ᠬᠦᠷᠢᠶᠡᠲᠦᠨᠠᠭᠤᠷ ᠰᠤᠮᠤ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠬᠦ ᠠᠵᠢᠯ ᠢ ᠡᠮᠬᠢ ᠵᠢᠷᠤᠮ ᠲᠠᠢ ᠥᠷᠨᠢᠭᠦᠯᠪᠡ
ᠨᠡᠶᠢᠲᠡᠯᠡᠭᠰᠡᠨ ᠴᠠᠭ᠄
2025/4/17
      ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠠᠵᠢᠯ ᠤᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠵᠦ᠂ ᠨᠤᠲᠤᠭ ᠪᠡᠯᠴᠢᠭᠡᠷ ᠤᠨ ᠠᠮᠢ ᠠᠬᠤᠢ ᠶᠢᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠬᠠᠮᠠᠭᠠᠯᠠᠨ ᠠᠰᠢᠭᠯᠠᠬᠤ ᠶᠢ ᠭᠦᠨᠵᠡᠭᠡᠢ ᠲᠦᠯᠬᠢᠨ ᠠᠬᠢᠭᠤᠯᠬᠤ ᠶᠢᠨ ᠲᠥᠯᠥᠭᠡ᠂ ᠬᠦᠷᠢᠶᠡᠲᠦᠨᠠᠭᠤᠷ ᠰᠤᠮᠤ ᠣᠶᠢᠷ᠎ᠠ ᠳᠤ᠂ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠬᠦ ᠠᠵᠢᠯ ᠢ ᠡᠮᠬᠢ ᠵᠢᠷᠤᠮ ᠲᠠᠢ ᠥᠷᠨᠢᠭᠦᠯᠪᠡ᠃      4 ᠰᠠᠷ᠎ᠠ ᠶᠢᠨ 5 ᠤ ᠡᠳᠦᠷ᠂ ᠪᠡᠯᠴᠢᠭᠡᠷ ᠰᠡᠷᠭᠦᠭᠡᠬᠦ ᠠᠵᠢᠯ ᠡᠬᠢᠯᠡᠭᠰᠡᠨ ᠠᠴᠠ ᠨᠠᠭᠠᠰᠢ᠂ ᠰᠤᠮᠤᠨ ᠤ ᠭᠤᠣᠯ ᠤᠳᠤᠷᠢᠳᠤᠯᠭ᠎ᠠ ᠮᠠᠯᠵᠢᠬᠤ ᠡᠷᠦᠬᠡ ᠳᠤ ᠭᠦᠨᠵᠡᠭᠡᠶᠢᠷᠡᠨ ᠬᠠᠪᠤᠷ ᠤᠨ ᠤᠯᠠᠷᠢᠯ ᠤᠨ ᠡᠪᠡᠰᠦ ᠪᠣᠷᠳᠤᠭ᠎ᠠ ᠶᠢᠨ ᠨᠥᠭᠡᠴᠡ ᠶᠢᠨ ᠪᠠᠶᠢᠳᠠᠯ ᠢ ᠣᠶᠢᠯᠠᠭᠠᠭᠰᠠᠨ ᠪᠥᠭᠡᠳ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷ ᠰᠡᠷᠭᠦᠭᠡᠬᠦ ᠳᠦᠷᠢᠮ︾ ᠤᠨ ᠲᠣᠭᠤᠷᠢᠨ ᠳᠤ ᠡᠷᠦᠬᠡ ᠳᠤ ᠬᠦᠷᠴᠦ ᠤᠬᠠᠭᠤᠯᠭ᠎ᠠ ᠬᠢᠵᠦ᠂ ᠮᠠᠯᠴᠢᠳ ᠲᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠠᠵᠢᠯ ᠤᠨ ᠴᠢᠬᠤᠯᠠ ᠠᠴᠢ ᠬᠤᠯᠪᠣᠭᠳᠠᠯ ᠢ ᠨᠠᠷᠢᠨ ᠲᠠᠶᠢᠯᠪᠤᠷᠢᠯᠠᠨ ᠥᠭᠴᠦ᠂ ᠮᠠᠯᠴᠢᠨ ᠲᠦᠮᠡᠨ ᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠣᠶᠢᠯᠠᠭᠠᠬᠤ ᠨᠣᠷᠮ᠎ᠠ ᠪᠠ ᠲᠤᠭᠤᠰᠢᠯᠠᠭᠤᠯᠤᠨ ᠬᠡᠷᠡᠭᠵᠢᠭᠦᠯᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃      ᠰᠤᠮᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ ᠶᠢᠨ ᠠᠵᠢᠯᠲᠠᠳ 11 ᠭᠠᠴᠠᠭᠠᠨ ᠤ ᠪᠡᠯᠴᠢᠭᠡᠷ ᠰᠡᠷᠭᠦᠭᠡᠬᠦ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠳᠤ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠶᠢᠨ ᠬᠠᠮᠲᠤ ᠮᠠᠯᠵᠢᠬᠤ ᠡᠷᠦᠬᠡ ᠶᠢ ᠵᠢᠯᠣᠭᠤᠳᠤᠨ ᠪᠡᠯᠴᠢᠭᠡᠷ ᠰᠡᠷᠭᠦᠭᠡᠬᠦ ᠬᠤᠭᠤᠴᠠᠭᠠᠨ ᠳᠤ ᠮᠠᠯ ᠤᠨᠤᠭ᠎ᠠ ᠶᠢ ᠠᠷᠠᠴᠢᠯᠠᠨ ᠬᠠᠮᠢᠶᠠᠷᠬᠤ᠂ ᠲᠥᠯ ᠲᠤᠰᠴᠤ ᠪᠣᠶᠢᠵᠢᠭᠤᠯᠬᠤ᠂ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠵᠡᠷᠭᠡ ᠠᠵᠢᠯ ᠢ ᠰᠠᠶᠢᠲᠤᠷ ᠬᠢᠬᠦ ᠶᠢᠨ ᠬᠠᠮᠲᠤ ᠮᠠᠯ ᠤᠨ ᠬᠦᠳᠡᠯᠭᠡᠭᠡᠨ ᠤ ᠲᠠᠯᠠᠪᠠᠢ ᠶᠢ ᠵᠢᠷᠤᠮᠵᠢᠭᠤᠨ ᠪᠠᠶᠢᠭᠤᠯᠤᠭᠰᠠᠨ ᠦᠭᠡᠢ ᠶᠢ ᠨᠢ ᠲᠤᠬᠠᠢ ᠶᠢᠨ ᠲᠠᠯᠠᠪᠤᠷ ᠲᠤᠨᠢ ᠵᠠᠯᠠᠷᠠᠭᠤᠯᠬᠤ ᠶᠢᠨ ᠬᠠᠮᠲᠤ ᠳᠠᠷᠤᠶᠢᠬᠠᠨ ᠴᠡᠭᠴᠡᠯᠡᠨ ᠰᠠᠶᠢᠵᠢᠷᠠᠭᠤᠯᠬᠤ ᠪᠠᠷ ᠱᠠᠭᠠᠷᠳᠠᠪᠠ᠃      ᠲᠠᠷᠠᠭᠠᠴᠢ ᠶᠢᠨ ᠠᠯᠬᠤᠮ ᠳᠤ᠂ ᠬᠦᠷᠢᠶᠡᠲᠦᠨᠠᠭᠤᠷ ᠰᠤᠮᠤ ᠪᠡᠯᠴᠢᠭᠡᠷ ᠰᠡᠷᠭᠦᠭᠡᠬᠦ ᠤᠬᠠᠭᠤᠯᠭ᠎ᠠ ᠶᠢᠨ ᠠᠵᠢᠯ ᠤᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ︽ᠤᠬᠠᠭᠤᠯᠤᠨ ᠬᠥᠲᠥᠯᠥᠨ ᠵᠢᠯᠤᠭᠤᠳᠬᠤ + ᠬᠥᠳᠡᠯᠦᠩᠭᠦᠢ ᠬᠠᠮᠢᠶᠠᠷᠤᠯᠲᠠ + ᠲᠣᠭᠤᠷᠢᠨ ᠪᠠᠶᠢᠴᠠᠭᠠᠵᠤ ᠬᠠᠤᠯᠢ ᠬᠡᠷᠡᠭᠵᠢᠭᠦᠯᠬᠦ︾ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ ᠪᠡᠯᠴᠢᠭᠡᠷ ᠰᠡᠷᠭᠦᠭᠡᠬᠦ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠤᠬᠠᠭᠤᠯᠭ᠎ᠠ ᠶᠢ ᠥᠷᠨᠢᠭᠦᠯᠵᠦ᠂ ᠥᠷᠭᠡᠨ ᠣᠯᠠᠨ ᠮᠠᠯᠴᠢᠳ ᠢ ᠵᠥᠪ ᠬᠥᠲᠥᠯᠥᠨ ᠵᠢᠯᠤᠭᠤᠳᠴᠤ ᠪᠠᠶᠢᠭᠠᠳ ᠬᠠᠮᠢᠶ᠎ᠠ ᠪᠦᠬᠦᠢ ᠲᠣᠭᠲᠠᠭᠠᠯ ᠢ ᠤᠬᠠᠮᠰᠠᠷ  ᠠᠴᠠ ᠪᠠᠨ ᠵᠢᠷᠤᠮᠯᠠᠭᠤᠯᠵᠤ᠂  ᠪᠡᠯᠴᠢᠭᠡᠷ ᠰᠡᠷᠭᠦᠭᠡᠬᠦ ᠠᠵᠢᠯ ᠳᠤ ᠢᠳᠡᠪᠬᠢᠲᠡᠢ ᠬᠠᠮᠵᠢᠯᠴᠠᠬᠤ ᠶᠢ ᠠᠬᠢᠭᠤᠯᠵᠠᠢ᠃
 
ᠢᠷᠡᠯᠲᠡ᠄ ᠬᠦᠷᠢᠶᠡᠲᠤᠨᠠᠭᠤᠷ ᠰᠤᠮᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号