ᠮᠥᠨ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢᠨ ᠰᠢᠢᠳᠪᠦᠷᠢᠲᠦ ᠢᠯᠠᠯᠲᠠ ᠶᠢ ᠣᠯᠬᠤ ᠪᠡᠷᠬᠡ ᠰᠡᠳᠦᠪ ᠢ ᠰᠢᠢᠳᠪᠦᠷᠢᠯᠡᠬᠦ ᠵᠢᠯ ᠮᠥᠨ᠂ ᠪᠦᠬᠦ ᠪᠠᠯᠭᠠᠰᠤ ᠪᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ ᠪᠣᠯᠭᠠᠬᠤ ᠡᠨᠡᠬᠦ ᠭᠤᠣᠯ ᠰᠢᠵᠢᠮ ᠢ ᠬᠤᠲᠠ ᠪᠠᠯᠭᠠᠰᠤᠨ ᠤ ᠨᠠᠮ ᠤᠨ ᠪᠠᠶᠢᠭᠤᠯᠤᠯᠲᠠ ᠪᠣᠯᠣᠨ ᠨᠡᠶᠢᠭᠡᠮ ᠲᠣᠭᠤᠷᠢᠭ ᠤᠨ ᠠᠵᠢᠯ ᠳᠤ ᠢᠮᠠᠭᠲᠠ ᠲᠤᠭᠤᠰᠢᠯᠠᠭᠤᠯᠵᠤ᠂ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠲᠤᠪᠤᠶᠢᠯᠭᠠᠵᠦ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠲᠣᠭᠲᠠᠭᠤᠨ ᠤ ᠳᠤᠮᠳᠠ ᠤᠷᠤᠭᠰᠢᠯᠠᠬᠤ ᠶᠢ ᠪᠠᠷᠢᠮᠲᠠᠯᠠᠵᠤ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠰᠠᠶᠢᠨ ᠰᠠᠶᠢᠬᠠᠨ ᠡᠬᠢᠯᠡᠯᠲᠡ ᠶᠢ ᠪᠡᠶᠡᠯᠡᠭᠦᠯᠬᠦ ᠳᠤ ᠪᠠᠲᠤ ᠰᠠᠭᠤᠷᠢ ᠲᠠᠯᠪᠢᠬᠤ ᠬᠡᠷᠡᠭᠲᠡᠢ᠃ ᠨᠢᠭᠡ ᠳᠤ᠂ ᠵᠣᠭᠰᠣᠴᠠ ᠪᠠᠨ ᠪᠠᠲᠤᠳᠬᠠᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠬᠦᠴᠦᠨ ᠢ ᠦᠷᠭᠦᠯᠵᠢᠯᠡᠨ ᠴᠢᠩᠭᠠᠳᠬᠠᠬᠤ ᠬᠡᠷᠡᠭᠲᠡᠢ᠃ ᠨᠠᠮ ᠤᠨ ᠰᠢᠨ᠎ᠡ ᠡᠭᠦᠳᠦᠯᠲᠡ ᠶᠢᠨ ᠣᠨᠣᠯ ᠪᠣᠯᠣᠨ ᠴᠢᠭᠯᠡᠯᠲᠡ ᠲᠥᠷᠥ ᠶᠢᠨ ᠪᠣᠳᠣᠯᠭ᠎ᠠ ᠶᠢᠨ ᠲᠣᠭᠤᠷᠢᠨ ᠳᠤ᠂ ᠨᠠᠮ ᠤᠨ ᠰᠢᠨ᠎ᠡ ᠡᠭᠦᠳᠦᠯᠲᠡ ᠶᠢᠨ ᠣᠨᠣᠯ ᠪᠣᠯᠣᠨ ᠴᠢᠭᠯᠡᠯᠲᠡ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂      ︽ᠨᠠᠮ ᠤᠨ ᠠᠴᠢ ᠶᠢ ᠮᠡᠳᠡᠷᠡᠬᠦ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠢ ᠦᠷᠭᠦᠯᠵᠢᠯᠡᠨ ᠰᠠᠶᠢᠲᠤᠷ ᠥᠷᠨᠢᠭᠦᠯᠵᠦ᠂ ᠶᠡᠷᠦᠩᠬᠡᠢ ᠴᠣᠭᠴᠠ ᠶᠢᠨ ᠤᠯᠤᠰ ᠤᠨ ᠠᠮᠤᠷ ᠲᠦᠪᠰᠢᠨ ᠤ ᠦᠵᠡᠯᠲᠡ ᠶᠢ ᠪᠠᠲᠤ ᠪᠠᠬᠢ ᠪᠤᠶ ᠪᠣᠯᠭᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠬᠤᠳᠠ ᠪᠠᠯᠭᠠᠰᠤᠨ ᠤ ᠨᠡᠶᠢᠭᠡᠮ ᠲᠣᠭᠤᠷᠢᠭ ᠤᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ︽ᠲᠦᠷᠪᠡᠨ ᠬᠦᠴᠦᠷᠬᠡᠭ︾ ᠪᠠ ᠪᠠᠲᠤ ᠴᠢᠩᠭ᠎ᠠ ᠪᠠᠬᠢᠯᠡᠯᠲᠡ ᠶᠢᠨ ᠵᠢᠱᠢᠶᠡᠴᠢ ᠨᠠᠮ ᠤᠨ ᠡᠭᠦᠷ ᠤᠨ ᠪᠠᠷᠢᠮᠵᠢᠶ᠎ᠠ ᠲᠠᠢ ᠨᠢᠭᠲᠠ ᠤᠶᠠᠯᠳᠤᠭᠤᠯᠤᠨ᠂ ᠨᠡᠶᠢᠭᠡᠮ ᠲᠣᠭᠤᠷᠢᠭ ᠤᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠵᠢᠷᠤᠮᠵᠢᠭᠤᠯᠤᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠯᠠᠪᠳᠠᠭᠤᠨ ᠢᠶᠠᠷ ᠲᠦᠯᠬᠢᠨ   ᠠᠬᠢᠭᠤᠯᠵᠤ᠂ ᠰᠣᠩᠭᠤᠨ ᠬᠡᠷᠡᠭᠯᠡᠬᠦ ᠪᠠᠷᠢᠮᠵᠢᠶ᠎ᠠ ᠶᠢ ᠤᠯᠠᠮ ᠨᠢᠭᠡ ᠠᠯᠬᠤᠮ ᠴᠢᠩᠳᠠᠯᠠᠵᠤ᠂ ᠰᠢᠯᠭᠠᠨ ᠦᠨᠡᠯᠡᠬᠦ ᠲᠣᠭᠲᠠᠴᠠ ᠶᠢ ᠪᠦᠷᠢᠨᠰᠢᠭᠦᠯᠦᠨ᠂ ᠱᠠᠩᠨᠠᠵᠤ ᠲᠣᠷᠭᠠᠬᠤ ᠳᠦᠷᠢᠮ ᠢ ᠲᠡᠭᠦᠯᠳᠡᠷᠵᠢᠭᠦᠯᠵᠦ᠂ ᠡᠩᠨᠡᠭᠡ ᠨᠢ ᠪᠦᠷᠢᠨ ᠲᠡᠭᠦᠯᠳᠡᠷ᠂ ᠬᠡᠪ ᠴᠢᠨᠠᠷ ᠨᠢ ᠰᠢᠯᠢᠳᠡᠭ᠂ ᠣᠷᠭᠢᠯᠤᠮ᠎ᠠ ᠬᠠᠯᠠᠭᠤᠨ ᠰᠡᠳᠬᠢᠯᠭᠡ ᠲᠠᠢ ᠨᠡᠶᠢᠭᠡᠮ ᠲᠣᠭᠤᠷᠢᠭ ᠤᠨ ᠠᠵᠢᠯᠲᠠᠨ ᠤ ᠡᠩᠨᠡᠭᠡ ᠶᠢ ᠴᠢᠷᠮᠠᠶᠢᠨ ᠪᠠᠶᠢᠭᠤᠯᠬᠤ ᠬᠡᠷᠡᠭᠲᠡᠢ᠃ ᠬᠤᠶᠠᠷ ᠲᠤ ᠰᠠᠳᠭᠢᠭᠦᠢ ᠪᠠᠨ ᠥᠷᠭᠡᠳᠬᠡᠵᠦ᠂ ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠦᠨ᠂ ᠨᠡᠶᠢᠭᠡᠮ ᠲᠣᠭᠤᠷᠢᠭ ᠤᠨ ᠶᠡᠷᠦᠩᠬᠡᠶᠢᠯᠡᠨ ᠵᠠᠰᠠᠬᠤ ᠦᠢᠯᠡᠳᠦᠯ ᠴᠢᠳᠠᠪᠤᠷᠢ ᠶᠢ ᠯᠠᠪᠳᠠᠭᠤᠨ ᠢᠶᠠᠷ ᠳᠡᠭᠡᠭᠰᠢᠯᠡᠭᠦᠯᠦᠨ᠎ᠡ᠃ ᠨᠠᠮ ᠤᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠳᠠᠪᠠᠭᠤᠯᠢᠭ ᠢ ᠰᠠᠶᠢᠲᠤᠷ ᠪᠠᠳᠠᠷᠠᠭᠤᠯᠵᠤ᠂ ︽ᠨᠢᠭᠡ ᠴᠥᠮ᠎ᠡ ᠪᠠᠷ ᠬᠥᠲᠥᠯᠥᠨ ᠳᠠᠭᠠᠭᠤᠯᠬᠤ᠂ ᠨᠢᠭᠡ ᠰᠦᠯᠵᠢᠶ᠎ᠡ ᠪᠠᠷ ᠬᠠᠮᠤᠷᠬᠤ᠂ ᠨᠢᠭᠡ ᠴᠣᠭᠴᠠᠵᠢᠭᠤᠯᠤᠨ ᠠᠬᠢᠭᠤᠯᠬᠤ︾ ᠶᠡᠷᠦᠩᠬᠡᠢ ᠰᠡᠳᠬᠢᠮᠵᠢ ᠶᠢ ᠪᠠᠷᠢᠮᠲᠠᠯᠠᠨ᠂ ᠪᠥᠬᠦ ᠬᠤᠰᠢᠭᠤᠨ ᠤ ᠦᠨᠳᠦᠰᠦᠨ ᠱᠠᠲᠤᠨ ᠤ ᠵᠠᠰᠠᠯᠲᠠ ᠶᠢᠨ ᠲᠣᠭᠠᠴᠢᠯᠠᠭᠰᠠᠨ ᠮᠡᠳᠡᠭᠡ ᠵᠠᠩᠭᠢ ᠶᠢᠨ ᠲᠠᠪᠴᠠᠩ ᠳᠤ ᠲᠦᠰᠢᠭᠯᠡᠨ᠂ ︽ᠨᠢᠭᠡ ᠰᠦᠯᠵᠢᠶ᠎ᠡ ᠪᠠᠷ ᠨᠢᠭᠡᠳᠦᠯᠲᠡᠢ ᠬᠠᠮᠢᠶᠠᠷᠬᠤ︾ ᠦᠨᠳᠦᠰᠦᠨ ᠱᠠᠲᠤᠨ ᠤ ᠵᠠᠰᠠᠯᠲᠠ ᠶᠢᠨ ᠬᠤᠯᠪᠤᠭᠠᠯᠠᠨ ᠬᠥᠳᠡᠯᠦᠯᠴᠡᠬᠦ ᠰᠢᠰᠲ᠋ᠧᠮᠵᠢ ᠶᠢ ᠪᠠᠶᠢᠭᠤᠯᠤᠨ᠎ᠠ᠃ ︽ᠲᠣᠥᠷᠵᠢᠭᠤᠯᠤᠨ ᠬᠠᠮᠢᠶᠠᠷᠬᠤ᠂ ᠨᠠᠷᠢᠯᠢᠭᠵᠢᠭᠤᠯᠤᠨ ᠦᠢᠯᠡᠴᠢᠯᠡᠬᠦ᠂ ᠮᠡᠳᠡᠭᠡ ᠵᠠᠩᠭᠢᠵᠢᠯᠲᠠ ᠪᠠᠷ ᠲᠤᠯᠭᠠᠭᠤᠷᠢᠯᠠᠭᠤᠯᠬᠤ︾ ᠶᠡᠷᠦᠩᠬᠡᠢ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ︽ᠭᠤᠷᠪᠠᠨ ᠵᠦᠢᠯ ᠤᠨ ᠨᠠᠷᠢᠨ ᠲᠠᠩᠰᠠ︾ ᠶᠢᠨ ᠱᠦᠵᠢ ᠶᠢᠨ ᠲᠥᠷᠥᠯ ᠵᠦᠢᠯ ᠢ ᠴᠢᠩᠭ᠎ᠠ ᠠᠳᠬᠤᠵᠤ ᠪᠣᠳᠠᠲᠠᠢ ᠪᠠᠷ ᠠᠳᠬᠤᠵᠤ᠂ ᠨᠡᠶᠢᠭᠡᠮ ᠲᠣᠭᠤᠷᠢᠭ ᠤᠨ ᠡᠯ᠎ᠡ ᠵᠦᠢᠯ ᠤᠨ ᠠᠵᠢᠯ ᠤᠨ ᠦᠷ᠎ᠡ ᠪᠦᠲᠦᠮᠵᠢ ᠪᠠ ᠶᠠᠰᠤ ᠴᠢᠨᠠᠷ ᠢ ᠴᠢᠷᠮᠠᠶᠢᠨ ᠳᠡᠭᠡᠭᠰᠢᠯᠡᠭᠦᠯᠵᠦ᠂ ︽ᠣᠶᠤᠨᠲᠤ ᠨᠡᠶᠢᠭᠡᠮ ᠲᠣᠭᠤᠷᠢᠭ︾ ︽ᠦᠢᠯᠡᠴᠢᠯᠡᠭᠡᠨ ᠤ ᠮᠠᠶ᠋ᠢᠭ ᠤᠨ ᠨᠡᠶᠢᠭᠡᠮ ᠲᠣᠭᠤᠷᠢᠭ︾ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠴᠢᠷᠮᠠᠶᠢᠨ ᠲᠦᠷᠭᠡᠳᠬᠡᠨ᠎ᠡ᠃ ᠬᠤᠷᠢᠭ᠎ᠠ ᠱᠤᠭᠤᠮ ᠤᠨ ᠰᠡᠳᠬᠢᠬᠦᠢ ᠪᠠ ᠰᠡᠷᠡᠮᠵᠢᠯᠡᠬᠦ ᠤᠬᠠᠮᠰᠠᠷ ᠢ ᠡᠷᠡᠰ ᠪᠠᠲᠤ ᠪᠤᠢ ᠪᠣᠯᠭᠠᠵᠤ᠂ ᠴᠢᠬᠤᠯᠠ ᠵᠠᠩᠭᠢᠯᠠᠭ᠎ᠠ ᠶᠢᠨ ᠴᠡᠭ ᠪᠠ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠨ᠎ᠠ᠃ ᠭᠤᠷᠪᠠ ᠳᠤ ᠦᠨᠡᠨ ᠰᠡᠳᠬᠢᠯ ᠠᠴᠠ ᠪᠠᠨ ᠦᠨᠡᠨ ᠬᠦ ᠠᠳᠬᠤᠨ ᠪᠣᠳᠠᠲᠠᠢ ᠪᠠᠷ ᠠᠵᠢᠯᠯᠠᠵᠤ᠂ ᠨᠡᠶᠢᠭᠡᠮ ᠤᠨ ᠦᠢᠯᠡᠴᠢᠯᠡᠭᠡᠨ ᠤ ᠪᠠᠲᠤᠯᠠᠭ᠎ᠠ ᠶᠢᠨ ᠰᠢᠰᠲ᠋ᠧᠮ ᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ ᠨᠡᠶᠢᠭᠡᠮ ᠤᠨ ᠠᠪᠤᠷᠠᠨ ᠲᠤᠰᠠᠯᠠᠬᠤ ᠦᠢᠯᠡᠴᠢᠯᠡᠭᠡᠨ ᠤ ᠰᠢᠰᠲ᠋ᠧᠮ᠂ ᠠᠵᠢᠯ ᠣᠯᠭᠤᠯᠲᠠ ᠶᠢᠨ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠤᠯᠠᠮ ᠨᠢᠭᠡ ᠠᠯᠬᠤᠮ ᠪᠦᠷᠢᠨᠰᠢᠭᠦᠯᠦᠨ ᠲᠡᠭᠦᠯᠳᠡᠷᠵᠢᠭᠦᠯᠵᠦ᠂ ᠪᠦᠬᠦ ᠲᠠᠯ᠎ᠠ ᠶᠢ ᠬᠠᠮᠤᠷᠤᠭᠰᠠᠨ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠰᠢᠰᠲ᠋ᠧᠮ ᠢ ᠪᠠᠶᠢᠭᠤᠯᠬᠤ ᠬᠡᠷᠡᠭᠲᠡᠢ᠃ ᠠᠳᠠᠯ ᠠᠬᠤᠢ ᠶᠢᠨ ᠦᠢᠯᠡᠴᠢᠯᠡᠭᠡᠨ ᠤ ᠶᠠᠰᠤ ᠴᠢᠨᠠᠷ ᠤᠨ ᠳᠡᠭᠡᠭᠰᠢᠯᠡᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ︽ᠲᠤᠰᠬᠠᠢ ᠨᠡᠶᠢᠭᠡᠮ ᠤᠨ ᠠᠵᠢᠯᠲᠠᠨ + ᠰᠠᠶᠢᠨ ᠳᠤᠷ᠎ᠠ ᠶᠢᠨ ᠦᠢᠯᠡᠴᠢᠯᠡᠭᠡ︾ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠣᠳᠠᠲᠠᠢ ᠠᠳᠬᠤᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠴᠡᠭ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ᠠᠷᠠᠳ ᠢᠷᠭᠡᠳ ᠤᠨ ᠶᠣᠰᠣ ᠮᠣᠷᠠᠯ ᠤᠨ ᠪᠠᠶᠢᠭᠤᠯᠤᠯᠲᠠ ᠶᠢᠨ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠣᠯᠠᠨ ᠲᠦᠮᠡᠨ ᠤ ᠣᠶᠤᠨ ᠤ ᠰᠣᠶᠣᠯ ᠤᠨ ᠬᠡᠷᠡᠭᠴᠡᠭᠡ ᠱᠠᠭᠠᠷᠳᠠᠯᠭ᠎ᠠ ᠶᠢ ᠴᠢᠷᠮᠠᠶᠢᠨ ᠬᠠᠩᠭᠠᠵᠤ᠂ ᠬᠤᠲᠠ ᠬᠥᠳᠡᠭᠡ ᠶᠢᠨ ᠳᠦᠷᠰᠦ ᠪᠠᠶᠢᠳᠠᠯ ᠢ ᠦᠷᠭᠦᠯᠵᠢᠯᠡᠨ ᠳᠡᠭᠡᠭᠰᠢᠯᠡᠭᠦᠯᠦᠨ᠂ ᠤᠯᠢᠶᠠᠰᠤᠲᠠᠢ ᠪᠠᠯᠭᠠᠰᠤ ᠶᠢ ᠦᠨᠳᠦᠰᠦᠲᠡᠨ ᠨᠦᠭᠦᠳ ᠤᠨ ᠣᠯᠠᠨ ᠲᠦᠮᠡᠨ ᠤ ᠣᠷᠣᠰᠢᠨ ᠰᠠᠭᠤᠬᠤ ᠳᠤ ᠲᠣᠬᠢᠷᠠᠮᠵᠢᠲᠠᠢ ᠠᠵᠢᠯ ᠦᠢᠯᠡᠰ ᠲᠤ ᠲᠣᠬᠢᠷᠠᠮᠵᠢᠲᠠᠢ ᠵᠢᠭᠤᠯᠴᠢᠯᠠᠬᠤ ᠳᠤ ᠲᠣᠬᠢᠷᠠᠮᠵᠢᠲᠠᠢ ᠬᠡᠪ ᠳᠠᠭᠤᠷᠢᠶᠠᠯ ᠪᠣᠯᠭᠠᠨ ᠪᠦᠲᠦᠭᠡᠨ ᠪᠠᠶᠢᠭᠤᠯᠤᠨ᠎ᠠ᠃      ᠲᠤᠰ ᠤᠳᠠᠭᠠᠨ ᠤ ᠬᠤᠷᠠᠯ ᠤᠨ ᠠᠮᠵᠢᠯᠲᠠ ᠲᠠᠢ ᠬᠤᠷᠠᠯᠳᠤᠭᠰᠠᠨ ᠨᠢ ᠤᠯᠢᠶᠠᠰᠤᠲᠠᠢ ᠪᠠᠯᠭᠠᠰᠤᠨ ᠤ 2025 ᠣᠨ ᠤ ᠬᠤᠲᠠ ᠪᠠᠯᠭᠠᠰᠤᠨ ᠤ ᠨᠡᠶᠢᠭᠡᠮ ᠲᠣᠭᠤᠷᠢᠭ ᠤᠨ ᠡᠯ᠎ᠡ ᠵᠦᠢᠯ ᠤᠨ ᠠᠵᠢᠯ ᠳᠤ ᠴᠢᠭᠯᠡᠯ ᠢ ᠲᠣᠳᠣᠷᠬᠠᠢ         ᠵᠢᠭᠠᠵᠤ᠂ ᠬᠠᠷᠠᠯᠲᠠ ᠶᠢ ᠲᠣᠭᠲᠠᠭᠠᠵᠤ᠂ ᠪᠢᠳᠡᠨ ᠢ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠭᠦᠯᠵᠦ᠂ ᠡᠷᠴᠢ ᠵᠣᠷᠢᠭ ᠢᠶᠠᠨ ᠬᠥᠪᠴᠢᠯᠡᠵᠦ᠂ ᠰᠢᠨᠲᠠᠷᠠᠰᠢ ᠦᠭᠡᠢ ᠴᠢᠷᠮᠠᠶᠢᠨ ᠠᠵᠢᠯᠯᠠᠵᠤ᠂ ᠳᠤᠮᠳᠠᠳᠤ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠤᠯᠢᠶᠠᠰᠤᠲᠠᠢ ᠪᠠᠯᠭᠠᠰᠤᠨ ᠤ ᠰᠢᠨ᠎ᠡ ᠬᠠᠭᠤᠳᠠᠰᠤ ᠶᠢ ᠪᠢᠴᠢᠭᠯᠡᠶ᠎ᠡ︕
 
ᠢᠷᠡᠯᠲᠡ᠄ ᠤᠯᠢᠶᠠᠰᠣᠲᠠᠢ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号