ᠤᠯᠢᠶᠠᠰᠤᠲᠠᠢ ᠪᠠᠯᠭᠠᠰᠤ ᠬᠠᠪᠤᠷ ᠤᠨ ᠤᠯᠠᠷᠢᠯ ᠤᠨ ᠦᠶᠯᠡᠳᠪᠦᠷᠢᠯᠡᠯ ᠠᠮᠢᠳᠤᠷᠠᠯ ᠢ ᠬᠠᠪᠰᠤᠷᠤᠨ ᠲᠡᠳᠬᠦᠬᠦ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2025/4/17
      ᠬᠠᠪᠤᠷ ᠤᠨ ᠤᠯᠠᠷᠢᠯ ᠪᠣᠯ ᠮᠠᠯᠴᠢᠳ ᠤᠨ ᠲᠥᠯ ᠲᠤᠰᠬᠤ ᠬᠤᠭᠤᠴᠠᠭ᠎ᠠ ᠪᠣᠯᠬᠤ ᠪᠠᠷ ᠪᠠᠷᠠᠬᠤ ᠦᠭᠡᠶ᠂ ᠨᠡᠩ ᠴᠤ ᠮᠠᠯ ᠠᠵᠤ ᠠᠬᠤᠶ ᠶᠢᠨ ᠬᠥᠭᠵᠢᠯᠲᠡ ᠶᠢᠨ ᠵᠠᠩᠭᠢᠯᠠᠭ᠎ᠠ ᠶᠢᠨ ᠴᠠᠭ ᠦᠶ᠎ᠡ  ᠶᠤᠮ᠃ ᠭᠡᠲᠡᠯ᠎ᠡ ᠡᠨᠡ ᠬᠤᠭᠤᠴᠠᠭᠠᠨ ᠳᠤ ᠭᠡᠨᠡᠳᠲᠡ ᠶᠢᠨ ᠣᠷᠣᠭᠰᠠᠨ ᠴᠠᠰᠤ ᠨᠢ ᠮᠠᠯᠴᠢᠳ ᠤᠨ ᠦᠶᠯᠡᠳᠪᠦᠷᠢᠯᠡᠯ ᠠᠮᠢᠳᠤᠷᠠᠯ ᠳᠤ ᠵᠤᠬᠢᠬᠤ ᠨᠦᠯᠦᠭᠡ ᠤᠴᠠᠷᠠᠭᠤᠯᠤᠭᠰᠠᠨ ᠪᠠᠶᠢᠨ᠎ᠠ᠃ 3 ᠰᠠᠷ᠎ᠠ ᠶᠢᠨ 28 ᠤ ᠡᠳᠦᠷ᠂ ᠤᠯᠢᠶᠠᠰᠤᠲᠠᠢ ᠪᠠᠯᠭᠠᠰᠤ ᠠᠴᠠ100 ᠭᠠᠷᠤᠶ ᠺᠠᠳ᠋ᠷ ᠠᠵᠢᠯᠲᠠᠨ ᠪᠣᠯᠤᠨ ᠨᠡᠶᠢᠭᠡᠮ ᠲᠣᠭᠤᠷᠢᠭ ᠤᠨ ᠰᠠᠶᠢᠨ ᠳᠣᠷᠠᠴᠣᠣᠯ ᠢ ᠵᠣᠬᠢᠶᠠᠨ ᠪᠠᠶᠢᠭᠤᠯᠵᠤ᠂ ᠤᠯᠢᠶᠠᠰᠤᠲᠠᠢ ᠪᠠᠯᠭᠠᠰᠤᠨ ᠤ 12 ᠭᠠᠴᠠᠭᠠᠨ ᠤ 50 ᠮᠠᠯᠴᠢᠨ ᠤ ᠬᠢᠨ ᠳᠤ ᠭᠦᠨᠵᠡᠭᠡᠶᠢᠷᠡᠵᠦ᠂ ᠬᠠᠪᠤᠷ ᠤᠨ ᠤᠯᠠᠷᠢᠯ  ᠤᠨ ᠦᠶᠯᠡᠳᠪᠦᠷᠢᠯᠡᠯ ᠠᠮᠢᠳᠤᠷᠠᠯ ᠢ ᠬᠠᠪᠰᠤᠷᠤᠨ ᠲᠡᠳᠬᠦᠬᠦ ᠠᠵᠢᠯᠯᠠᠭ᠎ᠠ ᠥᠷᠨᠢᠭᠦᠯᠪᠡ  ᠃      ᠣᠯᠠᠨ ᠢᠶᠠᠷ ᠢᠶᠠᠨ ᠬᠦᠳᠡᠯᠮᠦᠷᠢ ᠬᠦᠷᠦᠯᠴᠡᠬᠦ ᠦᠭᠡᠢ ᠮᠠᠯᠴᠢᠨ ᠡᠷᠦᠭᠡ ᠳᠤ ᠬᠦᠨᠵᠡᠭᠡᠶᠢᠷᠡᠵᠦ᠂ ᠲᠦᠯ ᠲᠤᠰᠴᠣ ᠪᠤᠶᠢᠵᠢᠭᠤᠯᠬᠤ ᠠᠵᠢᠯ ᠢ ᠬᠠᠮᠵᠢᠯᠴᠠᠬᠤ᠂ ᠬᠡᠷᠡᠮ ᠬᠠᠰᠢᠶ᠎ᠠ ᠴᠡᠪᠡᠷᠯᠡᠬᠦ᠂ ᠮᠠᠯ ᠤᠨᠤᠭ᠎ᠠ ᠡᠪᠰᠣᠯᠡᠵᠦ ᠪᠤᠷᠳᠣᠬᠤ ᠠᠵᠢᠯ ᠳᠤ ᠬᠠᠮᠵᠢᠯᠴᠠᠬᠤ ᠶᠢᠨ ᠳᠠᠭᠠᠤ ᠪᠠᠰᠠ  ︽ᠤᠯᠢᠶᠠᠰᠣᠲᠠᠢ ᠪᠠᠯᠭᠠᠰᠣᠨ ᠤ ᠲᠦᠷᠤ ᠶᠢᠨ ᠪᠤᠳᠤᠯᠭ᠎ᠠ ᠶᠢᠨ ᠣᠬᠠᠭᠤᠯᠭ᠎ᠠ ᠶᠢᠨ ᠪᠤᠭᠴᠤ︾ ᠪᠠᠨ ᠮᠠᠯᠴᠢᠳ ᠲᠤ ᠭᠠᠷᠳᠠᠭᠤᠯᠵᠦ᠂ ᠮᠠᠯᠴᠢᠳ ᠲᠤ ᠪᠠᠨ ᠠᠷᠠᠳ ᠲᠤ ᠠᠰᠢᠭ ᠬᠦᠷᠲᠡᠭᠡᠬᠦ ᠡᠯ᠎ᠠ ᠲᠦᠷᠦᠯ ᠤᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠨᠠᠷᠢᠨ ᠲᠠᠶᠢᠯᠪᠤᠷᠢᠯᠠᠵᠦ᠂ ᠦᠢᠯᠡᠳᠪᠦᠷᠢᠯᠡᠯ ᠠᠮᠢᠳᠣᠷᠠᠯ ᠤᠨ ᠬᠦᠴᠢᠷ ᠠᠰᠠᠭᠤᠳᠠᠯ ᠢ ᠨᠢ ᠦᠢᠯᠠᠭᠠᠨ ᠵᠦᠪᠯᠡᠯᠭᠡ ᠦᠭᠴᠡᠢ᠃     ※ ᠰᠣᠷᠪᠤᠯᠵᠢᠯᠠᠭ᠎ᠠ᠄ ᠤᠯᠢᠶᠠᠰᠤᠲᠠᠢ ᠪᠠᠯᠭᠠᠰᠤᠨ ᠤ ᠡᠷᠳᠡᠨᠢᠠ᠋ᠭᠤᠯᠠ ᠭᠠᠴᠠᠭᠠᠨ ᠤ ᠨᠠᠮ ᠤᠨ ᠡᠭᠦᠷ ᠤᠨ ᠱᠦᠵᠢ᠂ ᠭᠠᠴᠠᠭᠠᠨ ᠳᠠᠷᠤᠭ᠎ᠠ ᠮᠥᠩᠬᠡ      ᠦᠢᠷ᠎ᠠ ᠶᠢᠨ ᠵᠢᠯ ᠳᠤ᠂ ᠤᠯᠢᠶᠠᠰᠣᠲᠠᠢ ᠪᠠᠯᠭᠠᠰᠦ ᠳᠤᠮᠳᠠᠲᠦ ᠶᠢᠨ ᠦᠨᠳᠦᠰᠣᠲᠠᠨ ᠤ ᠬᠠᠮᠲᠦ ᠶᠢᠨ ᠴᠣᠭᠴᠠ ᠶᠢᠨ ᠣᠬᠠᠮᠰᠡᠷ ᠢ ᠪᠠᠲᠦ ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠤᠯᠭᠠᠵᠦ᠂ ︽ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠨ ᠣᠷᠣᠭᠰᠢᠯᠠᠬᠤ︾ ᠪᠠᠶᠢᠩᠭᠤ ᠶᠢᠨ ᠴᠢᠨᠠᠷᠲᠠᠢ ᠣᠯᠠᠨ ᠲᠦᠮᠡᠨ ᠤ ᠬᠦᠮᠦᠵᠢᠯ ᠢ ᠭᠦᠨᠵᠡᠭᠡᠶᠢᠷᠡᠭᠦᠯᠦᠨ ᠪᠤᠲᠠᠲᠠᠶᠢᠵᠢᠭᠤᠯᠬᠤ ᠶᠢ ᠠᠬᠢᠭᠤᠯᠵᠦ᠂ ᠪᠦᠬᠦ ᠬᠤᠰᠢᠭᠤᠨ ᠤ ᠡᠯ᠎ᠠ ᠦᠨᠳᠦᠰᠦᠲᠡᠨ ᠨᠦᠭᠦᠳ ᠤᠨ ᠺᠠᠳ᠋ᠷ ᠠᠵᠢᠯᠲᠠᠨ ᠪᠤᠯᠣᠨ‌ᠤᠯᠠᠨ ᠲᠦᠮᠡᠨ ᠤ ᠰᠡᠳᠬᠢᠯ ᠢ ᠨᠢᠭᠲᠠ ᠬᠤᠯᠪᠣᠵᠤ᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ᠂ ᠰᠠᠬᠢᠨ ᠪᠠᠷᠠᠯᠠᠵᠦ ᠬᠠᠷᠢᠯᠴᠠᠨ ᠬᠠᠪᠰᠣᠷᠣᠯᠴᠠᠭᠰᠠᠨ ᠰᠡᠳᠬᠢᠯ ᠬᠦᠳᠡᠯᠭᠡᠮ᠎ᠡ ᠬᠠᠭᠤᠳᠠᠰᠤ ᠶᠢ ᠪᠢᠴᠢᠭᠯᠡᠭᠰᠡᠨ ᠪᠠᠶᠢᠨ᠎ᠠ᠃
 
ᠢᠷᠡᠯᠲᠡ᠄ ᠤᠯᠢᠶᠠᠰᠣᠲᠠᠢ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号