ᠠᠯᠲᠠᠨᠬᠢᠯᠢ ᠰᠤᠮᠤ ᠨᠢ ︽ᠭᠤᠷᠪᠠ ᠶᠢ ᠪᠠᠷᠢᠮᠲᠠᠯᠠᠬᠤ︾ ᠵᠠᠰᠠᠯᠲᠠ ᠪᠠᠷ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠮᠤᠷ ᠠᠮᠤᠭᠤᠯᠠᠩ ᠬᠢᠯᠢ ᠬᠢᠵᠠᠭᠠᠷ ᠢ ᠣᠯᠠᠨ ᠡᠰᠢᠴᠢᠯᠡᠨ ᠬᠠᠮᠲᠤᠪᠠᠷ ᠵᠠᠰᠠᠪᠠ
ᠨᠡᠶᠢᠲᠡᠯᠡᠭᠰᠡᠨ ᠴᠠᠭ᠄
2025/4/17
      ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠠᠵᠢᠯ ᠤᠨ ᠭᠤᠣᠯ ᠱᠤᠭᠤᠮ ᠢ ᠪᠠᠲᠤ ᠪᠠᠬᠢ ᠪᠣᠯᠭᠠᠬᠤ ᠶᠢᠨ ᠲᠥᠯᠥᠭᠡ᠂ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠠᠯᠲᠠᠨᠬᠢᠯᠢ ᠰᠤᠮᠤ ᠨᠢ ᠬᠦᠴᠦ ᠪᠠᠨ ᠬᠠᠮᠲᠤᠳᠬᠠᠨ ︽ᠭᠤᠷᠪᠠ ᠶᠢ ᠪᠠᠷᠢᠮᠲᠠᠯᠠᠬᠤ︾ ᠪᠠᠷ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠤᠯᠠᠨ ᠡᠰᠢᠴᠢᠯᠡᠨ ᠬᠠᠮᠲᠤᠪᠠᠷ ᠵᠠᠰᠠᠵᠤ᠂  ︽ᠠᠮᠤᠷ ᠠᠮᠤᠭᠤᠯᠠᠩ ᠬᠢᠯᠢ ᠬᠢᠵᠠᠭᠠᠷ︾ ᠤᠨ ᠵᠠᠰᠠᠯᠲᠠ ᠢ ᠴᠢᠷᠮᠠᠶᠢᠨ         ᠡᠭᠦᠳᠴᠡᠢ᠃      ︽ᠨᠢᠭᠡ ᠬᠠᠷᠠᠯᠲᠠ︾ ᠶᠢ ᠪᠠᠷᠢᠮᠲᠠᠯᠠᠨ᠂ ︽ᠬᠤᠶᠠᠷ ᠶᠡᠭᠡ ᠢᠨᠵᠧᠨᠧᠷᠢᠩ︾ ᠢ ᠬᠡᠷᠡᠭᠵᠢᠭᠦᠯᠵᠦ᠂ ︽ᠭᠤᠷᠪᠠᠨ ᠲᠥᠷᠥᠯ ᠤᠨ ᠲᠦᠭᠰᠢᠭᠦᠷᠢ︾ ᠶᠢ ᠰᠡᠷᠭᠡᠶᠢᠯᠡᠨ ᠠᠷᠢᠯᠭᠠᠵᠤ᠂ ︽ᠭᠤᠷᠪᠠᠨ ᠶᠡᠭᠡ ᠲᠤᠰᠬᠠᠢ ᠠᠵᠢᠯᠯᠠᠭ᠎ᠠ︾ ᠶᠢ ᠥᠷᠨᠢᠭᠦᠯᠦᠨ᠂ 2025 ᠣᠨ ᠤ ᠠᠮᠤᠷ ᠠᠮᠤᠭᠤᠯᠠᠩ ᠤᠨ ᠪᠠᠶᠢᠭᠤᠯᠤᠯᠲᠠ   ᠶᠢᠨ ᠳᠠᠶᠢᠴᠢᠯᠠᠯᠲᠠ ᠶᠢᠨ ᠬᠤᠷᠠᠯ ᠢ ᠴᠠᠭ ᠲᠤᠬᠠᠢ ᠳᠤᠨᠢ ᠬᠤᠷᠠᠯᠳᠤᠭᠤᠯᠬᠤ ᠶᠢᠨ ᠬᠠᠮᠲᠤ᠂ ᠲᠤᠰᠬᠠᠢ ᠬᠦᠴᠦᠨ ᠢ ᠵᠣᠬᠢᠶᠠᠨ ᠪᠠᠶᠢᠭᠤᠯᠵᠤ᠂ ᠭᠠᠴᠠᠭ᠎ᠠ ᠨᠡᠶᠢᠭᠡᠮ ᠲᠣᠭᠤᠷᠢᠭ ᠲᠤ ᠭᠦᠨᠵᠡᠭᠡᠶᠢᠷᠡᠨ᠂ ᠮᠠᠯᠴᠢᠨ ᠲᠦᠮᠡᠨ ᠤ ᠳᠤᠮᠳᠠ ᠭᠦᠨᠵᠡᠭᠡᠶᠢᠷᠡᠵᠦ᠂ ᠡᠯ᠎ᠡ ᠲᠥᠷᠥᠯ ᠤᠨ ᠵᠥᠷᠢᠴᠡᠯ ᠵᠢᠭᠤᠷᠠᠯᠳᠤᠭᠠᠨ ᠢ ᠪᠥᠬᠦ ᠲᠠᠯ᠎ᠠ ᠪᠠᠷ ᠪᠠᠶᠢᠴᠠᠭᠠᠪᠠ᠃ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠡᠷᠡᠰ ᠭᠤᠶᠢᠪᠢᠰᠢ ᠦᠭᠡᠢ ᠪᠠᠷ ᠪᠠᠷᠢᠮᠲᠠᠯᠠᠵᠤ᠂ ᠳᠠᠶᠢᠰᠤᠩᠨᠠᠭᠴᠢ ᠬᠦᠴᠦᠨ ᠤ ᠨᠡᠪᠴᠢᠯᠲᠡ ᠡᠪᠳᠡᠯᠡᠭᠡ ᠶᠢᠨ ᠠᠵᠢᠯᠯᠠᠭ᠎ᠠ ᠶᠢ ᠪᠦᠬᠦ ᠲᠠᠯ᠎ᠠ ᠪᠠᠷ ᠴᠢᠩᠭ᠎ᠠ ᠰᠡᠷᠭᠡᠶᠢᠯᠡᠪᠠ᠃ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠠᠬᠢ ᠠᠶᠤᠯ ᠲᠦᠭᠰᠢᠭᠦᠷᠢ ᠶᠢ ᠪᠠᠶᠢᠴᠠᠭᠠᠬᠤ ᠶᠢ ᠦᠷᠭᠦᠯᠵᠢᠯᠡᠨ ᠴᠢᠩᠭᠠᠳᠬᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠡᠯ᠎ᠡ ᠲᠥᠷᠥᠯ ᠤᠨ ᠵᠠᠭᠤᠴᠢᠯᠠᠭᠤᠷ᠂ ᠰᠦᠯᠵᠢᠶᠡᠨ ᠤ ᠲᠠᠪᠴᠠᠩ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠪᠤᠷᠤᠭᠤ ᠦᠵᠡᠯ ᠰᠠᠨᠠᠭᠠᠨ ᠤ ᠤᠷᠤᠰᠬᠠᠯ ᠤᠨ ᠤᠯᠠᠮᠵᠢᠯᠠᠭᠳᠠᠬᠤ ᠶᠢ ᠡᠷᠡᠰ ᠡᠰᠡᠷᠭᠦᠴᠡᠨ ᠬᠤᠷᠢᠭᠯᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠤ ᠠᠮᠤᠷ ᠲᠦᠪᠰᠢᠨ ᠢ ᠦᠨᠡᠨᠬᠦ ᠪᠠᠲᠤᠯᠠᠪᠠ᠃      ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂          ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠳᠦᠷᠢᠮ ᠢ ᠨᠠᠶᠢᠳᠠᠪᠤᠷᠢᠵᠢᠭᠤᠯᠵᠤ᠂ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠣᠯᠠᠨ ᠡᠰᠢᠵᠢᠭᠦᠯᠦᠨ ᠰᠡᠷᠭᠡᠶᠢᠯᠡᠬᠦ ᠡᠶᠡᠳᠡᠭᠦᠯᠦᠨ ᠰᠢᠢᠳᠪᠦᠷᠢᠯᠡᠬᠦ ᠶᠡᠷᠦᠩᠬᠡᠶᠢᠯᠡᠭᠰᠡᠨ ᠲᠣᠭᠲᠠᠴᠠ ᠶᠢ ᠲᠡᠭᠦᠯᠳᠡᠷᠵᠢᠭᠦᠯᠵᠦ᠂ ᠶᠡᠷᠦᠩᠬᠡᠶᠢᠯᠡᠨ ᠵᠠᠰᠠᠬᠤ ᠲᠥᠪ ᠤᠨ ᠬᠢᠨ ︽1+5+N︾ ᠣᠯᠠᠨ ᠡᠰᠢᠲᠦ ᠰᠢᠢᠳᠪᠦᠷᠢᠯᠡᠬᠦ ᠠᠵᠢᠯ ᠤᠨ ᠵᠠᠭᠪᠤᠷ ᠢ ᠪᠠᠶᠢᠭᠤᠯᠵᠤ᠂ ᠳᠠᠷᠤᠢ 1 ᠨᠢ ᠰᠤᠮᠤᠨ ᠤ ᠶᠡᠷᠦᠩᠬᠡᠶᠢᠯᠡᠨ ᠵᠠᠰᠠᠬᠤ ᠲᠥᠪ᠂ 5  ᠨᠢ ᠭᠠᠴᠠᠭ᠎ᠠ ᠨᠡᠶᠢᠭᠡᠮ ᠲᠣᠭᠤᠷᠢᠭ ᠤᠨ ᠶᠡᠷᠦᠩᠬᠡᠶᠢᠯᠡᠨ ᠵᠠᠰᠠᠬᠤ ᠲᠥᠪ᠂ N ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ︵ᠬᠢᠯᠢ ᠶᠢᠨ ᠲᠣᠮᠢᠯᠠᠭᠰᠠᠨ ᠰᠠᠯᠪᠤᠷᠢ᠂ ᠬᠠᠤᠯᠢ ᠴᠠᠭᠠᠵᠠ ᠶᠢᠨ ᠰᠠᠯᠪᠤᠷᠢ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ ᠪᠠ ᠨᠡᠶᠢᠭᠡᠮ ᠤᠨ ᠵᠠᠰᠠᠯᠲᠠ ᠶᠢᠨ ᠠᠯᠪᠠᠨ ᠭᠡᠷ ᠵᠡᠷᠭᠡ ᠰᠠᠯᠠᠭ᠎ᠠ ᠮᠥᠴᠢᠷ︶ ᠵᠡᠷᠭᠡ ᠬᠦᠴᠦᠨ ᠳᠤ ᠬᠠᠮᠲᠤᠷᠠᠨ ᠡᠶᠡᠳᠡᠭᠦᠯᠬᠦ ᠲᠠᠰᠤᠭ ᠪᠠᠶᠢᠭᠤᠯᠵᠤ᠂ ︽ᠭᠤᠣᠯᠳᠠᠯᠭ᠎ᠠ ᠳᠤ ᠱᠦᠭᠯᠦ ᠦᠯᠢᠶᠡᠪᠠᠯ᠂ ᠰᠠᠯᠠᠭ᠎ᠠ ᠮᠥᠴᠢᠷ ᠨᠢ ᠨᠡᠷ᠎ᠡ ᠮᠡᠳᠡᠭᠦᠯᠬᠦ︾ ᠲᠣᠭᠲᠠᠴᠠ ᠶᠢ ᠪᠣᠶ ᠪᠣᠯᠭᠠᠵᠤ᠂ ᠵᠥᠷᠢᠴᠡᠯ ᠵᠢᠭᠤᠷᠠᠯᠳᠤᠭᠠᠨ ᠢ ᠲᠡᠷᠠ ᠳᠠᠷᠤᠢ ᠳᠤᠨᠢ ᠰᠢᠢᠳᠪᠦᠷᠢᠯᠡᠨ᠂ ︽ᠵᠥᠷᠢᠴᠡᠯ ᠢ ᠳᠡᠭᠡᠭᠰᠢ ᠲᠤᠰᠢᠶᠠᠬᠤ ᠦᠭᠡᠢ᠂ ᠠᠮᠤᠷ ᠲᠦᠪᠰᠢᠨ ᠪᠠᠶᠢᠬᠤ᠂ ᠦᠢᠯᠡᠴᠢᠯᠡᠭᠡ ᠨᠢ ᠲᠤᠲᠠᠭᠳᠠᠬᠤ ᠦᠭᠡᠢ︾ ᠵᠠᠰᠠᠯᠲᠠ ᠶᠢᠨ ᠬᠠᠷᠠᠯᠲᠠ ᠶᠢ ᠪᠡᠶᠡᠯᠡᠭᠦᠯᠦᠨ᠎ᠡ᠃ ᠣᠲᠣ ᠪᠣᠯᠲᠠᠯ᠎ᠠ᠂ 16 ᠤᠳᠠᠭ᠎ᠠ ᠮᠠᠯᠵᠢᠬᠤ ᠡᠷᠦᠬᠡ ᠳᠤ ᠭᠦᠨᠵᠡᠭᠡᠶᠢᠷᠡᠨ ᠪᠠᠶᠢᠴᠠᠭᠠᠵᠤ᠂ 2 ᠬᠡᠷᠡᠭ ᠢ ᠠᠮᠵᠢᠯᠲᠠ ᠲᠠᠢ ᠪᠠᠷ ᠡᠶᠡᠳᠡᠭᠦᠯᠦᠨ ᠰᠢᠢᠳᠪᠦᠷᠢᠯᠡᠵᠦ᠂  ᠰᠢᠢᠳᠪᠦᠷᠢᠯᠡᠭᠰᠡᠨ ᠨᠣᠷᠮ᠎ᠠ ᠨᠢ 100% ᠳᠤ ᠬᠥᠷᠪᠡ᠃      ᠲᠣᠣᠷᠵᠢᠭᠤᠯᠤᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠦᠬᠦ ᠰᠤᠮᠤᠨ ᠤ 12 ᠲᠣᠣᠷ ᠢ ᠰᠢᠨ᠎ᠡ ᠪᠠᠷ ᠬᠤᠪᠢᠶᠠᠷᠢᠯᠠᠵᠤ᠂ 36 ᠰᠦᠯᠵᠢᠶᠡᠨ ᠤ ᠬᠠᠮᠢᠶᠠᠷᠤᠭᠴᠢ ᠶᠢ ᠲᠣᠬᠢᠷᠠᠭᠤᠯᠵᠤ᠂ ᠡᠭᠦᠨ ᠤ ᠬᠠᠮᠲᠤ 52 ᠬᠢᠯᠢ ᠶᠢᠨ ᠬᠠᠮᠠᠭᠠᠯᠠᠭᠴᠢ᠂ 36  ᠲᠤᠤᠷᠵᠢᠯ ᠤᠨ ᠠᠵᠢᠯᠲᠠᠨ ᠢ ᠪᠦᠬᠦᠨ ᠢ ᠲᠤᠤᠷᠵᠢᠯ ᠤᠨ ᠬᠠᠮᠢᠶᠠᠷᠤᠯᠲᠠ ᠳᠤ ᠨᠡᠶᠢᠯᠡᠭᠦᠯᠦᠨ ᠣᠷᠣᠭᠤᠯᠵᠤ᠂ ᠦᠨᠳᠦᠰᠦᠨ ᠱᠠᠲᠤᠨ ᠤ ︽ᠦᠵᠦᠭᠦᠷ︾ ᠲᠤ ᠢᠳᠡᠪᠬᠢᠲᠡᠢ ᠪᠠᠷ ᠪᠠᠭᠤᠯᠭᠠᠵᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠤᠬᠠᠭᠤᠯᠭ᠎ᠠ ᠶᠢᠨ ᠤᠷᠢᠶ᠎ᠠ ᠯᠣᠽᠦ᠋ᠩ ᠡᠯᠭᠦᠬᠦ᠂ ᠬᠡᠷᠡᠭ ᠤᠨ ᠵᠢᠱᠢᠶ᠎ᠡ ᠶᠢ ᠲᠠᠶᠢᠯᠪᠤᠷᠢᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠭᠠᠵᠢᠭᠤ ᠨᠣᠮᠯᠠᠯ ᠢ ᠡᠰᠡᠷᠭᠦᠴᠡᠬᠦ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠢ ᠰᠡᠷᠭᠡᠶᠢᠯᠡᠬᠦ᠂ ᠠᠮᠢᠨ ᠬᠡᠷᠡᠭ ᠢ ᠰᠡᠷᠭᠡᠶᠢᠯᠡᠨ ᠡᠵᠡᠮᠳᠡᠬᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ᠂ ︽ᠱᠠᠯᠢᠭ ᠵᠠᠪᠬᠠᠢ ᠵᠦᠢᠯᠡᠰ ᠵᠣᠭᠤᠰ ᠨᠠᠭᠠᠳᠬᠤ ᠬᠤᠣᠷᠲᠤ ᠡᠳ᠋ ᠫᠠᠨᠽᠠᠯᠠᠬᠤ︾ ᠵᠡᠷᠭᠡ ᠣᠯᠠᠨ ᠲᠦᠮᠡᠨ ᠤ ᠪᠡᠶ᠎ᠡ ᠮᠠᠬᠠᠪᠤᠳ᠂ ᠡᠳ᠋ ᠬᠥᠷᠥᠩᠭᠡ ᠶᠢᠨ ᠠᠮᠤᠷ ᠲᠦᠪᠰᠢᠨ ᠳᠤ ᠬᠤᠯᠪᠣᠭᠳᠠᠭᠰᠠᠨ ᠤᠷᠢᠳᠴᠢᠯᠠᠨ ᠰᠡᠷᠭᠡᠶᠢᠯᠡᠬᠦ ᠮᠡᠳᠡᠯᠭᠡ ᠶᠢ ᠣᠯᠠᠨ ᠲᠦᠮᠡᠨ ᠳᠤ ᠥᠷᠭᠡᠨ ᠢᠶᠠᠷ ᠤᠬᠠᠭᠤᠯᠪᠠ᠃ ᠡᠭᠦᠨ ᠤ ᠬᠠᠮᠲᠤ᠂ ︽ᠤᠯᠠᠭᠠᠨ  ᠪᠣᠭᠴᠣ︾ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠮᠠᠯᠴᠢᠨ ᠡᠷᠦᠬᠡ ᠳᠤ ᠭᠦᠨᠵᠡᠭᠡᠶᠢᠷᠡᠨ ᠨᠠᠮ ᠤᠨ ᠴᠢᠭᠯᠡᠯᠲᠡ ᠲᠥᠷᠥ ᠶᠢᠨ ᠪᠣᠳᠣᠯᠭ᠎ᠠ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠨᠢᠭᠡ ᠨᠢᠭᠡ ᠪᠠᠷ ᠲᠠᠶᠢᠯᠪᠤᠷᠢᠯᠠᠨ᠂ ᠤᠯᠤᠰ ᠢᠶᠠᠨ ᠬᠠᠶᠢᠷᠠᠯᠠᠬᠤ ᠦᠵᠡᠯ ᠤᠨ ᠰᠢᠯᠢᠳᠡᠭ ᠤᠯᠠᠮᠵᠢᠯᠠᠯ ᠪᠠ ᠴᠡᠷᠢᠭ ᠢᠶᠠᠨ ᠬᠦᠷᠢᠶᠡᠯᠡᠨ ᠵᠠᠰᠠᠭ ᠢᠶᠠᠨ ᠬᠦᠷᠢᠶᠡᠯᠡᠬᠦ᠂ ᠬᠢᠯᠢ ᠬᠢᠵᠠᠭᠠᠷ ᠢ ᠰᠠᠬᠢᠨ ᠬᠠᠮᠠᠭᠠᠯᠠᠬᠤ ᠢᠷᠠᠭᠤ ᠠᠯᠳᠠᠷᠲᠤ ᠤᠯᠠᠮᠵᠢᠯᠠᠯ ᠢ ᠵᠠᠯᠭᠠᠮᠵᠢᠯᠠᠨ           ᠪᠠᠳᠠᠷᠠᠭᠤᠯᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠪᠠ᠃ ᠣᠲᠣ ᠪᠣᠯᠲᠠᠯ᠎ᠠ᠂ ᠨᠡᠶᠢᠲᠡ 400 ᠭᠠᠷᠤᠢ ᠡᠷᠦᠬᠡ ᠳᠤ ᠬᠦᠷᠴᠦ᠂ ᠡᠯ᠎ᠡ ᠲᠥᠷᠥᠯ ᠤᠨ ᠤᠬᠠᠭᠤᠯᠭ᠎ᠠ ᠶᠢᠨ ᠮᠠᠲ᠋ᠧᠷᠢᠶᠠᠯ ᠢ 450 ᠬᠤᠪᠢ ᠲᠠᠷᠬᠠᠭᠠᠵᠤ᠂ 8 ᠤᠳᠠᠭ᠎ᠠ ᠬᠤᠯᠪᠣᠭᠳᠠᠯ ᠪᠦᠬᠦᠢ ᠴᠥᠷᠬᠡᠯᠡᠭᠡ ᠶᠢ ᠳᠠᠮᠵᠢᠭᠤᠯᠤᠨ ᠲᠠᠷᠬᠠᠭᠠᠭᠰᠠᠨ ᠪᠠᠶᠢᠨ᠎ᠠ᠃      ᠳᠠᠷᠠᠭᠠᠴᠢ ᠶᠢᠨ ᠠᠯᠬᠤᠮ ᠳᠤ᠂ ᠠᠯᠲᠠᠨᠬᠢᠯᠢ ᠰᠤᠮᠤᠨ ᠤ ᠬᠢᠨ ᠡᠯ᠎ᠡ ᠵᠦᠢᠯ ᠤᠨ ᠠᠵᠢᠯ ᠢᠶᠠᠨ ᠯᠠᠪᠳᠠᠭᠤᠨ ᠪᠠᠲᠤᠲᠠᠢ ᠠᠬᠢᠭᠤᠯᠵᠤ᠂  ᠰᠤᠮᠤᠨ ᠤ ᠵᠠᠰᠠᠯᠲᠠ ᠶᠢᠨ ᠲᠦᠪᠰᠢᠨ ᠪᠣᠯᠣᠨ ᠦᠢᠯᠡᠴᠢᠯᠡᠭᠡᠨ ᠤ ᠶᠠᠰᠤ ᠴᠢᠨᠠᠷ ᠢᠶᠠᠨ ᠳᠠᠰᠤᠷᠠᠯᠳᠠ ᠦᠭᠡᠢ ᠳᠡᠭᠡᠭᠰᠢᠯᠡᠭᠦᠯᠵᠦ᠂ ᠬᠠᠮᠲᠤᠪᠠᠷ ᠪᠠᠶᠢᠭᠤᠯᠬᠤ ᠬᠠᠮᠲᠤᠪᠠᠷ ᠵᠠᠰᠠᠬᠤ ᠬᠠᠮᠲᠤᠪᠠᠷ ᠡᠳ᠋ᠯᠡᠬᠦ ᠠᠮᠤᠷ ᠠᠮᠤᠭᠤᠯᠠᠩ ᠪᠠᠶᠢᠭᠤᠯᠤᠯᠲᠠ ᠶᠢᠨ ᠰᠢᠨ᠎ᠡ ᠪᠠᠶᠢᠷᠢᠰᠢᠯ ᠢ ᠪᠦᠬᠦ ᠬᠦᠴᠦᠨ ᠢᠶᠠᠷ ᠢᠶᠠᠨ ᠪᠠᠶᠢᠭᠤᠯᠵᠤ᠂ ᠠᠯᠲᠠᠨᠬᠢᠯᠢ ᠰᠤᠮᠤ  ᠨᠢ ᠴᠢᠨᠠᠷ ᠰᠠᠶᠢᠲᠠᠢ ᠬᠥᠭᠵᠢᠯᠲᠡ ᠳᠤ ᠠᠮᠤᠷ ᠲᠦᠪᠰᠢᠨ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠤᠢ ᠪᠣᠯᠭᠠᠵᠤ ᠥᠭᠭᠦᠨ᠎ᠡ᠃
 
ᠢᠷᠡᠯᠲᠡ᠄ ᠠᠯᠲᠠᠨᠬᠢᠯᠢ ᠰᠤᠮᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号