ᠵᠡᠭᠦᠨ ᠦᠵᠦᠮᠦᠴᠢᠨ ᠬᠤᠰᠢᠭᠤᠨ ᠤ ᠡᠵᠢᠨᠠᠭᠤᠷ ᠪᠠᠯᠭᠠᠰᠤᠨ ᠤ ᠬᠠᠷᠠᠭᠠᠲᠤ ᠭᠠᠴᠠᠭᠠᠨ ᠤ ᠬᠤᠯᠢᠮᠠᠭ | ᠲᠡᠵᠢᠭᠡᠯ ᠪᠣᠯᠪᠠᠰᠤᠷᠠᠭᠤᠯᠬᠤ ᠰᠠᠭᠤᠷᠢᠨ ᠭᠠᠵᠠᠷ ᠲᠤ ᠬᠦᠷᠬᠦ ᠳᠤ᠂ TMR ᠬᠤᠳᠬᠤᠭᠤᠷ ᠮᠠᠰᠢᠨ ᠢᠶᠠᠷ ᠵᠠᠭᠤ | ᠭᠠᠷᠤᠢ ᠵᠢᠩ ᠤᠨ ᠬᠤᠯᠢᠮᠠᠭ ᠲᠡᠵᠢᠭᠡᠯ ᠪᠤᠷᠳᠤᠭ᠎ᠠ ᠶᠢ ᠪᠣᠯᠪᠠᠰᠤᠷᠠᠭᠤᠯᠵᠤ ᠪᠤᠭᠤᠳᠠᠯᠯᠠᠵᠤ ᠪᠠᠶᠢᠯ᠎ᠠ᠃ ᠡᠨᠡ ᠬᠦ | ᠬᠤᠯᠢᠮᠠᠭ ᠲᠡᠵᠢᠭᠡᠯ ᠪᠤᠷᠳᠤᠭ᠎ᠠ ᠨᠢ ᠮᠠᠯᠴᠢᠳ ᠤᠨ ᠠᠷᠠᠴᠢᠯᠠᠨ ᠲᠡᠵᠢᠭᠡᠬᠦ ᠥᠪᠡᠷ ᠤᠨ ᠥᠷᠲᠡᠭ ᠢ ᠪᠠᠭᠤᠷᠠᠭᠤᠯᠵᠤ᠂ | ᠮᠠᠯ ᠪᠡᠯᠴᠢᠭᠡᠷ ᠤᠨ ᠲᠡᠩᠴᠡᠭᠦᠷᠢ ᠶᠢ ᠪᠡᠶᠡᠯᠡᠭᠦᠯᠬᠦ ᠶᠢᠨ ᠴᠢᠬᠤᠯᠠ ᠠᠴᠢᠶᠠᠯᠠᠪᠤᠷᠢ ᠪᠣᠯᠬᠤ ᠪᠠᠷ ᠪᠠᠷᠠᠬᠤ ᠥᠬᠡᠶ᠂ ᠪᠠᠰᠠ | ᠴᠤ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠷᠠᠳ ᠲᠤ ᠠᠰᠢᠭ ᠬᠦᠷᠲᠡᠭᠡᠬᠦ ᠲᠥᠷᠥ ᠶᠢᠨ | ᠪᠣᠳᠣᠯᠭ᠎ᠠ ᠪᠠ ᠮᠠᠯᠴᠢᠳ ᠤᠨ ᠬᠡᠷᠡᠭᠴᠡᠭᠡ ᠱᠠᠭᠠᠷᠳᠠᠯᠭ᠎ᠠ ᠶᠢ ᠣᠨᠣᠪᠴᠢᠲᠠᠶ ᠵᠣᠯᠭᠠᠭᠤᠯᠬᠤ ᠵᠠᠩᠭᠢᠯᠠᠭ᠎ᠠ ᠶᠢᠨ | ᠬᠤᠯᠪᠣᠭᠠᠰᠤ ᠪᠣᠯᠬᠤ ᠶᠤᠮ ᠃ | ᠡᠵᠢᠨᠠᠭᠤᠷ ᠪᠠᠯᠭᠠᠰᠤᠨ ᠤ ᠬᠠᠷᠠᠭᠠᠲᠤ ᠭᠠᠴᠠᠭᠠᠨ ᠤ ᠨᠠᠮ ᠤᠨ ᠡᠭᠦᠷ ᠤᠨ ᠱᠦᠵᠢ᠂ ᠭᠠᠴᠠᠭᠠᠨ ᠳᠠᠷᠤᠭ᠎ᠠ᠂ | ᠬᠤᠯᠢᠮᠠᠭ ᠲᠡᠵᠢᠭᠡᠯ ᠪᠤᠷᠳᠤᠭ᠎ᠠ ᠪᠣᠯᠪᠠᠰᠤᠷᠠᠭᠤᠯᠬᠤ ᠰᠠᠭᠤᠷᠢᠨ ᠭᠠᠵᠠᠷ ᠤᠨ ᠬᠠᠷᠢᠭᠤᠴᠠᠯᠭᠠᠲᠠᠨ ᠮᠥᠩᠬᠡᠪᠠᠲᠤ ᠶᠢᠨ | ᠲᠠᠨᠢᠯᠴᠠᠭᠤᠯᠤᠭᠰᠠᠨ ᠢᠶᠠᠷ᠂ ᠡᠨᠡᠬᠦ ᠰᠠᠭᠤᠷᠢᠨ ᠭᠠᠵᠠᠷ ᠨᠢᠭᠡᠨᠲᠡ ᠬᠤᠶᠠᠷ ᠵᠢᠯ ᠭᠠᠷᠤᠢ ᠠᠵᠢᠯᠯᠠᠵᠤ᠂ ᠦᠢᠯᠡᠳᠪᠦᠷᠢᠯᠡᠯ | ᠤᠨ ᠤᠯᠠᠷᠢᠯ ᠨᠢ ᠭᠤᠣᠯᠳᠠᠭᠤ ᠬᠠᠪᠤᠷ ᠵᠤᠨ ᠨᠠᠮᠤᠷ ᠭᠤᠷᠪᠠᠨ ᠤᠯᠠᠷᠢᠯ ᠳᠤ ᠲᠥᠪᠯᠡᠷᠡᠵᠦ ᠪᠠᠶᠢᠳᠠᠭ᠃ ᠣᠲᠣ | ᠪᠣᠯᠲᠠᠯ᠎ᠠ᠂ ᠲᠣᠰ ᠰᠠᠭᠤᠷᠢᠨ ᠭᠠᠵᠠᠷ ᠨᠢ ᠬᠤᠯᠢᠮᠠᠭ ᠲᠡᠵᠢᠭᠡᠯ ᠪᠤᠷᠳᠤᠭ᠎ᠠ 1000 ᠭᠠᠷᠤᠶ ᠲᠣᠨ | ᠦᠶᠯᠡᠳᠪᠦᠷᠢᠯᠡᠵᠦ᠂ ᠵᠢᠯ ᠤᠨ ᠡᠴᠦᠰ ᠲᠤ 5000 ᠲᠣᠨ ᠠᠴᠠ ᠳᠡᠭᠡᠭᠰᠢ ᠦᠶᠯᠡᠳᠪᠦᠷᠢᠯᠡᠬᠦ ᠪᠠᠷ ᠵᠢᠱᠢᠵᠦ | ᠪᠠᠶᠢᠨ᠎ᠠ ᠃ | ᠰᠤᠷᠪᠤᠯᠵᠢᠯᠠᠭ᠎ᠠ᠄ ᠡᠵᠢᠨᠠᠭᠤᠷ ᠪᠠᠯᠭᠠᠰᠤᠨ ᠤ ᠬᠠᠷᠠᠭᠠᠲᠤ ᠭᠠᠴᠠᠭᠠᠨ ᠤ ᠨᠠᠮ ᠤᠨ ᠡᠭᠦᠷ ᠤᠨ ᠱᠦᠵᠢ᠂ | ᠭᠠᠴᠠᠭᠠᠨ ᠳᠠᠷᠤᠭ᠎ᠠ — ᠮᠦᠩᠬᠡᠪᠠᠲᠦ | 4 ᠰᠠᠷ᠎ᠠ ᠶᠢᠨ 5 ᠤ ᠡᠳᠦᠷ ᠠᠴᠠ ᠡᠬᠢᠯᠡᠨ ᠵᠡᠭᠦᠨ ᠦᠵᠦᠮᠦᠴᠢᠨ ᠬᠤᠰᠢᠭᠤ 45 ᠡᠳᠦᠷ ᠤᠨ ᠬᠤᠭᠤᠴᠠᠭ᠎ᠠ | ᠲᠠᠢ ᠪᠡᠯᠴᠢᠭᠡᠷᠯᠡᠭᠦᠯᠬᠦ ᠶᠢ ᠵᠤᠭᠰᠤᠭᠠᠵᠤ ᠪᠡᠯᠴᠢᠭᠡᠷ ᠢ ᠰᠡᠷᠭᠦᠬᠡᠬᠦ ᠳᠦᠷᠢᠮ ᠢ ᠴᠢᠩᠭ᠎ᠠ ᠬᠡᠷᠡᠭᠵᠢᠭᠦᠯᠬᠦ ᠪᠤᠯᠤᠨ᠎ᠠ᠃ | ᠡᠨᠡᠬᠦ ᠪᠠᠶᠢᠳᠠᠯ ᠳᠤ ᠴᠢᠭᠯᠡᠭᠦᠯᠦᠨ ᠪᠡᠯᠴᠢᠭᠡᠷ ᠤᠨ ᠳᠠᠷᠤᠭᠠᠰᠤ ᠶᠢ ᠬᠥᠩᠭᠡᠷᠡᠭᠦᠯᠵᠦ᠂ ᠮᠠᠯᠴᠢᠳ ᠤᠨ ᠠᠷᠠᠴᠢᠯᠠᠨ | ᠲᠡᠵᠢᠭᠡᠬᠦ ᠥᠪᠡᠷ ᠤᠨ ᠥᠷᠲᠡᠭ ᠢ ᠪᠠᠭᠤᠷᠠᠭᠤᠯᠬᠤ ᠶᠢᠨ ᠲᠥᠯᠥᠭᠡ᠂ ᠬᠠᠷᠠᠭᠠᠲᠤ ᠭᠠᠴᠠᠭᠠᠨ ᠤ | ︽ᠡᠵᠢ ᠶᠢᠨ ᠭᠤᠪᠢ︾ ᠠᠮᠢᠳᠤ ᠮᠠᠯ ᠤᠨ ᠰᠣᠯᠢᠯᠴᠠᠭᠠᠨ ᠤ ᠵᠠᠬ᠎ᠠ ᠨᠢ ᠮᠠᠯᠴᠢᠳ ᠲᠤ ᠨᠠᠶᠢᠳᠠᠨ ᠲᠡᠵᠢᠭᠡᠬᠦ ᠣᠷᠣᠯᠠᠨ | ᠲᠡᠵᠢᠭᠡᠬᠦ ᠦᠶᠯᠡᠴᠢᠯᠡᠭᠡ ᠬᠠᠩᠭᠠᠵᠤ᠂ ᠬᠠᠷᠠᠭᠠᠲᠤ ᠬᠤᠯᠢᠮᠠᠭ ᠲᠡᠵᠢᠭᠡᠯ ᠪᠣᠷᠳᠤᠭ᠎ᠠ ᠪᠣᠯᠪᠠᠰᠤᠷᠠᠭᠤᠯᠬᠤ ᠰᠠᠭᠤᠷᠢᠨ | ᠭᠠᠵᠠᠷ ᠠᠴᠠ ᠮᠢᠬᠠᠨ ᠤ ᠦᠬᠡᠷ ᠲᠤ ᠴᠢᠭᠯᠡᠭᠦᠯᠦᠨ᠂ ᠬᠠᠮᠤᠭ ᠤᠨ ᠰᠠᠶᠢᠨ ᠬᠤᠯᠢᠮᠠᠭ ᠲᠡᠵᠢᠭᠡᠯ ᠤᠨ ᠨᠠᠶᠢᠷᠠᠯᠭ᠎ᠠ ᠶᠢ | ᠰᠣᠯᠢᠵᠤ᠂ ᠮᠢᠬᠠᠨ ᠤ ᠭᠠᠷᠤᠯᠲᠠ ᠶᠢᠨ ᠨᠣᠷᠮ᠎ᠠ ᠶᠢ ᠳᠡᠭᠡᠭᠰᠢᠯᠡᠭᠦᠯᠬᠦ ᠪᠠᠷ ᠪᠠᠶᠢᠨ᠎ᠠ᠃ | ᠰᠤᠷᠪᠤᠯᠵᠢᠯᠠᠭ᠎ᠠ᠄ ᠬᠠᠲᠠᠪᠴᠢ ᠪᠠᠯᠭᠠᠰᠤᠨ ᠤ ᠮᠠᠯᠴᠢᠨ— ᠪᠦᠷᠢᠳᠦᠪᠠᠭᠠᠲᠤᠷ | ᠰᠤᠷᠪᠤᠯᠵᠢᠯᠠᠭ᠎ᠠ᠄ ᠬᠤᠰᠢᠭᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠲᠣᠪᠴᠢᠶᠠᠨ ᠤ ᠳᠡᠳ᠋ ᠳᠠᠷᠤᠭ᠎ᠠ— ᠪᠦᠬᠡᠵᠠᠶᠠᠭᠠ | ᠬᠤᠯᠢᠮᠠᠭ ᠲᠡᠵᠢᠭᠡᠯ ᠨᠢ ᠦᠬᠡᠷ ᠬᠤᠨᠢᠨ ᠤ ᠲᠠᠷᠭᠤ ᠬᠦᠴᠦ ᠶᠢ ᠪᠠᠲᠤᠯᠠᠬᠤ ᠪᠠᠷ ᠪᠠᠷᠠᠬᠤ ᠥᠬᠡᠶ᠂ ᠲᠡᠵᠢᠭᠡᠨ | ᠠᠷᠠᠴᠢᠯᠠᠬᠤ ᠥᠪᠡᠷ ᠤᠨ ᠥᠷᠲᠡᠭ ᠢ ᠴᠦ ᠠᠷᠪᠢᠯᠠᠵᠤ᠂ ᠮᠠᠯ ᠪᠡᠯᠴᠢᠭᠡᠷ ᠤᠨ ᠲᠡᠩᠴᠡᠭᠦᠷᠢ ᠶᠢ ᠠᠬᠢᠭᠤᠯᠬᠤ᠂ ᠮᠠᠯ | ᠠᠵᠤ ᠠᠬᠤᠶ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠳᠤ ᠨᠢᠭᠡ ᠵᠦᠶᠯ ᠤᠨ ᠪᠦᠲᠦᠮᠵᠢᠲᠡᠶ ᠠᠷᠭ᠎ᠠ | ᠪᠠᠷᠢᠯ ᠪᠣᠯᠬᠤ ᠪᠣᠯᠤᠨ᠎ᠠ᠃ |