ᠠᠯᠲᠠᠨᠬᠢᠯᠢ ᠰᠤᠮᠤᠨ ᠤ ︽ᠤᠯᠠᠭᠠᠨ ᠪᠣᠭᠴᠣ︾ ᠦᠢᠯᠠᠴᠢᠯᠡᠭᠡ ᠤᠯᠠᠨ ᠲᠦᠮᠠᠨ ᠤ ᠰᠠᠳᠬᠢᠯ ᠢ ᠲᠤᠯᠠᠭᠠᠴᠡᠭᠤᠯᠪᠠ
ᠨᠡᠶᠢᠲᠡᠯᠡᠭᠰᠡᠨ ᠴᠠᠭ᠄
2025/4/17
      ᠰᠢ ᠶᠢᠨ ᠫᠢᠩ ᠶᠡᠷᠦᠩᠬᠡᠢ ᠱᠦᠵᠢ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠤᠬᠠᠢ ᠴᠢᠬᠤᠯᠠ ᠥᠭᠦᠯᠡᠯᠲᠡ ᠪᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ  ᠶᠢ ᠭᠦᠨᠵᠡᠭᠡᠢ ᠲᠤᠭᠤᠰᠢᠯᠠᠭᠤᠯᠤᠨ᠂       ︽ᠬᠤᠰᠢᠭᠤᠴᠢ ᠤᠮᠠᠷᠠᠲᠤ ᠬᠢᠯᠢ︾ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢᠨ ᠲᠦᠯᠤᠬᠡ᠂ ᠵᠡᠭᠦᠨ ᠦᠵᠦᠮᠦᠴᠢᠨ ᠬᠤᠰᠢᠭᠤᠨ ᠤ ᠠᠯᠲᠠᠨᠬᠢᠯᠢ ᠰᠤᠮᠤ ᠨᠢ ︽ᠤᠯᠠᠭᠠᠨ ᠪᠣᠭᠴᠣ︾ ᠰᠠᠶᠢᠨ ᠳᠤᠷ᠎ᠠ ᠶᠢᠨ ᠦᠢᠯᠡᠴᠢᠯᠡᠭᠡ ᠪᠠᠷ ᠭᠠᠷᠳᠠᠴᠠ ᠪᠣᠯᠭᠠᠵᠤ᠂ ᠰᠤᠮᠤ᠂ ᠭᠠᠴᠠᠭ᠎ᠠ ᠬᠤᠶᠠᠷ ᠱᠠᠲᠤᠨ ᠤ ᠺᠠᠳ᠋ᠷᠴᠤᠳ ᠤᠨ ᠬᠤᠷᠠᠯ ᠬᠤᠷᠠᠯᠳᠤᠭᠤᠯᠬᠤ ᠪᠠᠷ ᠳᠠᠮᠵᠢᠭᠤᠯᠤᠨ᠂ ︽ᠤᠯᠠᠭᠠᠨ ᠪᠣᠭᠴᠣ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ᠡᠯ᠎ᠡ ᠲᠥᠷᠥᠯ ᠤᠨ ᠡᠬᠢ ᠪᠠᠶᠠᠯᠢᠭ ᠢ ᠮᠠᠯᠵᠢᠬᠤ ᠣᠷᠣᠨ ᠳᠤ ᠬᠦᠷᠬᠡᠬᠦ ᠶᠢ ᠲᠦᠯᠬᠢᠨ ᠠᠬᠢᠭᠤᠯᠵᠤ᠂ ᠦᠢᠯᠡᠴᠢᠯᠡᠭᠡᠨ ᠤ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ︽ᠤᠯᠠᠭᠠᠨ ᠪᠣᠭᠴᠣ︾ ᠦᠢᠯᠠᠴᠢᠯᠡᠭᠡ ᠪᠠᠷ ᠤᠯᠠᠨ ᠲᠦᠮᠠᠨ ᠤ ᠰᠠᠳᠬᠢᠯ ᠢ ᠲᠤᠯᠠᠭᠠᠴᠡᠭᠤᠯᠪᠠ᠃      ᠮᠠᠯᠵᠢᠬᠤ ᠣᠷᠣᠨ ᠤ ᠴᠡᠭ ᠣᠯᠠᠨ᠂ ᠱᠤᠭᠤᠮ ᠤᠷᠲᠤ᠂ ᠬᠡᠪᠴᠢᠶ᠎ᠡ ᠥᠷᠭᠡᠨ ᠪᠠ ᠮᠠᠯᠴᠢᠨ ᠨᠠᠮ ᠤᠨ ᠭᠡᠰᠢᠭᠦᠨ᠂ ᠣᠯᠠᠨ ᠲᠦᠮᠡᠨ ᠤ ᠰᠠᠭᠤᠷᠢᠰᠢᠯ ᠲᠠᠷᠠᠬᠠᠢ ᠪᠤᠲᠠᠷᠬᠠᠢ ᠪᠠᠶᠢᠬᠤ ᠪᠣᠳᠠᠲᠤ ᠪᠠᠶᠢᠳᠠᠯ ᠳᠤ ᠰᠠᠭᠤᠷᠢᠯᠠᠨ᠂       ︽ᠬᠤᠶᠠᠷ ᠲᠦᠪ ᠨᠢᠭᠡ ᠠᠩᠭᠢ ᠲᠦᠷᠪᠠᠨ ᠠᠯᠪᠠᠨ ᠬᠡᠷ︾ ᠤᠨ ᠡᠭᠦᠷᠭᠡ ᠴᠢᠳᠠᠪᠤᠷᠢ ᠶᠢ ᠦᠨᠳᠦᠰᠦᠯᠡᠨ᠂ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠠᠭᠤᠯᠭ᠎ᠠ᠂ ᠲᠦᠷᠤᠯ ᠵᠤᠶᠢᠯ ᠪᠠ ᠭᠠᠵᠠᠷ ᠣᠷᠣᠨ ᠢ ᠲᠣᠳᠣᠷᠬᠠᠶᠢᠯᠠᠵᠤ᠂ ᠬᠠᠪᠤᠷ ᠤᠨ ᠤᠯᠠᠷᠢᠯ ᠤᠨ ᠭᠤᠣᠯᠳᠠᠯᠭᠠᠲᠤ ᠠᠵᠢᠯ ᠲᠠᠢ ᠤᠶᠠᠯᠲᠤᠭᠤᠯᠤᠨ ᠮᠠᠯ ᠪᠡᠯᠴᠢᠭᠡᠷ ᠤᠨ ᠲᠡᠩᠴᠡᠭᠦᠷᠢ᠂ ᠠᠶᠤᠯᠬᠦᠢ ᠦᠢᠯᠡᠳᠪᠦᠷᠢᠯᠡᠯ᠂ ᠮᠠᠯ ᠠᠵᠤ ᠠᠬᠤᠢ ᠶᠢᠨ ᠮᠡᠷᠭᠡᠵᠢᠯ᠂ ᠡᠯᠧᠺᠲᠷᠣᠨ ᠬᠤᠳᠠᠯᠳᠤᠭ᠎ᠠ ᠪᠠᠷ ᠮᠠᠯ ᠠᠵᠤ ᠠᠬᠤᠢ ᠶᠢ ᠲᠤᠰᠠᠯᠠᠬᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠬᠥᠮᠦᠵᠢᠯ ᠵᠡᠷᠭᠡ ᠠᠭᠤᠯᠭ᠎ᠠ ᠶᠢ ︽ᠤᠯᠠᠭᠠᠨ ᠪᠣᠭᠴᠣ︾ ᠦᠢᠯᠠᠴᠢᠯᠡᠭᠡ ᠳᠤ ᠤᠷᠤᠭᠤᠯᠤᠨ᠂ ᠨᠠᠮ ᠵᠠᠰᠠᠭ ᠤᠨ ᠭᠤᠣᠯ ᠤᠳᠤᠷᠢᠳᠤᠯᠭ᠎ᠠ ᠲᠦᠷᠦᠭᠦᠯᠡᠨ ᠶᠡᠷᠦᠩᠬᠡᠢ ᠠᠵᠢᠯ ᠢ ᠠᠳᠬᠤᠵᠤ᠂ ᠨᠠᠮ ᠵᠠᠰᠠᠭ ᠤᠨ ᠳᠡᠳ᠋ ᠤᠲᠤᠷᠢᠲᠤᠯᠭ᠎ᠠ ᠭᠠᠴᠠᠭ᠎ᠠ ᠲᠠᠭᠠᠭᠠᠴᠢᠯᠠᠬᠤ ︽2+4︾ ᠵᠣᠬᠢᠶᠠᠨ ᠪᠠᠶᠢᠭᠤᠯᠤᠯᠲᠠ ᠶᠢᠨ ᠲᠤᠭᠲᠠᠴᠨ ᠳᠤ ᠲᠦᠰᠢᠭᠯᠡᠨ᠂ ᠡᠷᠦᠬᠡ ᠳᠤ ᠬᠦᠨᠵᠡᠬᠡᠶᠢᠷᠠᠨ ᠰᠤᠷᠪᠤᠯᠵᠢᠯᠠᠬᠤ᠂ ᠤᠲᠠᠰᠤ ᠪᠠᠷ ᠬᠤᠯᠪᠤᠭᠠᠯᠠᠨ ᠰᠤᠷᠪᠤᠯᠵᠢᠯᠠᠬᠤ᠂ ᠸᠢᠴᠡᠲ ᠪᠠᠷ ᠠᠰᠠᠭᠤᠨ ᠰᠤᠷᠪᠤᠯᠵᠢᠯᠠᠬᠤ ᠠᠷᠭ᠎ᠠ ᠬᠡᠮᠵᠢᠶ᠎ᠡ ᠪᠠᠷ ᠮᠠᠯᠴᠢᠨ ᠲᠦᠮᠡᠨ ᠤ ᠬᠠᠪᠤᠷ ᠤᠨ ᠤᠯᠠᠷᠢᠯ ᠤᠨ ᠭᠠᠯ ᠰᠡᠷᠭᠡᠶᠢᠯᠡᠬᠦ᠂ ᠲᠥᠯ ᠲᠤᠰᠴᠤ ᠪᠣᠶᠢᠵᠢᠭᠤᠯᠬᠤ᠂ ᠡᠪᠡᠰᠦ ᠪᠣᠷᠳᠤᠭ᠎ᠠ ᠨᠥᠭᠡᠴᠡᠯᠡᠬᠦ ᠵᠡᠷᠭᠡ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠣᠨᠣᠪᠴᠢᠲᠠᠶ ᠡᠵᠡᠮᠰᠢᠵᠦ᠂ 561 ᠡᠷᠦᠬᠡ ᠶᠢ ᠰᠤᠷᠪᠤᠯᠵᠢᠯᠠᠵᠤ᠂ ᠡᠯ᠎ᠡ ᠲᠥᠷᠥᠯ ᠤᠨ ᠤᠬᠠᠭᠤᠯᠭ᠎ᠠ ᠶᠢᠨ ᠮᠠᠲ᠋ᠧᠷᠢᠶᠠᠯ 1.5 ᠲᠦᠮᠡ ᠣᠷᠴᠢᠮ ᠲᠠᠷᠬᠠᠭᠠᠨ᠂ 2600 ᠭᠠᠷᠤᠢ ᠬᠥᠮᠥᠨ ᠳᠤ ᠠᠰᠢᠭ ᠬᠦᠷᠲᠡᠭᠡᠵᠦ᠂ ᠮᠠᠯᠵᠢᠬᠤ ᠡᠷᠦᠬᠡ ᠶᠢᠨ ᠰᠠᠭᠤᠷᠢ ᠲᠤᠭ᠎ᠠ ᠪᠠᠷᠢᠮᠲᠠ ᠶᠢᠨ ᠪᠦᠷᠢᠳᠬᠡᠯ ᠤᠨ ᠡᠬᠡ ᠲᠠᠩᠰᠠ ᠶᠢ ᠡᠮᠬᠢᠯᠡᠵᠦ ᠭᠠᠷᠭᠠᠭᠰᠠᠨ ᠪᠥᠭᠡᠳ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠮᠠᠯᠴᠢᠨ ᠲᠦᠮᠠᠨ ᠳᠤ ᠲᠠᠶᠢᠯᠪᠤᠷᠢᠯᠠᠵᠤ᠂ ︽ᠤᠯᠠᠭᠠᠨ ᠪᠣᠭᠴᠣ︾ ᠶᠢ ᠨᠠᠮ ᠤᠨ ᠭᠡᠰᠢᠭᠦᠨ ᠣᠯᠠᠨ ᠲᠦᠮᠡᠨ ᠤ ᠨᠠᠮ ᠤᠨ ᠴᠢᠭᠯᠡᠯᠲᠡ ᠲᠥᠷᠥ ᠶᠢᠨ ᠪᠣᠳᠣᠯᠭ᠎ᠠ ᠶᠢ ᠣᠶᠢᠯᠠᠭᠠᠬᠤ᠂ ᠣᠯᠠᠨ ᠲᠦᠮᠡᠨ ᠳᠤ ᠦᠢᠯᠡᠴᠢᠯᠡᠬᠦ ︽ᠲᠥᠷᠥ ᠶᠢᠨ ᠪᠣᠳᠣᠯᠭ᠎ᠠ ᠶᠢᠨ ᠪᠣᠭᠴᠣ︾ ᠪᠣᠯᠭᠠᠬᠤ ᠶᠢ ᠲᠦᠯᠬᠢᠨ ᠠᠬᠢᠭᠤᠯᠪᠠ᠃      ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠥᠷᠲᠡᠭᠡ ᠴᠡᠭ ᠢᠶᠠᠷ ᠰᠠᠭᠤᠷᠢᠨ ᠭᠠᠵᠠᠷ ᠪᠤᠯᠭᠠᠨ᠂ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠵᠤ᠂ ︽ᠰᠠᠭᠤᠷᠢᠨ ᠭᠠᠵᠠᠷ + ᠡᠩᠨᠡᠭᠡ + ᠠᠵᠢᠯᠯᠠᠭ᠎ᠠ︾ ᠶᠢᠨ ᠵᠠᠭᠪᠤᠷ ᠢᠶᠠᠷ ︽ᠰᠦᠯᠵᠢᠶᠡᠨ ᠳᠡᠭᠡᠷ᠎ᠡ + ᠰᠦᠯᠵᠢᠶᠡᠨ ᠭᠠᠳᠠᠨ᠎ᠠ᠂  ᠵᠠᠬᠢᠶᠠᠯᠠᠭ᠎ᠠ ᠶᠢᠨ ᠬᠠᠭᠤᠳᠠᠰᠤ + ᠲᠣᠮᠢᠯᠠᠬᠤ ᠬᠠᠭᠤᠳᠠᠰᠤ᠂ ᠬᠤᠷᠠᠯ ᠤᠨ ᠲᠠᠯᠠᠪᠠᠶ + ᠲᠤᠬᠠᠢ ᠶᠢᠨ ᠲᠠᠯᠠᠪᠤᠷ︾ ᠤᠨ ᠣᠯᠠᠨ ᠬᠡᠮᠵᠢᠯᠲᠦ ︽ᠤᠯᠠᠭᠠᠨ  ᠪᠣᠭᠴᠣ︾ ᠲᠣᠬᠢᠷᠠᠭᠤᠯᠤᠨ ᠬᠦᠷᠭᠡᠬᠦ ᠲᠣᠭᠲᠠᠴᠠ ᠶᠢ ᠪᠠᠶᠢᠭᠤᠯᠵᠤ᠂ ᠰᠤᠮᠤ᠂ ᠭᠠᠴᠠᠭ᠎ᠠ ︵ᠨᠡᠶᠢᠭᠡᠮ ᠲᠣᠭᠤᠷᠢᠭ︶᠂ ᠨᠠᠮ ᠤᠨ ᠭᠡᠰᠢᠭᠦᠨ ᠭᠤᠤᠯᠯᠠᠬᠤ ᠡᠷᠦᠬᠡ ᠭᠤᠷᠪᠠᠨ ᠱᠠᠲᠤᠨ ᠤ ᠸᠢᠴᠠᠲ ᠬᠤᠯᠪᠤᠭ᠎ᠠ ᠪᠠᠶᠢᠭᠤᠯᠤᠨ᠂ ᠮᠠᠯᠴᠢᠨ ︵ᠰᠠᠭᠤᠭᠠᠯᠢ ᠠᠷᠠᠳ︶  ᠲᠦᠮᠡᠨ ᠤ ᠦᠢᠯᠡᠳᠪᠦᠷᠢᠯᠡᠯ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠮᠡᠳᠡᠭᠡ ᠵᠠᠩᠭᠢ᠂ ᠣᠬᠤᠷ ᠬᠠᠷᠠᠭᠠᠨ ᠳᠠᠪᠲᠠᠮᠵᠢ᠂ ᠬᠤᠯᠪᠣᠯᠲᠠ ᠶᠢᠨ 200 ᠭᠠᠷᠤᠢ ᠵᠤᠷᠪᠤᠰ ᠢ ᠳᠠᠮᠵᠢᠭᠤᠯᠤᠨ ᠲᠠᠷᠬᠠᠭᠠᠬᠤ  ᠶᠢᠨ ᠬᠠᠮᠲᠤ ᠰᠤᠮᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠲᠠᠢ ᠬᠤᠯᠪᠤᠭᠠᠯᠠᠨ ᠴᠢᠩᠨᠠᠭᠤᠷ᠂ ᠲᠦᠷᠭᠡᠨ ᠠᠪᠤᠷᠠᠯᠳᠠ ᠶᠢᠨ ᠡᠮ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠭᠠᠷ ᠪᠣᠭᠴᠣ ᠵᠢᠴᠢ ᠡᠷᠡᠭᠦᠯ ᠮᠡᠨᠳᠦ ᠶᠢᠨ ᠮᠡᠳᠡᠯᠭᠡ ᠶᠢᠨ ᠭᠠᠷ ᠳᠡᠪᠲᠡᠷ ᠵᠡᠷᠭᠡ ᠶᠢ ︽ᠤᠯᠠᠭᠠᠨ ᠪᠣᠭᠴᠣ︾ ᠳᠤ ᠬᠢᠵᠦ᠂ ᠬᠦᠨᠳᠦ ᠡᠪᠡᠳᠴᠢᠨ ᠲᠠᠢ ᠭᠡᠷ ᠪᠦᠯᠢ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠰᠢᠯᠭᠠᠬᠤ ᠡᠲᠡᠭᠡᠳ ᠲᠤ ᠪᠠᠶᠢᠩᠭᠤ ᠭᠦᠨᠵᠡᠭᠡᠶᠢᠷᠡᠵᠦ᠂ ᠴᠢᠰᠤᠨ ᠳᠠᠷᠤᠯᠲᠠ  ᠪᠠ ᠴᠢᠰᠤᠨ ᠰᠢᠬᠢᠷ ᠢ ᠬᠢᠨᠠᠨ ᠬᠡᠮᠵᠢᠬᠦ᠂ ᠵᠢᠷᠦᠬᠡ ᠠᠭᠤᠰᠬᠢ ᠶᠢ ᠴᠢᠩᠨᠠᠨ ᠣᠨᠣᠰᠢᠯᠠᠬᠤ ᠵᠡᠷᠭᠡ ᠦᠢᠯᠡᠴᠢᠯᠡᠭᠡ ᠶᠢ ᠥᠷᠨᠢᠭᠦᠯᠬᠦ ᠶᠢᠨ ᠬᠠᠮᠲᠤ ᠴᠢᠰᠤᠨ ᠳᠠᠷᠤᠯᠲᠠ ᠥᠨᠳᠥᠷ᠂ ᠰᠦᠷᠢᠶ᠎ᠡ ᠡᠪᠡᠳᠴᠢᠨ᠂ ᠰᠢᠬᠢᠷ ᠰᠢᠵᠢᠩ ᠡᠪᠡᠳᠴᠢᠨ ᠳᠤ ᠠᠩᠬ᠎ᠠ ᠠᠯᠬᠤᠮ ᠤᠨ ᠰᠢᠭᠰᠢᠨ ᠪᠠᠶᠢᠴᠠᠭᠠᠯᠲᠠ ᠬᠢᠵᠦ᠂ ᠪᠡᠶ᠎ᠡ ᠰᠤᠪᠢᠯᠠᠯᠲᠠ ᠡᠷᠡᠭᠦᠯᠵᠢᠯ᠂ ᠡᠮ ᠬᠡᠷᠡᠭᠯᠡᠬᠦ ᠶᠢ ᠵᠢᠭᠠᠨ ᠵᠢᠯᠤᠭᠤᠳᠬᠤ᠂ ᠬᠠᠪᠤᠷ ᠤᠨ ᠤᠯᠠᠷᠢᠯ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠬᠦ ᠵᠡᠷᠭᠡ ᠡᠷᠡᠭᠦᠯ ᠮᠡᠨᠳᠦ ᠶᠢᠨ ᠮᠡᠳᠡᠯᠭᠡ ᠶᠢ ᠲᠠᠶᠢᠯᠪᠤᠷᠢᠯᠠᠵᠤ᠂ ︽ᠤᠯᠠᠭᠠᠨ ᠪᠣᠭᠴᠣ︾ ᠶᠢ ᠨᠠᠮ ᠤᠨ ᠭᠡᠰᠢᠭᠦᠨ ᠤᠯᠠᠨ ᠲᠦᠮᠡᠨ ᠤ ᠡᠯ᠎ᠡ ᠵᠦᠢᠯ ᠤᠨ ᠬᠦᠴᠢᠷ ᠠᠰᠠᠭᠤᠳᠠᠯ ᠢ ᠰᠢᠢᠳᠪᠦᠷᠢᠯᠡᠬᠦ ︽ᠪᠠᠭᠠᠵᠢ ᠶᠢᠨ ᠪᠣᠭᠴᠣ︾ ᠪᠣᠯᠭᠠᠬᠤ ᠶᠢ ᠲᠦᠯᠬᠢᠨ ᠠᠬᠢᠭᠤᠯᠪᠠ᠃      ᠦᠨᠳᠦᠰᠦᠨ ᠱᠠᠲᠤᠨ ᠤ ᠵᠠᠰᠠᠯᠲᠠ ᠶᠢᠨ ᠬᠦᠴᠦᠨ ᠪᠠᠭᠤᠷᠠᠢ᠂ ᠵᠢᠭᠤᠷᠠᠭᠠᠨ ᠢ ᠰᠢᠢᠳᠪᠦᠷᠢᠯᠡᠬᠦ ᠠᠷᠭ᠎ᠠ ᠬᠡᠯᠪᠡᠷᠢ ᠳᠠᠩ ᠴᠤᠯᠭᠤᠢ ᠵᠡᠷᠭᠡ ᠠᠰᠠᠭᠤᠳᠠᠯ ᠢ ᠰᠢᠢᠳᠪᠦᠷᠢᠯᠡᠬᠦ ᠳᠤ ᠰᠠᠭᠤᠷᠢᠯᠠᠵᠤ᠂ ︽ᠹᠧᠩ ᠴᠢᠶᠣᠣ ᠶᠢᠨ ᠲᠤᠷᠰᠢᠯᠭ᠎ᠠ︾ ᠲᠠᠢ ᠤᠶᠠᠯᠳᠤᠭᠤᠯᠤᠨ᠂ ︽ᠠᠮᠤᠷ ᠠᠮᠤᠭᠤᠯᠠᠩ ᠬᠢᠯᠢ︾ ᠶᠢᠨ ᠵᠠᠰᠠᠯᠲᠠ ᠶᠢᠨ ᠨᠡᠷᠡᠲᠦ ᠲᠡᠮᠳᠡᠭ ᠢ ᠡᠬᠦᠳᠴᠤ᠂ ᠬᠠᠤᠯᠢ ᠴᠠᠭᠠᠵᠠ ᠶᠢᠨ ᠰᠠᠯᠪᠤᠷᠢ᠂ ᠬᠢᠯᠢ ᠶᠢᠨ ᠲᠣᠮᠢᠯᠠᠭᠰᠠᠨ ᠰᠠᠯᠪᠤᠷᠢ ᠶᠢᠨ ᠠᠵᠢᠯᠲᠠᠨ ᠢ ︽ᠤᠯᠠᠭᠠᠨ ᠪᠣᠭᠴᠣ︾ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠬᠤ ᠠᠩᠭᠢ ᠳᠤ ᠣᠷᠣᠭᠤᠯᠵᠤ᠂ ︽ᠨᠢᠭᠡ ᠥᠷᠲᠡᠭᠡᠨ ᠤ ᠦᠢᠯᠡᠴᠢᠯᠡᠭᠡ + ᠭᠤᠷᠪᠠᠨ ᠳᠡᠰ ᠤᠨ ᠬᠤᠯᠪᠣᠭ᠎ᠠ ᠶᠢᠨ ᠲᠣᠬᠢᠷᠠᠭᠤᠯᠤᠯᠲᠠ︾ ᠶᠢᠨ ᠴᠢᠳᠠᠮᠵᠢ ᠶᠢᠨ ᠵᠠᠭᠪᠤᠷ ᠢᠶᠠᠷ ᠮᠠᠯᠵᠢᠬᠤ ᠡᠷᠦᠬᠡ ᠳᠤ ᠭᠦᠨᠵᠡᠭᠡᠶᠢᠷᠡᠨ ᠵᠥᠷᠢᠴᠡᠯ ᠵᠢᠭᠤᠷᠠᠯᠳᠤᠭᠠᠨ ᠢ 16 ᠤᠳᠠᠭ᠎ᠠ ᠵᠢᠭᠰᠠᠭᠠᠨ ᠪᠠᠶᠢᠴᠠᠭᠠᠵᠤ᠂ ᠡᠯ᠎ᠡ ᠲᠥᠷᠥᠯ ᠤᠨ ᠤᠬᠠᠭᠤᠯᠭ᠎ᠠ ᠶᠢᠨ ᠬᠠᠭᠤᠳᠠᠰᠤ ᠶᠢ 2000 ᠭᠠᠷᠤᠢ ᠬᠤᠪᠢ ᠲᠠᠷᠬᠠᠭᠠᠵᠤ᠂ ᠡᠯ᠎ᠡ ᠲᠥᠷᠥᠯ ᠤᠨ ᠵᠥᠷᠢᠴᠡᠯ ᠵᠢᠭᠤᠷᠠᠯᠳᠤᠭᠠᠨ ᠢ 2 ᠤᠳᠠᠭ᠎ᠠ ᠠᠮᠵᠢᠯᠲᠠ ᠲᠠᠢ ᠪᠠᠷ ᠡᠶᠡᠳᠡᠭᠦᠯᠦᠨ ᠰᠢᠢᠳᠪᠦᠷᠢᠯᠡᠵᠦ᠂ ᠡᠶᠡᠳᠡᠭᠦᠯᠦᠭᠰᠡᠨ ᠨᠣᠷᠮ᠎ᠠ ᠨᠢ 100% ᠳᠤ ᠬᠦᠷᠴᠦ᠂ ᠮᠠᠯᠴᠢᠳ ᠢ ᠬᠠᠪᠰᠤᠷᠤᠨ ᠬᠥᠯᠥᠰᠦᠯᠡᠬᠦ ᠭᠡᠷ᠎ᠡ᠂ ᠲᠦᠷᠢᠶᠡᠰᠦᠯᠡᠬᠦ ᠭᠡᠷ᠎ᠡ᠂ ᠭᠡᠷ ᠪᠠᠶᠢᠰᠢᠩ ᠲᠦᠷᠢᠶᠡᠰᠦᠯᠡᠬᠦ ᠬᠡᠯᠡᠯᠴᠡᠭᠡᠷ ᠵᠡᠷᠭᠡ ᠶᠢ 102 ᠬᠤᠪᠢ ᠪᠢᠴᠢᠵᠦ᠂ ᠡᠭᠦᠨ ᠤ ᠬᠠᠮᠲᠤ ᠵᠣᠬᠢᠴᠠᠭᠤᠯᠤᠭᠴᠢ ᠶᠢᠨ ᠬᠤᠪᠢ ᠪᠠᠷ ᠠᠵᠤ ᠠᠬᠤᠶᠢᠯᠠᠯ ᠪᠣᠯᠣᠨ ᠮᠠᠯᠵᠢᠬᠤ ᠡᠷᠦᠬᠡ ᠶᠢᠨ ︽ᠬᠥᠭᠦᠷᠭᠡ ᠬᠤᠯᠪᠤᠭᠠᠰᠤ︾ ᠪᠤᠯᠵᠤ᠂ ᠮᠠᠯᠵᠢᠬᠤ ᠡᠷᠦᠬᠡ ᠶᠢ ᠬᠠᠪᠰᠤᠷᠤᠨ ᠠᠮᠤᠭᠤᠯᠠᠩ ᠤᠨ ᠨᠡᠭᠦᠷᠡᠰᠦᠨ ᠠᠭᠤᠷᠬᠠᠢ ᠶᠢᠨ ᠠᠵᠤ ᠠᠬᠤᠶᠢᠯᠠᠯ ᠲᠠᠢ ᠵᠥᠪᠳᠡᠯᠴᠡᠵᠦ᠂ 3808 ᠮᠦ᠂ 1504.16 ᠲᠦᠮᠡᠨ ᠲᠥᠭᠦᠷᠢᠭ ᠤᠨ ᠭᠠᠵᠠᠷ ᠰᠢᠷᠣᠢ ᠲᠠᠲᠠᠪᠤᠷᠢᠯᠠᠬᠤ ᠭᠡᠷ᠎ᠡ ᠲᠣᠭᠲᠠᠭᠠᠬᠤ ᠳᠤ ᠬᠠᠮᠵᠢᠯᠴᠠᠵᠤ᠂ ︽ᠨᠢᠭᠡ ᠯᠡ ᠥᠷᠲᠡᠭᠡᠨ ᠤ ᠬᠡᠯᠪᠡᠷᠢ ᠪᠠᠷ ᠭᠥᠯᠢᠶᠡᠨ ᠠᠪᠴᠤ ᠰᠢᠢᠳᠪᠦᠷᠢᠯᠡᠬᠦ᠂ ᠪᠦᠬᠦᠨ ᠢ ᠵᠣᠬᠢᠴᠠᠭᠤᠯᠤᠨ ᠰᠢᠢᠳᠪᠦᠷᠢᠯᠡᠬᠦ᠂ ᠪᠥᠬᠦ ᠬᠡᠯᠬᠢᠶᠡᠰᠦ ᠪᠠᠷ ᠦᠢᠯᠡᠴᠢᠯᠡᠬᠦ︾ ᠶᠢ ᠦᠨᠡᠨ ᠬᠦ ᠪᠡᠶᠡᠯᠡᠭᠦᠯᠵᠦ᠂ ︽ᠤᠯᠠᠭᠠᠨ ᠪᠣᠭᠴᠣ︾ ᠶᠢ ᠦᠨᠳᠦᠰᠦᠨ ᠱᠠᠲᠤᠨ ᠤ ᠨᠠᠷᠢᠯᠢᠭᠵᠢᠭᠤᠯᠤᠨ ᠵᠠᠰᠠᠯᠲᠠ ᠳᠤ ᠬᠦᠴᠦᠨ ᠨᠡᠮᠡᠷᠢᠯᠡᠬᠦ᠂ ᠦᠢᠯᠡᠴᠢᠯᠡᠭᠡᠨ ᠤ ᠬᠦᠴᠦᠨ ᠴᠢᠳᠠᠯ ᠢ ᠳᠡᠭᠡᠭᠰᠢᠯᠡᠭᠦᠯᠬᠦ ︽ᠬᠦᠴᠦᠨ ᠢᠶᠠᠨ ᠲᠥᠪᠯᠡᠷᠡᠭᠦᠯᠬᠦ ᠪᠣᠭᠴᠣ︾ ᠪᠣᠯᠭᠠᠬᠤ ᠶᠢ ᠲᠦᠯᠬᠢᠨ ᠠᠬᠢᠭᠤᠯᠪᠠ᠃
 
ᠢᠷᠡᠯᠲᠡ᠄ ᠠᠯᠲᠠᠨᠬᠢᠯᠢ ᠰᠤᠮᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号