2 ᠳ᠋ᠤᠭᠠᠷ ᠰᠠᠷ᠎ᠠ ᠶᠢᠨ 26 ᠤ ᠡᠳᠦᠷ᠂ ᠬᠦᠷᠢᠶᠡᠳᠦᠨᠠᠭᠤᠷ ᠰᠤᠮᠤᠨ ᠤ ᠨᠠᠮ ᠤᠨ ᠬᠤᠷᠢᠶᠠᠨ ᠤ ᠣᠨᠣᠯ | ᠰᠤᠷᠤᠯᠴᠠᠬᠤ ᠭᠤᠣᠯ ᠳᠤᠭᠤᠶᠢᠯᠠᠩ 2025 ᠣᠨ ᠤ ᠬᠤᠶᠠᠳᠤᠭᠠᠷ ᠤᠳᠠᠭᠠᠨ ᠤ ᠬᠠᠮᠲᠤ ︵ᠥᠷᠭᠡᠳᠬᠡᠭᠰᠡᠨ︶ ᠶᠢᠨ | ᠰᠤᠷᠤᠯᠴᠠᠯᠭ᠎ᠠ ᠶᠢᠨ ᠬᠤᠷᠠᠯ᠂ ᠰᠤᠮᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠶᠢᠯᠠᠩ ᠤᠨ | ᠭᠡᠰᠢᠭᠦᠨ᠂ ᠬᠡᠰᠡᠭ ᠭᠠᠴᠠᠭᠠᠨ ᠤ ᠨᠠᠮ ᠤᠨ ᠡᠭᠦᠷ ᠤᠨ ᠱᠦᠵᠢ ᠬᠤᠷᠠᠯ ᠳᠤ ᠣᠷᠣᠯᠴᠠᠵᠤ᠂ ᠨᠠᠮ ᠤᠨ ᠬᠤᠷᠢᠶᠠᠨ ᠤ | ᠱᠦᠵᠢ ᠬᠥᠬᠦᠭᠡ ᠬᠤᠷᠠᠯ ᠢ ᠡᠷᠬᠢᠯᠡᠪᠡ᠃ | ᠬᠤᠷᠠᠯ ᠨᠢ ᠬᠥᠳᠡᠭᠡ ᠲᠣᠰᠬᠤᠨ ᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ ᠬᠥᠳᠡᠭᠡ | ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠠᠬᠢᠭᠤᠯᠬᠤ ᠲᠤᠬᠠᠢ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ᠂ ᠪᠦᠬᠦ | ᠤᠯᠤᠰ ᠤᠨ ᠨᠢᠭᠡᠳᠦᠮᠡᠯ ᠹᠠᠷᠤᠨᠲ ᠤᠨ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ᠂ ᠪᠦᠬᠦ | ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠡᠷᠬᠢᠯᠡᠭᠴᠢ ᠨᠠᠷ ᠤᠨ ᠬᠤᠷᠠᠯ ᠤᠨ ᠵᠣᠷᠢᠭ ᠰᠠᠨᠠᠭ᠎ᠠ᠂ | ᠪᠦᠬᠦ ᠣᠷᠣᠨ ᠤ ᠨᠢᠭᠡᠳᠦᠮᠡᠯ ᠹᠠᠷᠤᠨᠲ ᠤᠨ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ᠂ | ︽ᠰᠢ ᠶᠢᠨ ᠫᠢᠩ ᠤᠨ ᠬᠠᠥᠯᠢ ᠪᠠᠷ ᠵᠠᠰᠠᠬᠤ ᠦᠵᠡᠯ ᠰᠠᠨᠠᠭ᠎ᠠ ᠶᠢ ᠰᠤᠷᠤᠯᠴᠠᠬᠤ ᠬᠥᠲᠥᠯᠪᠦᠷᠢ︾ ᠵᠢᠴᠢ ︽ᠰᠢ ᠶᠢᠨ | ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠰᠤᠷᠤᠯᠴᠠᠬᠤ ᠠᠰᠠᠭᠤᠯᠲᠠ ᠬᠠᠷᠢᠭᠤᠯᠲᠠ︾ ᠶᠢᠨ ᠬᠡᠰᠡᠭ | ᠪᠦᠯᠦᠭ ᠢ ᠤᠯᠠᠮᠵᠢᠯᠠᠨ ᠰᠤᠷᠤᠯᠴᠠᠵᠠᠢ᠃ | ᠬᠤᠷᠠᠯ ᠠᠴᠠ ᠵᠢᠭᠠᠵᠤ ᠭᠠᠷᠭᠠᠭᠰᠠᠨ ᠨᠢ᠂ 2025 ᠣᠨ ᠤ ᠲᠥᠪ ᠤᠨ ᠨᠢᠭᠡᠳᠦᠭᠡᠷ ᠲᠣᠭᠠᠲᠤ ᠪᠢᠴᠢᠭ | ᠮᠠᠲ᠋ᠧᠷᠢᠶᠠᠯ ᠳᠤ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠪᠠᠷ ᠭᠤᠣᠯ ᠱᠤᠭᠤᠮ | ᠪᠣᠯᠭᠠᠵᠤ᠂ ᠲᠠᠷᠢᠶᠠᠯᠠᠩ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠬᠠᠷᠠᠯᠲᠠ ᠪᠠᠷ᠂ 2025 ᠣᠨ ᠵᠢᠴᠢ | ᠬᠤᠶᠢᠰᠢᠳᠠ ᠶᠢᠨ ᠨᠢᠭᠡ ᠬᠤᠭᠤᠴᠠᠭᠠᠨ ᠤ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠤ ᠠᠵᠢᠯ ᠢ ᠰᠠᠶᠢᠲᠤᠷ | ᠬᠢᠬᠦ ᠳᠤ ᠰᠢᠨᠵᠢᠯᠡᠬᠦ ᠤᠬᠠᠭᠠᠨᠴᠢ ᠵᠦᠭᠯᠡᠭᠦᠷ ᠪᠣᠯᠤᠨ ᠠᠵᠢᠯᠯᠠᠭᠠᠨ ᠤ ᠬᠥᠲᠥᠯᠪᠦᠷᠢ ᠬᠠᠩᠭᠠᠭᠰᠠᠨ ᠪᠣᠯᠬᠤᠷ ᠬᠢᠨᠠᠮᠠᠭᠠᠢ | ᠰᠤᠷᠤᠯᠴᠠᠵᠤ᠂ ᠭᠦᠨᠵᠡᠭᠡᠢ ᠪᠣᠳᠣᠯᠬᠢᠯᠠᠵᠤ᠂ ᠰᠢᠰᠲ᠋ᠧᠮ ᠲᠠᠢ ᠠᠷᠭ᠎ᠠ ᠤᠬᠠᠭᠠᠨ ᠰᠦᠪᠡᠭᠴᠢᠯᠡᠵᠦ᠂ ᠯᠠᠪᠳᠠᠭᠤᠨ | ᠪᠠᠲᠤᠲᠠᠢ ᠠᠵᠢᠯᠯᠠᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠨᠠᠮ ᠤᠨ | ᠨᠢᠭᠡᠳᠦᠮᠡᠯ ᠹᠠᠷᠤᠨᠲ ᠤᠨ ᠠᠵᠢᠯ ᠢ ᠰᠠᠶᠢᠲᠤᠷ ᠬᠢᠬᠦ ᠲᠤᠬᠠᠢ ᠴᠢᠬᠤᠯᠠ ᠦᠵᠡᠯ ᠰᠠᠨᠠᠭ᠎ᠠ᠂ ᠦᠨᠳᠦᠰᠦᠲᠡᠨ ᠤ ᠠᠵᠢᠯ ᠢ | ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠨᠠᠷᠢᠨ | ᠣᠶᠢᠯᠠᠭᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ᠂ ᠰᠢᠨ᠎ᠡ ᠵᠠᠮ ᠢ ᠡᠭᠦᠳᠴᠦ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠭᠤᠣᠯ ᠰᠢᠵᠢᠮ ᠢ ᠪᠠᠲᠤ ᠴᠢᠩᠭ᠎ᠠ ᠴᠣᠭᠴᠠᠯᠠᠨ | ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠤ ᠶᠡᠭᠡ ᠪᠦᠯᠬᠦᠮᠳᠡᠯ ᠢᠶᠠᠷ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠠᠬᠢᠭᠤᠯᠵᠤ᠂ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ | ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠲᠤ ᠦᠨᠳᠦᠰᠦᠲᠡᠨ ᠤ ᠠᠵᠢᠯ ᠤᠨ ᠰᠢᠨ᠎ᠡ ᠬᠤᠪᠢ | ᠨᠡᠮᠡᠷᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ | ᠰᠠᠨᠠᠭ᠎ᠠ ᠶᠢᠨ ᠣᠶᠢᠯᠠᠭᠠᠯᠲᠠ ᠤᠬᠠᠮᠰᠠᠷ ᠢ ᠦᠷᠭᠦᠯᠵᠢᠯᠡᠨ ᠭᠦᠨᠵᠡᠭᠡᠶᠢᠷᠡᠭᠦᠯᠵᠦ᠂ ᠪᠦᠬᠦ ᠲᠠᠯ᠎ᠠ ᠪᠠᠷ ᠰᠢᠰᠲ᠋ᠧᠮ ᠲᠠᠢ | ᠰᠤᠷᠤᠯᠴᠠᠵᠤ᠂ ᠴᠠᠭ ᠲᠤᠬᠠᠢ ᠳᠤ ᠨᠢ ᠭᠦᠨᠵᠡᠭᠡᠢ ᠰᠡᠳᠬᠢᠨ ᠲᠠᠭᠠᠨ ᠰᠤᠷᠤᠯᠴᠠᠵᠤ᠂ ᠪᠣᠳᠠᠲᠠᠢ ᠲᠠᠢ | ᠤᠶᠠᠯᠳᠤᠭᠤᠯᠵᠤ᠂ ᠰᠢ ᠶᠢᠨ ᠫᠢᠩ ᠤᠨ ᠬᠠᠥᠯᠢ ᠪᠠᠷ ᠵᠠᠰᠠᠬᠤ ᠦᠵᠡᠯ ᠰᠠᠨᠠᠭ᠎ᠠ᠂ ᠰᠡᠳᠬᠢᠬᠦᠢ ᠪᠠ ᠠᠷᠭ᠎ᠠ ᠬᠡᠯᠪᠡᠷᠢ ᠶᠢ | ᠬᠡᠷᠡᠭᠯᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠥᠭᠵᠢᠯᠲᠡ ᠶᠢ ᠠᠬᠢᠭᠤᠯᠬᠤ᠂ ᠵᠥᠷᠢᠴᠡᠯ ᠢ ᠨᠠᠮᠳᠠᠭᠠᠬᠤ᠂ | ᠲᠣᠭᠲᠠᠭᠤᠨ ᠢ ᠬᠠᠮᠠᠭᠠᠯᠠᠬᠤ᠂ ᠲᠦᠭᠰᠢᠭᠦᠷᠢ ᠶᠢ ᠠᠷᠭᠠᠴᠠᠭᠠᠬᠤ ᠴᠢᠳᠠᠪᠤᠷᠢ ᠶᠢ ᠲᠠᠰᠤᠷᠠᠯᠲᠠ ᠦᠭᠡᠢ | ᠳᠡᠭᠡᠭᠰᠢᠯᠡᠭᠦᠯᠵᠦ᠂ ᠬᠠᠤᠯᠢ ᠪᠠᠷ ᠵᠠᠰᠠᠬᠤ ᠬᠡᠪ ᠪᠣᠯᠪᠠᠰᠤᠷᠠᠯ ᠢ ᠦᠨᠡᠨ ᠬᠦ ᠳᠡᠭᠡᠭᠰᠢᠯᠡᠭᠦᠯᠵᠦ᠂ ᠰᠤᠷᠤᠯᠴᠠᠯᠭ᠎ᠠ ᠶᠢᠨ | ᠦᠷ᠎ᠡ ᠪᠥᠲᠦᠮᠵᠢ ᠶᠢ ᠬᠠᠤᠯᠢ ᠪᠠᠷ ᠵᠠᠰᠠᠬᠤ ᠰᠤᠮᠤ ᠶᠢ ᠪᠠᠶᠢᠭᠤᠯᠬᠤ ᠠᠮᠢᠳᠤᠯᠢᠭ ᠦᠢᠯᠡᠳᠦᠯᠭᠡ ᠪᠣᠯᠭᠠᠨ | ᠬᠤᠪᠢᠷᠠᠭᠤᠯᠵᠤ᠂ ᠬᠠᠤᠯᠢ ᠪᠠᠷ ᠵᠠᠰᠠᠬᠤ ᠪᠠᠲᠤ ᠴᠢᠩᠭ᠎ᠠ ᠪᠠᠲᠤᠯᠠᠭ᠎ᠠ ᠶᠢ ᠬᠠᠩᠭᠠᠨ᠎ᠠ᠃ |