ᠮᠠᠨ ᠤ ᠬᠤᠰᠢᠭᠤᠨ ᠤ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠷᠡᠭᠦᠯᠦᠨ ᠢᠲᠡᠭᠡᠮᠵᠢ ᠶᠢ ᠨᠡᠮᠡᠭᠳᠡᠭᠦᠯᠬᠦ | ᠳᠤ ᠬᠦᠴᠦᠨ ᠨᠡᠮᠡᠷᠢᠯᠡᠵᠦ᠂ ᠢᠲᠡᠭᠡᠮᠵᠢ ᠶᠢ ᠰᠡᠷᠭᠦᠭᠡᠬᠦ ᠦᠶᠯᠡᠴᠢᠯᠡᠭᠡᠨ ᠤ ᠦᠷ᠎ᠡ ᠪᠦᠲᠦᠮᠵᠢ ᠶᠢ ᠤᠯᠠᠮ ᠨᠢᠭᠡ | ᠠᠯᠬᠤᠮ ᠳᠡᠭᠡᠭᠰᠢᠯᠡᠭᠦᠯᠦᠨ᠂ ᠬᠤᠳᠠᠯᠳᠤᠭ᠎ᠠ ᠡᠵᠡᠩᠨᠡᠬᠦ ᠣᠷᠴᠢᠨ ᠢ ᠰᠢᠯᠢᠳᠡᠭᠵᠢᠭᠦᠯᠵᠦ᠂ ᠵᠠᠬ᠎ᠠ ᠳᠡᠯᠭᠡᠭᠦᠷ ᠤᠨ | ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ ᠶᠢᠨ ᠲᠥᠯᠥᠭᠡ᠂ 4 ᠰᠠᠷ᠎ᠠ ᠶᠢᠨ 8 ᠤ ᠡᠳᠦᠷ᠂ | ᠬᠤᠰᠢᠭᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠪᠥᠬᠦ ᠬᠤᠰᠢᠭᠤᠨ ᠤ ᠬᠤᠳᠠᠯᠳᠤᠭᠠᠨ ᠤ ᠶᠠᠪᠤᠳᠠᠯ | ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠬᠤ ᠬᠤᠷᠠᠯ ᠬᠤᠷᠠᠯᠳᠤᠭᠤᠯᠵᠤ᠂ ᠬᠤᠰᠢᠭᠤ ᠰᠢᠭᠤᠳ | ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠤᠨ ᠲᠥᠯᠥᠭᠡᠯᠡᠭᠴᠢ ᠬᠤᠷᠠᠯ ᠳᠤ ᠣᠷᠣᠯᠴᠠᠪᠠ ᠃ | ᠬᠤᠷᠠᠯ ᠳᠡᠭᠡᠷ᠎ᠡ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠬᠠᠮᠢᠶ᠎ᠠ ᠪᠥᠬᠦᠶ ᠲᠦᠷᠢᠮ ᠲᠣᠭᠲᠠᠭᠠᠯ ᠢ | ᠰᠤᠷᠤᠯᠴᠠᠵᠤ᠂ ᠢᠲᠡᠭᠡᠮᠵᠢ ᠶᠢᠨ ᠮᠡᠳᠡᠭᠡ ᠵᠠᠩᠭᠢ ᠶᠢ ᠰᠡᠷᠭᠦᠭᠡᠬᠦ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠪᠠ | ᠪᠣᠯᠪᠠᠰᠣᠷᠠᠯ ᠦᠷᠨᠢᠭᠦᠯᠵᠦ᠂ 2025 ᠣᠨ ᠤ ᠦᠨᠡᠨᠴᠢ ᠢᠲᠡᠭᠡᠮᠵᠢ ᠶᠢᠨ ᠪᠥᠲᠥᠭᠡᠨ ᠪᠠᠶᠢᠭᠤᠯᠤᠯᠲᠠ ᠶᠢᠨ | ᠢᠨᠵᠧᠨᠧᠷᠢᠩ ᠤᠨ ᠭᠤᠤᠯᠳᠠᠯᠭ᠎ᠠ ᠲᠠᠢ ᠡᠭᠦᠷᠭᠡ ᠶᠢᠨ ᠨᠠᠷᠢᠨ ᠬᠠᠭᠤᠳᠠᠰᠤ ᠵᠢᠴᠢ ᠢᠲᠡᠭᠡᠮᠵᠢ ᠶᠢᠨ ᠬᠢᠨᠠᠨ ᠬᠡᠮᠵᠢᠯᠲᠡ | ᠶᠢᠨ ᠲᠠᠩᠰᠠ ᠲᠠᠭᠯᠠᠨ ᠮᠡᠳᠡᠭᠦᠯᠬᠦ ᠳᠤ ᠠᠩᠬᠠᠷᠬᠤ ᠵᠦᠶᠯᠡᠰ ᠢ ᠳᠣᠭᠢᠷᠠᠭᠤᠯᠤᠨ ᠪᠠᠶᠢᠷᠢᠯᠠᠭᠤᠯᠪᠠ ᠃ | ᠬᠤᠰᠢᠭᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠨᠢ ᠬᠤᠶᠢᠰᠢᠳᠠ ᠶᠢᠨ ᠠᠵᠤ ᠠᠬᠤᠶᠢᠯᠠᠯ ᠢ | ᠲᠤᠰᠠᠯᠠᠬᠤ ᠠᠵᠢᠯᠯᠠᠭ᠎ᠠ ᠳᠤᠮᠳᠠ ᠳᠠᠶᠢᠯᠠᠨ ᠳᠠᠭᠠᠭᠤᠯᠭᠤ ᠦᠶᠯᠡᠳᠦᠯ ᠢ ᠪᠠᠳᠠᠷᠠᠭᠤᠯᠵᠤ᠂ ᠠᠵᠤ ᠠᠬᠤᠶᠢᠯᠠᠯ ᠤᠨ | ᠬᠥᠭᠵᠢᠯᠲᠡ ᠳᠤ ᠬᠥᠳᠡᠯᠭᠡᠬᠦ ᠬᠦᠴᠦᠨ ᠨᠡᠮᠡᠷᠢᠯᠡᠵᠦ᠂ ᠡᠯ᠎ᠡ ᠰᠠᠯᠠᠭ᠎ᠠ ᠮᠥᠴᠢᠷ ᠲᠠᠢ ᠬᠠᠮᠵᠢᠯᠴᠠᠨ ᠬᠤᠯᠪᠣᠭᠠᠯᠠᠨ | ᠬᠥᠳᠡᠯᠦᠯᠴᠡᠬᠦ ᠶᠢ ᠦᠷᠭᠦᠯᠵᠢᠯᠡᠨ ᠴᠢᠩᠭᠠᠳᠬᠠᠵᠤ᠂ ᠣᠯᠠᠨ ᠲᠠᠯ᠎ᠠ ᠶᠢᠨ ᠡᠬᠢ ᠪᠠᠶᠠᠯᠢᠭ ᠢ ᠨᠢᠭᠡᠲᠦᠭᠦᠯᠵᠦ᠂ ᠠᠵᠤ | ᠠᠬᠤᠶᠢᠯᠠᠯ ᠤᠨ ᠬᠥᠭᠵᠢᠯᠲᠡ ᠳᠤ ᠰᠣᠯᠢᠯᠴᠠᠭ᠎ᠠ ᠬᠠᠮᠲᠤᠷᠠᠯᠴᠠᠭᠠᠨ ᠤ ᠲᠠᠪᠴᠠᠩ ᠢ ᠪᠠᠶᠢᠭᠤᠯᠵᠤ᠂ ᠪᠥᠬᠦ ᠬᠤᠰᠢᠭᠤᠨ | ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠬᠠᠮᠲᠤ ᠪᠠᠷ ᠠᠬᠢᠭᠤᠯᠬᠤ ᠪᠣᠯᠤᠨ᠎ᠠ᠃ | |