ᠵᠡᠭᠦᠨ ᠦᠵᠦᠮᠦᠴᠢᠨ ᠬᠤᠰᠢᠭᠤᠨ ᠤ ᠬᠡᠪᠴᠢᠶᠡᠨ ᠳᠠᠬᠢ ᠬᠤᠯᠢᠮᠠᠭ ᠲᠡᠵᠢᠭᠡᠯ ᠪᠣᠯᠪᠠᠰᠤᠷᠠᠭᠤᠯᠬᠤ ᠰᠠᠭᠤᠷᠢᠨ ᠭᠠᠵᠠᠷ ᠠᠴᠠ ᠬᠤᠯᠢᠮᠠᠭ ᠲᠡᠵᠢᠭᠡᠯ ᠬᠤᠳᠠᠯᠳᠤᠨ ᠠᠪᠤᠪᠠᠯ ᠲᠣᠨ ᠪᠦᠷᠢ ᠳᠤ 200 ᠲᠥᠭᠦᠷᠢᠭ ᠤᠨ ᠨᠥᠬᠦᠪᠥᠷᠢ ᠤᠯᠭᠤᠨ᠎ᠠ
ᠨᠡᠶᠢᠲᠡᠯᠡᠭᠰᠡᠨ ᠴᠠᠭ᠄
2025/4/17
      ᠵᠡᠭᠦᠨ ᠦᠵᠦᠮᠦᠴᠢᠨ ᠬᠤᠰᠢᠭᠤᠨ ᠤ ᠡᠵᠢᠨᠠᠭᠤᠷ ᠪᠠᠯᠭᠠᠰᠤᠨ ᠤ ᠬᠠᠷᠠᠭᠠᠲᠤ ᠭᠠᠴᠠᠭᠠᠨ ᠤ ᠬᠤᠯᠢᠮᠠᠭ ᠲᠡᠵᠢᠭᠡᠯ ᠪᠣᠯᠪᠠᠰᠤᠷᠠᠭᠤᠯᠬᠤ ᠰᠠᠭᠤᠷᠢᠨ ᠭᠠᠵᠠᠷ ᠲᠤ ᠬᠦᠷᠬᠦ ᠳᠤ᠂ TMR ᠬᠤᠳᠬᠤᠭᠤᠷ ᠮᠠᠰᠢᠨ ᠢᠶᠠᠷ ᠵᠠᠭᠤ ᠭᠠᠷᠤᠢ ᠵᠢᠩ ᠤᠨ ᠬᠤᠯᠢᠮᠠᠭ ᠲᠡᠵᠢᠭᠡᠯ ᠪᠤᠷᠳᠤᠭ᠎ᠠ ᠶᠢ ᠪᠣᠯᠪᠠᠰᠤᠷᠠᠭᠤᠯᠵᠤ ᠪᠤᠭᠤᠳᠠᠯᠯᠠᠵᠤ ᠪᠠᠶᠢᠯ᠎ᠠ᠃ ᠡᠨᠡ ᠬᠦ ᠬᠤᠯᠢᠮᠠᠭ ᠲᠡᠵᠢᠭᠡᠯ ᠪᠤᠷᠳᠤᠭ᠎ᠠ ᠨᠢ ᠮᠠᠯᠴᠢᠳ ᠤᠨ ᠠᠷᠠᠴᠢᠯᠠᠨ ᠲᠡᠵᠢᠭᠡᠬᠦ ᠥᠪᠡᠷ ᠤᠨ ᠥᠷᠲᠡᠭ ᠢ ᠪᠠᠭᠤᠷᠠᠭᠤᠯᠵᠤ᠂ ᠮᠠᠯ ᠪᠡᠯᠴᠢᠭᠡᠷ ᠤᠨ ᠲᠡᠩᠴᠡᠭᠦᠷᠢ ᠶᠢ ᠪᠡᠶᠡᠯᠡᠭᠦᠯᠬᠦ ᠶᠢᠨ ᠴᠢᠬᠤᠯᠠ ᠠᠴᠢᠶᠠᠯᠠᠪᠤᠷᠢ ᠪᠣᠯᠬᠤ ᠪᠠᠷ ᠪᠠᠷᠠᠬᠤ ᠥᠬᠡᠶ᠂ ᠪᠠᠰᠠ ᠴᠤ  ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠪᠠ ᠮᠠᠯᠴᠢᠳ ᠤᠨ ᠬᠡᠷᠡᠭᠴᠡᠭᠡ ᠱᠠᠭᠠᠷᠳᠠᠯᠭ᠎ᠠ ᠶᠢ ᠣᠨᠣᠪᠴᠢᠲᠠᠶ ᠵᠣᠯᠭᠠᠭᠤᠯᠬᠤ ᠵᠠᠩᠭᠢᠯᠠᠭ᠎ᠠ ᠶᠢᠨ ᠬᠤᠯᠪᠣᠭᠠᠰᠤ ᠪᠣᠯᠬᠤ ᠶᠤᠮ  ᠃      ᠡᠵᠢᠨᠠᠭᠤᠷ ᠪᠠᠯᠭᠠᠰᠤᠨ ᠤ ᠬᠠᠷᠠᠭᠠᠲᠤ ᠭᠠᠴᠠᠭᠠᠨ ᠤ ᠨᠠᠮ ᠤᠨ ᠡᠭᠦᠷ ᠤᠨ ᠱᠦᠵᠢ᠂ ᠭᠠᠴᠠᠭᠠᠨ ᠳᠠᠷᠤᠭ᠎ᠠ᠂ ᠬᠤᠯᠢᠮᠠᠭ  ᠲᠡᠵᠢᠭᠡᠯ  ᠪᠤᠷᠳᠤᠭ᠎ᠠ ᠪᠣᠯᠪᠠᠰᠤᠷᠠᠭᠤᠯᠬᠤ ᠰᠠᠭᠤᠷᠢᠨ ᠭᠠᠵᠠᠷ ᠤᠨ ᠬᠠᠷᠢᠭᠤᠴᠠᠯᠭᠠᠲᠠᠨ ᠮᠥᠩᠬᠡᠪᠠᠲᠤ ᠶᠢᠨ ᠲᠠᠨᠢᠯᠴᠠᠭᠤᠯᠤᠭᠰᠠᠨ ᠢᠶᠠᠷ᠂ ᠡᠨᠡᠬᠦ ᠰᠠᠭᠤᠷᠢᠨ ᠭᠠᠵᠠᠷ ᠨᠢᠭᠡᠨᠲᠡ ᠬᠤᠶᠠᠷ ᠵᠢᠯ ᠭᠠᠷᠤᠢ ᠠᠵᠢᠯᠯᠠᠵᠤ᠂ ᠦᠢᠯᠡᠳᠪᠦᠷᠢᠯᠡᠯ ᠎ ᠤᠨ ᠤᠯᠠᠷᠢᠯ ᠨᠢ ᠭᠤᠣᠯᠳᠠᠭᠤ ᠬᠠᠪᠤᠷ ᠵᠤᠨ ᠨᠠᠮᠤᠷ ᠭᠤᠷᠪᠠᠨ ᠤᠯᠠᠷᠢᠯ ᠳᠤ ᠲᠥᠪᠯᠡᠷᠡᠵᠦ  ᠪᠠᠶᠢᠳᠠᠭ᠃ ᠣᠲᠣ ᠪᠣᠯᠲᠠᠯ᠎ᠠ᠂ ᠲᠣᠰ ᠰᠠᠭᠤᠷᠢᠨ ᠭᠠᠵᠠᠷ ᠨᠢ  ᠬᠤᠯᠢᠮᠠᠭ ᠲᠡᠵᠢᠭᠡᠯ ᠪᠤᠷᠳᠤᠭ᠎ᠠ 1000 ᠭᠠᠷᠤᠶ ᠲᠣᠨ ᠦᠶᠯᠡᠳᠪᠦᠷᠢᠯᠡᠵᠦ᠂ ᠵᠢᠯ ᠤᠨ ᠡᠴᠦᠰ ᠲᠤ 5000 ᠲᠣᠨ ᠠᠴᠠ ᠳᠡᠭᠡᠭᠰᠢ ᠦᠶᠯᠡᠳᠪᠦᠷᠢᠯᠡᠬᠦ ᠪᠠᠷ ᠵᠢᠱᠢᠵᠦ         ᠪᠠᠶᠢᠨ᠎ᠠ  ᠃      ᠰᠤᠷᠪᠤᠯᠵᠢᠯᠠᠭ᠎ᠠ᠄  ᠡᠵᠢᠨᠠᠭᠤᠷ ᠪᠠᠯᠭᠠᠰᠤᠨ ᠤ ᠬᠠᠷᠠᠭᠠᠲᠤ ᠭᠠᠴᠠᠭᠠᠨ ᠤ ᠨᠠᠮ ᠤᠨ ᠡᠭᠦᠷ ᠤᠨ ᠱᠦᠵᠢ᠂ ᠭᠠᠴᠠᠭᠠᠨ ᠳᠠᠷᠤᠭ᠎ᠠ — ᠮᠦᠩᠬᠡᠪᠠᠲᠦ      4 ᠰᠠᠷ᠎ᠠ ᠶᠢᠨ 5᠎ ᠤ ᠡᠳᠦᠷ ᠠᠴᠠ ᠡᠬᠢᠯᠡᠨ ᠵᠡᠭᠦᠨ ᠦᠵᠦᠮᠦᠴᠢᠨ ᠬᠤᠰᠢᠭᠤ 45 ᠡᠳᠦᠷ ᠤᠨ ᠬᠤᠭᠤᠴᠠᠭ᠎ᠠ ᠎ ᠲᠠᠢ ᠪᠡᠯᠴᠢᠭᠡᠷᠯᠡᠭᠦᠯᠬᠦ ᠶᠢ ᠵᠤᠭᠰᠤᠭᠠᠵᠤ ᠪᠡᠯᠴᠢᠭᠡᠷ ᠢ ᠰᠡᠷᠭᠦᠬᠡᠬᠦ ᠳᠦᠷᠢᠮ ᠢ ᠴᠢᠩᠭ᠎ᠠ  ᠬᠡᠷᠡᠭᠵᠢᠭᠦᠯᠬᠦ ᠪᠤᠯᠤᠨ᠎ᠠ᠃ ᠡᠨᠡᠬᠦ ᠪᠠᠶᠢᠳᠠᠯ ᠳᠤ ᠴᠢᠭᠯᠡᠭᠦᠯᠦᠨ ᠪᠡᠯᠴᠢᠭᠡᠷ ᠤᠨ ᠳᠠᠷᠤᠭᠠᠰᠤ ᠶᠢ ᠬᠥᠩᠭᠡᠷᠡᠭᠦᠯᠵᠦ᠂ ᠮᠠᠯᠴᠢᠳ ᠤᠨ ᠠᠷᠠᠴᠢᠯᠠᠨ ᠲᠡᠵᠢᠭᠡᠬᠦ ᠥᠪᠡᠷ ᠤᠨ ᠥᠷᠲᠡᠭ ᠢ ᠪᠠᠭᠤᠷᠠᠭᠤᠯᠬᠤ ᠶᠢᠨ ᠲᠥᠯᠥᠭᠡ᠂ ᠬᠠᠷᠠᠭᠠᠲᠤ ᠭᠠᠴᠠᠭᠠᠨ ᠤ                  ︽ᠡᠵᠢ ᠶᠢᠨ ᠭᠤᠪᠢ︾ ᠠᠮᠢᠳᠤ ᠮᠠᠯ ᠤᠨ ᠰᠣᠯᠢᠯᠴᠠᠭᠠᠨ ᠤ ᠵᠠᠬ᠎ᠠ ᠨᠢ ᠮᠠᠯᠴᠢᠳ ᠲᠤ ᠨᠠᠶᠢᠳᠠᠨ ᠲᠡᠵᠢᠭᠡᠬᠦ ᠣᠷᠣᠯᠠᠨ ᠲᠡᠵᠢᠭᠡᠬᠦ ᠦᠶᠯᠡᠴᠢᠯᠡᠭᠡ ᠬᠠᠩᠭᠠᠵᠤ᠂ ᠬᠠᠷᠠᠭᠠᠲᠤ ᠬᠤᠯᠢᠮᠠᠭ ᠲᠡᠵᠢᠭᠡᠯ ᠪᠣᠷᠳᠤᠭ᠎ᠠ ᠪᠣᠯᠪᠠᠰᠤᠷᠠᠭᠤᠯᠬᠤ ᠰᠠᠭᠤᠷᠢᠨ ᠭᠠᠵᠠᠷ ᠠᠴᠠ ᠮᠢᠬᠠᠨ ᠤ ᠦᠬᠡᠷ ᠲᠤ ᠴᠢᠭᠯᠡᠭᠦᠯᠦᠨ᠂  ᠬᠠᠮᠤᠭ ᠤᠨ ᠰᠠᠶᠢᠨ ᠬᠤᠯᠢᠮᠠᠭ  ᠲᠡᠵᠢᠭᠡᠯ ᠤᠨ ᠨᠠᠶᠢᠷᠠᠯᠭ᠎ᠠ ᠶᠢ ᠰᠣᠯᠢᠵᠤ᠂ ᠮᠢᠬᠠᠨ ᠤ ᠭᠠᠷᠤᠯᠲᠠ ᠶᠢᠨ ᠨᠣᠷᠮ᠎ᠠ ᠶᠢ  ᠳᠡᠭᠡᠭᠰᠢᠯᠡᠭᠦᠯᠬᠦ ᠪᠠᠷ ᠪᠠᠶᠢᠨ᠎ᠠ᠃ ᠰᠤᠷᠪᠤᠯᠵᠢᠯᠠᠭ᠎ᠠ᠄ ᠬᠠᠲᠠᠪᠴᠢ ᠪᠠᠯᠭᠠᠰᠤᠨ ᠤ ᠮᠠᠯᠴᠢᠨ— ᠪᠦᠷᠢᠳᠦᠪᠠᠭᠠᠲᠤᠷ  ᠰᠤᠷᠪᠤᠯᠵᠢᠯᠠᠭ᠎ᠠ᠄  ᠬᠤᠰᠢᠭᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ  ᠲᠣᠪᠴᠢᠶᠠᠨ ᠤ ᠳᠡᠳ᠋ ᠳᠠᠷᠤᠭ᠎ᠠ—  ᠪᠦᠬᠡᠵᠠᠶᠠᠭ᠎ᠠ      ᠬᠤᠯᠢᠮᠠᠭ ᠲᠡᠵᠢᠭᠡᠯ ᠨᠢ ᠦᠬᠡᠷ ᠬᠤᠨᠢᠨ ᠤ ᠲᠠᠷᠭᠤ ᠬᠦᠴᠦ ᠶᠢ ᠪᠠᠲᠤᠯᠠᠬᠤ ᠪᠠᠷ ᠪᠠᠷᠠᠬᠤ ᠥᠬᠡᠶ᠂ ᠲᠡᠵᠢᠭᠡᠨ ᠠᠷᠠᠴᠢᠯᠠᠬᠤ ᠥᠪᠡᠷ ᠤᠨ ᠥᠷᠲᠡᠭ ᠢ ᠴᠦ ᠠᠷᠪᠢᠯᠠᠵᠤ᠂ ᠮᠠᠯ ᠪᠡᠯᠴᠢᠭᠡᠷ ᠤᠨ ᠲᠡᠩᠴᠡᠭᠦᠷᠢ ᠶᠢ ᠠᠬᠢᠭᠤᠯᠬᠤ᠂ ᠮᠠᠯ ᠠᠵᠤ ᠠᠬᠤᠶ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠳᠤ ᠨᠢᠭᠡ ᠵᠦᠶᠯ ᠤᠨ ᠪᠦᠲᠦᠮᠵᠢᠲᠡᠶ ᠠᠷᠭ᠎ᠠ ᠪᠠᠷᠢᠯ ᠪᠣᠯᠬᠤ ᠪᠣᠯᠤᠨ᠎ᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号