11 ᠰᠠᠷ᠎ᠠ ᠶᠢᠨ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠶᠠᠪᠤᠳᠠᠯ ᠤᠨ ᠴᠢᠬᠤᠯᠠ ᠠᠵᠢᠯᠯᠠᠭ᠎ᠠ ᠤᠳ
ᠨᠡᠶᠢᠲᠡᠯᠡᠭᠰᠡᠨ ᠴᠠᠭ᠄
2025/4/18
      11 ᠰᠠᠷ᠎ᠠ ᠶᠢᠨ 12᠎ ᠤᠨ ᠡᠳᠦᠷ   ᠬᠤᠰᠢᠭᠤ ᠨᠠᠮ ᠤᠨ ᠬᠤᠷᠢᠶᠠᠨ ᠤ ᠱᠦᠵᠢ᠂ ᠵᠠᠰᠠᠭ ᠤᠨ ᠣᠷᠳᠣᠨ ᠤ ᠳᠠᠷᠤᠭ᠎ᠠ ᠵᠧᠤ ᠢᠦᠶ ᠯᠦᠩ ᠠᠷᠪᠠᠨ ᠳᠥᠷᠪᠡᠳᠦᠭᠡᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ 73 ᠳ᠋ᠤᠭᠠᠷ ᠤᠳᠠᠭᠠᠨ ᠤ ︵2024 ᠣᠨ ᠤ 25 ᠳ᠋ᠤᠭᠠᠷ ᠤᠳᠠᠭ᠎ᠠ︶ ᠪᠠᠶᠢᠩᠭᠤ ᠶᠢᠨ ᠬᠤᠷᠢᠶᠠᠨ ᠤ ᠬᠤᠷᠠᠯ ᠵᠢᠴᠢ 2024 ᠣᠨ ᠤ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ᠂ ᠣᠶ ᠰᠢᠭᠤᠶ ᠨᠤᠲᠤᠭ ᠪᠡᠯᠴᠢᠭᠡᠷ ᠤᠨ ᠳᠠᠷᠤᠭ᠎ᠠ ᠶᠢᠨ ᠲᠦᠷᠢᠮ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠳᠠᠷᠤᠭ᠎ᠠ ᠶᠢᠨ ᠲᠦᠷᠢᠮ᠂ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠤᠨ ᠠᠵᠢᠯ ᠢ ᠥᠷᠨᠢᠭᠦᠯᠦᠭᠰᠡᠨ ᠪᠠᠶᠢᠳᠠᠯ ᠢ ᠰᠣᠨᠣᠰᠤᠭᠰᠠᠨ ᠪᠥᠭᠡᠳ ᠬᠠᠮᠢᠶ᠎ᠠ ᠪᠥᠬᠦᠶ ᠠᠵᠢᠯ ᠤᠨ ᠱᠠᠭᠠᠷᠳᠠᠯᠭ᠎ᠠ ᠳᠤᠷᠠᠳᠪᠠ᠃ ᠬᠤᠷᠠᠯ ᠠᠴᠠ᠂ ᠨᠠᠮ ᠤᠨ ᠨᠡᠶᠢᠭᠡᠮ ᠤᠨ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠲᠠᠰᠤᠷᠠᠯᠲᠠ ᠦᠭᠡᠢ ᠴᠢᠩᠭᠠᠳᠬᠠᠵᠤ᠂ ︽ᠭᠤᠷᠪᠠᠨ ᠰᠢᠨ᠎ᠡ︾ ᠬᠦᠷᠢᠶᠡᠨ ᠤ ᠨᠠᠮ ᠤᠨ ᠪᠠᠶᠢᠭᠤᠯᠤᠯᠲᠠ ᠶᠢ ᠲᠤᠪᠤᠶᠢᠮ᠎ᠠ ᠰᠠᠶᠢᠲᠤᠷ ᠠᠳᠬᠤᠨ᠂ ᠦᠨᠳᠦᠰᠦᠨ ᠱᠠᠲᠤᠨ ᠤ ᠵᠠᠰᠠᠯᠲᠠ ᠪᠣᠯᠤᠨ ᠦᠨᠳᠦᠰᠦᠨ ᠱᠠᠲᠤᠨ ᠤ ᠵᠠᠰᠠᠭ ᠤᠨ ᠡᠷᠬᠡ ᠶᠢᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠯᠠᠪᠳᠠᠭᠤᠨ ᠪᠠᠲᠤᠲᠠᠢ ᠠᠬᠢᠭᠤᠯᠵᠤ᠂ ᠰᠢᠨ᠎ᠡ ᠴᠠᠭ ᠦᠶ᠎ᠡ ᠶᠢᠨ ᠨᠡᠶᠢᠭᠡᠮ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠪᠡᠯᠡ ᠣᠷᠣᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠲᠦᠭᠡᠮᠡᠯ ᠬᠠᠷᠠᠭᠠᠯᠵᠠᠯ ᠤᠨ ᠴᠢᠨᠠᠷᠲᠠᠶ᠂ ᠰᠠᠭᠤᠷᠢ ᠴᠢᠨᠠᠷᠲᠠᠶ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠶ ᠠᠷᠠᠳ ᠤᠨ ᠠᠮᠢᠳᠤᠷᠠᠯ ᠤᠨ ᠪᠠᠶᠢᠭᠤᠯᠤᠯᠲᠠ ᠶᠢ ᠴᠢᠩᠭᠠᠳᠬᠠᠨ᠂ ᠨᠡᠶᠢᠭᠡᠮ ᠤᠨ ᠬᠡᠷᠡᠭ ᠶᠠᠪᠤᠳᠠᠯ ᠤᠨ ᠬᠠᠮᠢᠶᠠᠷᠤᠯᠲᠠ ᠦᠢᠯᠡᠴᠢᠯᠡᠭᠡ ᠶᠢ ᠰᠢᠯᠢᠳᠡᠭᠵᠢᠭᠦᠯᠵᠦ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠠᠷᠠᠳ ᠤᠨ ᠶᠠᠪᠤᠳᠠᠯ ᠤᠨ ᠦᠢᠯᠡᠰ ᠤᠨ ᠡᠷᠡᠭᠦᠯ ᠢᠶᠠᠷ ᠦᠷᠭᠦᠯᠵᠢᠯᠡᠨ ᠬᠥᠭᠵᠢᠬᠦ ᠶᠢ ᠴᠢᠷᠮᠠᠶᠢᠨ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃      11 ᠰᠠᠷ᠎ᠠ ᠶᠢᠨ 13᠎ ᠤ ᠡᠳᠦᠷ  ᠮᠠᠨ ᠤ ᠬᠤᠰᠢᠭᠤ 2024 ᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠪᠠ ᠠᠮᠤᠷ ᠲᠦᠪᠰᠢᠨ ᠤ ᠠᠵᠢᠯ ᠤᠨ ᠬᠤᠷᠠᠯ ᠵᠢᠴᠢ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠬᠤᠷᠠᠯᠳᠤᠭᠤᠯᠪᠠ᠃ ᠬᠤᠷᠠᠯ ᠠᠴᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠰᠢᠨ᠎ᠡ ᠴᠠᠭ ᠦᠶ᠎ᠡ ᠶᠢᠨ ᠲᠡᠦᠬᠡ ᠶᠢᠨ ᠳᠤᠷᠠᠰᠬᠠᠯᠲᠤ ᠵᠦᠢᠯᠡᠰ ᠤᠨ ᠠᠵᠢᠯ ᠢ ᠰᠠᠶᠢᠲᠤᠷ ᠬᠢᠬᠦ ᠤᠯᠤᠰ ᠲᠦᠷᠦ ᠶᠢᠨ ᠤᠬᠠᠮᠰᠠᠷ᠂ ᠤᠯᠤᠰ ᠲᠦᠷᠦ ᠶᠢᠨ ᠬᠠᠷᠢᠭᠤᠴᠠᠯᠭ᠎ᠠ ᠪᠠᠨ ᠤᠯᠠᠮ ᠴᠢᠨᠠᠭᠰᠢᠳᠠ ᠴᠢᠩᠭᠠᠳᠬᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠵᠢᠯ ᠤᠨ ᠬᠠᠮᠢᠶ᠎ᠠ ᠪᠦᠬᠦᠢ ᠮᠡᠳᠡᠯᠭᠡ ᠶᠢ ᠤᠯᠠᠨ ᠬᠦᠷᠢᠶ᠎ᠡ᠂ ᠤᠯᠠᠨ ᠠᠷᠭ᠎ᠠ ᠵᠠᠮ ᠢᠶᠠᠷ ᠤᠯᠠᠮᠵᠢᠯᠠᠨ᠂ ᠪᠦᠬᠦ ᠠᠷᠠᠳ ᠢᠶᠠᠷ ᠢᠶᠠᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠳᠤ ᠣᠷᠣᠯᠴᠠᠬᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠦᠷᠢᠯᠳᠦᠭᠦᠯᠬᠦ ᠬᠡᠷᠡᠭᠲᠡᠢ᠃ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠬᠠᠮᠢᠶᠠᠷᠤᠯᠲᠠ ᠶᠢ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠥᠪᠵᠢᠭᠦᠯᠭᠡ ᠶᠢᠨ ᠲᠣᠭᠲᠠᠴᠠ ᠳᠤ ᠣᠷᠣᠭᠤᠯᠬᠤ ᠶᠢ ᠲᠡᠭᠦᠯᠳᠡᠷᠵᠢᠭᠦᠯᠦᠨ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠠᠵᠢᠯ ᠢ ᠬᠠᠤᠯᠢᠵᠢᠭᠤᠯᠬᠤ᠂ ᠵᠢᠷᠤᠮᠵᠢᠭᠤᠯᠬᠤ᠂ ᠳᠦᠷᠢᠮᠵᠢᠭᠦᠯᠬᠦ ᠶᠢ ᠠᠬᠢᠭᠤᠯᠬᠤ ᠬᠡᠷᠡᠭᠲᠡᠢ᠃ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠨ᠂ ᠨᠢᠭᠲᠠ ᠬᠠᠮᠵᠢᠯᠴᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠬᠦᠴᠦᠷᠬᠡᠭ ᠶᠡᠭᠡ ᠬᠠᠮᠲᠤᠷᠠᠯ ᠬᠦᠴᠦᠨ ᠢ ᠪᠦᠷᠢᠯᠳᠦᠭᠦᠯᠦᠨ᠂ ᠵᠡᠭᠦᠨ ᠦᠵᠦᠮᠦᠴᠢᠨ ᠬᠤᠰᠢᠭᠤᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠦᠨᠡᠨ ᠬᠦ ᠠᠬᠢᠭᠤᠯᠬᠤ ᠬᠡᠷᠡᠭᠲᠡᠶ ᠭᠡᠪᠡ᠃      ᠲᠣᠰ ᠡᠳᠦᠷ   ᠬᠤᠰᠢᠭᠤ ᠨᠠᠮ ᠤᠨ ᠬᠤᠷᠢᠶᠠᠨ ᠤ ᠱᠦᠵᠢ᠂ ᠬᠤᠰᠢᠭᠤ ᠳᠠᠷᠤᠭ᠎ᠠ ᠵᠧᠤ ᠢᠦᠶ ᠯᠦᠩ 2025 ᠣᠨ ᠤ ᠠᠶᠢᠮᠠᠭ ᠤᠨ ᠲᠠᠰ ᠤᠨ ᠭᠤᠤᠯᠳᠠᠯᠭ᠎ᠠ ᠲᠠᠢ ᠲᠥᠷᠥᠯ ᠵᠦᠢᠯ ᠤᠨ ᠲᠤᠰᠬᠠᠶ ᠰᠡᠳᠦᠪᠲᠦ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠬᠤᠰᠢᠭᠤ ᠳᠠᠷᠤᠭ᠎ᠠ ᠰᠢᠤᠢ ᠶᠢᠩ ᠵᠢᠶᠠᠨ ᠬᠤᠷᠠᠯ ᠳᠤ ᠣᠷᠣᠯᠴᠠᠵᠤ᠂ ᠬᠤᠰᠢᠭᠤ ᠬᠠᠮᠢᠶ᠎ᠠ ᠪᠥᠬᠦᠶ ᠰᠠᠯᠠᠭ᠎ᠠ ᠮᠥᠴᠢᠷ ᠪᠣᠯᠤᠨ ᠲᠥᠷᠥᠯ ᠵᠦᠢᠯ ᠤᠨ ᠥᠮᠴᠢᠲᠡᠨ ᠤ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ ᠬᠤᠷᠠᠯ ᠠᠴᠠ᠂ ᠴᠢᠬᠤᠯᠠ ᠶᠡᠭᠡ ᠢᠨᠵᠧᠨᠧᠷᠢᠩ ᠪᠣᠯᠤᠨ ᠲᠦᠷᠦᠯ ᠵᠦᠢᠯ ᠪᠣᠯ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠤᠨ ᠴᠢᠬᠤᠯᠠ ᠲᠤᠯᠭᠠᠭᠤᠷᠢᠯᠠᠯ ᠪᠣᠯᠤᠨ᠎ᠠ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠵᠢᠴᠢ ᠥᠮᠴᠢᠲᠡᠨ ᠤ ᠨᠢᠭᠡᠴᠡ ︽ᠬᠦᠯᠢᠶᠡᠵᠦ ᠳᠡᠶᠢᠯᠬᠦ ᠦᠭᠡᠢ︾ ᠲᠤᠯᠭᠠᠮ᠎ᠠ ᠰᠡᠳᠬᠢᠯᠭᠡ᠂ ︽ᠤᠳᠠᠭᠠᠰᠢᠷᠠᠭᠤᠯᠵᠤ ᠪᠣᠯᠬᠤ ᠦᠭᠡᠢ︾ ᠲᠦᠭᠰᠢᠭᠦᠷᠢᠲᠦ ᠰᠡᠳᠬᠢᠯᠭᠡ᠂ ︽ᠰᠠᠭᠤᠵᠤ ᠳᠡᠶᠢᠯᠬᠦ ᠦᠭᠡᠢ︾ ᠬᠠᠷᠢᠭᠤᠴᠠᠯᠭᠠᠲᠤ ᠰᠡᠳᠬᠢᠯᠭᠡ ᠪᠠᠷ ᠢᠨᠵᠧᠨᠧᠷᠢᠩ ᠢ ᠠᠬᠢᠭᠤᠯᠬᠤ ᠪᠠ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠬᠢᠵᠠᠭᠠᠷᠯᠠᠵᠤ ᠪᠠᠶᠢᠭ᠎ᠠ ᠬᠦᠴᠢᠷ ᠲᠦᠪᠡᠭᠲᠡᠢ ᠠᠰᠠᠭᠤᠳᠠᠯ ᠢ ᠴᠢᠩᠭ᠎ᠠ ᠠᠩᠬᠠᠷᠴᠤ᠂ ᠣᠯᠣᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠨ᠂ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠠᠪᠴᠤ᠂ ᠨᠢᠭᠡ ᠨᠢᠭᠡ ᠪᠠᠷ ᠰᠤᠳᠤᠯᠤᠨ ᠰᠢᠢᠳᠪᠦᠷᠢᠯᠡᠵᠦ᠂ ᠪᠦᠬᠦ ᠣᠷᠣᠨ ᠤ ᠰᠢᠨ᠎ᠡ ᠪᠠᠷ ᠠᠵᠢᠯ ᠡᠬᠢᠯᠡᠭᠦᠯᠦᠭᠰᠡᠨ ᠴᠢᠬᠤᠯᠠ ᠶᠡᠭᠡ ᠲᠦᠷᠦᠯ ᠵᠦᠢᠯ ᠤᠨ ︽ᠲᠥᠪᠯᠡᠷᠡᠭᠦᠯᠦᠨ ᠬᠢᠨᠠᠨ ᠵᠥᠪᠰᠢᠶᠡᠷᠡᠬᠦ ᠰᠠᠷ᠎ᠠ︾᠎ ᠪᠠᠷ ᠠᠵᠠ ᠲᠣᠬᠢᠶᠠᠯ ᠪᠣᠯᠭᠠᠵᠤ᠂ ᠳᠡᠭᠡᠭᠰᠢ ᠵᠣᠯᠭᠠᠭᠤᠯᠬᠤ ᠡᠷᠴᠢᠮ ᠢᠶᠠᠨ ᠴᠢᠨᠠᠭᠰᠢᠳᠠ ᠴᠢᠩᠭᠠᠳᠬᠠᠨ᠂ ᠭᠤᠣᠯᠳᠠᠯᠭ᠎ᠠ ᠲᠠᠢ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠠᠬᠢᠴᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠢᠷᠡᠬᠦ ᠵᠢᠯ ᠤᠨ 4 ᠳ᠋ᠦ᠋ᠭᠡᠷ ᠰᠠᠷ᠎ᠠ ᠶᠢᠨ 15᠎ ᠤ ᠡᠳᠦᠷ ᠤᠨ ᠪᠦᠬᠦ ᠭᠠᠷᠳᠠᠮ ᠢ ᠠᠵᠢᠯ ᠡᠬᠢᠯᠡᠭᠦᠯᠬᠦ ᠶᠢ ᠪᠠᠲᠤᠯᠠᠵᠤ᠂ ᠨᠢᠭᠡᠳᠦᠭᠡᠷ ᠤᠯᠠᠷᠢᠯ ᠤᠨ ︽ᠲᠣᠭᠲᠠᠭᠤᠨ ᠡᠬᠢᠯᠡᠯᠲᠡ ᠲᠠᠢ︾ ︽ᠰᠠᠶᠢᠨ ᠡᠬᠢᠯᠡᠯᠲᠡ︾᠎ ᠶᠢ ᠪᠡᠶᠡᠯᠡᠭᠦᠯᠬᠦ ᠳᠤ ᠰᠠᠭᠤᠷᠢ ᠲᠠᠯᠪᠢᠬᠤ ᠬᠡᠷᠡᠭᠲᠡᠢ ᠭᠡᠵᠡᠢ᠃      11 ᠰᠠᠷ᠎ᠠ ᠶᠢᠨ 18᠎ ᠤ ᠡᠳᠦᠷ   ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠭᠡᠰᠢᠭᠦᠳ ᠤᠨ ᠬᠤᠷᠠᠯ ᠵᠢᠴᠢ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠢ ᠡᠭᠦᠳᠦᠨ ᠪᠠᠶᠢᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠵᠡᠭᠦᠨ ᠦᠵᠦᠮᠦᠴᠢᠨ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠭᠡᠰᠢᠭᠦᠨ ᠤ ᠲᠦᠷᠢᠮ ᠤᠨ ᠠᠵᠢᠯ ᠤᠨ ᠲᠦᠷᠢᠮ︾ ᠵᠢᠴᠢ ᠠᠶᠢᠮᠠᠭ ᠤᠨ ᠡᠭᠦᠳᠦᠨ ᠪᠠᠶᠢᠭᠤᠯᠬᠤ ᠠᠯᠪᠠᠨ ᠬᠡᠷ ᠤᠨ ︽ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠴᠡᠭ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠲᠤᠬᠠᠶ ᠮᠡᠳᠡᠭᠳᠡᠯ︾ ᠵᠡᠷᠭᠡ ᠪᠢᠴᠢᠭ ᠮᠠᠲ᠋ᠧᠷᠢᠶᠠᠯ ᠢ ᠵᠠᠷᠯᠠᠨ ᠮᠡᠳᠡᠭᠳᠡᠪᠡ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠬᠦᠳᠡᠷ᠂ ᠳᠡᠳ᠋ ᠬᠤᠰᠢᠭᠤ ᠳᠠᠷᠤᠭ᠎ᠠ ᠠᠯᠲᠠᠨᠪᠠᠭᠠᠨ᠎ᠠ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠷᠠᠯ ᠠᠴᠠ᠂ ᠡᠯ᠎ᠡ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠭᠡᠰᠢᠭᠦᠨ ᠨᠢᠭᠡᠴᠡ ᠨᠦᠭᠦᠳ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠴᠢᠷᠮᠠᠶᠢᠨ ᠡᠭᠦᠳᠬᠦ ᠪᠠᠷ ᠬᠠᠷᠠᠯᠲᠠ ᠪᠣᠯᠭᠠᠵᠤ᠂ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠡᠭᠦᠳᠦᠨ ᠪᠠᠶᠢᠭᠤᠯᠬᠤ ᠠᠭᠤᠷ ᠠᠮᠢᠰᠬᠤᠯ ᠢ ᠪᠣᠶ ᠪᠣᠯᠭᠠᠨ᠂ ᠡᠭᠦᠳᠦᠨ ᠪᠠᠶᠢᠭᠤᠯᠬᠤ ᠪᠠᠷᠢᠮᠵᠢᠶ᠎ᠠ ᠶᠢ ᠳᠡᠭᠡᠭᠰᠢᠯᠡᠭᠦᠯᠵᠦ᠂ ᠡᠭᠦᠳᠦᠨ ᠪᠠᠶᠢᠭᠤᠯᠬᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠴᠢᠷᠮᠠᠶᠢᠨ ᠠᠬᠢᠭᠤᠯᠵᠤ᠂ ᠨᠢᠭᠡᠨᠲᠡ ᠪᠠᠶᠢᠭ᠎ᠠ ᠠᠮᠵᠢᠯᠲᠠ ᠶᠢ ᠦᠷᠭᠦᠯᠵᠢᠯᠡᠨ ᠪᠠᠬᠢᠵᠢᠭᠦᠯᠦᠨ ᠭᠦᠨᠵᠡᠭᠡᠶᠢᠷᠡᠭᠦᠯᠵᠦ᠂ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠵᠤ ᠰᠢᠢᠳᠪᠦᠷᠢᠯᠡᠨ᠂ ᠮᠠᠨ ᠤ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠶ ᠭᠡᠵᠦ ᠴᠢᠬᠤᠯᠠᠴᠢᠯᠠᠪᠠ᠃      11 ᠰᠠᠷ᠎ᠠ ᠶᠢᠨ 19᠎ ᠤ ᠡᠳᠦᠷ   ᠵᠡᠭᠦᠨ ᠦᠵᠦᠮᠦᠴᠢᠨ ᠬᠤᠰᠢᠭᠤᠨ ᠤ ᠰᠣᠨᠢᠨ ᠮᠡᠳᠡᠭᠡᠨ ᠤ ᠶᠠᠷᠢᠶ᠎ᠠ ᠬᠡᠯᠡᠯᠴᠡᠭᠡᠨ ᠤ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠡᠷᠬᠢᠯᠡᠪᠡ᠃ ᠲᠣᠰ ᠤᠳᠠᠭᠠᠨ ᠤ ᠪᠣᠯᠪᠠᠰᠤᠷᠠᠭᠤᠯᠤᠯ ᠳᠤ ᠰᠢᠯᠢ ᠶᠢᠨ ᠭᠤᠤᠯ ᠠᠶᠢᠮᠠᠭ ᠤᠨ ᠵᠠᠭᠤᠴᠢᠯᠠᠭᠤᠷ ᠤᠨ ᠭᠦᠨᠵᠡᠭᠡᠶ ᠠᠭᠤᠰᠤᠯᠴᠠᠨ ᠬᠥᠭᠵᠢᠭᠦᠯᠬᠦ ᠲᠥᠪ ᠠᠴᠠ ᠠᠷᠠᠳ ᠤᠨ ᠡᠳᠦᠷ ᠤᠨ ᠰᠣᠨᠢᠨ ᠤ ᠬᠤᠷᠢᠶ᠎ᠠ ᠶᠢᠨ ᠥᠪᠥᠷ ᠮᠣᠩᠭᠤᠯ ᠳᠠᠬᠢ ᠬᠤᠪᠢᠶᠠᠷᠢ ᠬᠤᠷᠢᠶ᠎ᠠ ᠶᠢᠨ ᠰᠤᠷᠪᠤᠯᠵᠢᠯᠠᠬᠤ ᠬᠡᠯᠲᠡᠰ ᠤᠨ ᠳᠡᠳ᠋ ᠡᠷᠬᠢᠯᠡᠭᠴᠢ ᠡᠤ ᠶᠦᠩ᠂ ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶ᠎ᠠ ᠶᠢᠨ ᠰᠢᠯᠢ ᠶᠢᠨ ᠭᠤᠤᠯ ᠠᠶᠢᠮᠠᠭ ᠲᠤ ᠰᠠᠭᠤᠭ᠎ᠠ ᠰᠤᠷᠪᠤᠯᠵᠢᠯᠠᠭᠴᠢ ᠶᠢᠨ ᠥᠷᠲᠡᠭᠡ ᠶᠢᠨ ᠳᠠᠷᠤᠭ᠎ᠠ ᠪᠠᠶᠠᠰᠬᠤᠯᠠᠩ ᠬᠤᠶᠠᠷ ᠲᠤᠰᠬᠠᠶ ᠮᠡᠷᠭᠡᠵᠢᠯᠲᠡᠨ ᠪᠠᠭᠰᠢ ᠶᠢ ᠲᠣᠰ ᠲᠣᠰ ︽ᠰᠣᠨᠢᠨ ᠮᠡᠳᠡᠭᠡᠨ ᠤ ᠰᠡᠳᠦᠪ ᠢ ᠬᠡᠷᠬᠢᠨ ᠰᠣᠩᠭᠤᠬᠤ ᠪᠣᠶ︾ ︽ᠮᠡᠳᠡᠭᠡ ᠪᠢᠴᠢᠬᠦ ᠴᠢᠬᠤᠯᠠ ᠴᠢᠨᠠᠷ ᠵᠢᠴᠢ ᠲᠥᠷᠥᠭᠳᠡᠯ︾ ᠵᠡᠷᠭᠡ ᠠᠭᠤᠯᠭ᠎ᠠ ᠶᠢᠨ ᠲᠣᠭᠤᠷᠢᠨ ᠳᠤ ᠲᠤᠰᠬᠠᠶ ᠰᠡᠳᠦᠪ ᠢᠶᠠᠷ ᠬᠢᠴᠢᠶᠡᠯᠯᠡᠪᠡ᠃ ᠪᠠᠭᠰᠢ ᠨᠠᠷ ᠥᠪᠡᠷ ᠥᠪᠡᠷ ᠤᠨ ᠥᠩᠭᠡᠷᠡᠯᠲᠡ ᠲᠠᠢ ᠪᠠᠨ ᠤᠶᠠᠯᠳᠤᠭᠤᠯᠤᠨ᠂ ᠶᠡᠭᠡ ᠬᠡᠮᠵᠢᠶᠡᠨ ᠤ ᠠᠮᠵᠢᠯᠲᠠ ᠣᠯᠤᠭᠰᠠᠨ ᠬᠡᠷᠡᠭ ᠤᠨ ᠵᠢᠱᠢᠶ᠎ᠡ ᠶᠢ ᠵᠠᠳᠠᠯᠬᠤ ᠪᠠᠷ ᠳᠠᠮᠵᠢᠭᠤᠯᠤᠨ᠂ ᠰᠣᠨᠢᠨ ᠮᠡᠳᠡᠭᠡᠨ ᠤ ᠠᠵᠢᠯᠲᠠᠳ ᠬᠤᠷᠴᠠ ᠰᠡᠷᠭᠡᠭ ᠠᠵᠢᠭᠯᠠᠬᠤ ᠴᠢᠳᠠᠪᠤᠷᠢ ᠲᠠᠢ ᠪᠠᠶᠢᠬᠤ ᠬᠡᠷᠡᠭᠲᠡᠶ᠂ ᠡᠳᠦᠷ ᠲᠤᠲᠤᠮ ᠤᠨ ᠠᠮᠢᠳᠤᠷᠠᠯ ᠠᠴᠠ ᠥᠪᠡᠷᠮᠢᠴᠡ ᠬᠠᠷᠠᠭᠠᠰᠤ ᠶᠢ ᠴᠢᠳᠠᠮᠠᠭᠠᠶ ᠪᠠᠷ ᠪᠠᠷᠢᠵᠤ᠂ ᠬᠦᠯᠢᠶᠡᠨ ᠠᠪᠤᠭᠴᠢᠳ ᠤᠨ ᠰᠣᠨᠢᠨ ᠮᠡᠳᠡᠭᠡᠨ ᠤ ᠮᠡᠳᠡᠭᠡ ᠵᠠᠩᠭᠢ ᠶᠢᠨ ᠣᠯᠠᠨ ᠡᠰᠢᠲᠦ ᠪᠠᠶᠢᠬᠤ ᠬᠡᠷᠡᠭᠴᠡᠭᠡ ᠶᠢ ᠬᠠᠩᠭᠠᠬᠤ ᠶᠢᠨ ᠬᠠᠮᠲᠤ ᠮᠡᠳᠡᠭᠡ ᠵᠠᠩᠭᠢ ᠪᠢᠴᠢᠬᠦ ᠶᠠᠪᠤᠴᠠ ᠳᠤ ᠰᠣᠨᠢᠨ ᠮᠡᠳᠡᠭᠡᠨ ᠤ ᠭᠤᠤᠯᠯᠠᠬᠤ ᠡᠯᠧᠮᠧᠨ᠋ᠲ ᠢ ᠳᠣᠪᠤᠶᠢᠯᠭᠠᠵᠤ᠂ ᠤᠩᠰᠢᠭᠴᠢᠳ ᠤᠨ ᠠᠩᠬᠠᠷᠤᠯ ᠢ ᠲᠦᠷᠭᠡᠨ ᠲᠠᠲᠠᠵᠤ᠂ ᠰᠣᠨᠢᠨ ᠮᠡᠳᠡᠭᠡᠨ ᠤ ᠭᠤᠤᠯᠳᠠᠯᠭ᠎ᠠ ᠶᠢ ᠴᠣᠮᠬᠠᠳᠬᠠᠵᠤ᠂ ᠠᠷᠠᠳ ᠤᠨ ᠠᠮᠢᠳᠤᠷᠠᠯ ᠳᠤ ᠨᠢᠭᠲᠠ ᠣᠶᠢᠷᠠᠲᠤᠵᠤ᠂ ᠨᠡᠶᠢᠭᠡᠮ ᠤᠨ ᠬᠠᠯᠠᠮᠰᠢᠯ ᠴᠡᠭ ᠪᠣᠯᠤᠨ ᠴᠠᠭ ᠦᠶ᠎ᠡ ᠶᠢᠨ ᠪᠠᠶᠢᠳᠠᠯ ᠢ ᠠᠩᠬᠠᠷᠴᠤ᠂ ᠭᠦᠨ ᠭᠦᠨᠵᠡᠭᠡᠶ ᠰᠣᠨᠢᠨ ᠮᠡᠳᠡᠭᠡᠨ ᠤ ᠮᠡᠳᠡᠭᠡ ᠪᠢᠴᠢᠬᠦ ᠬᠡᠷᠡᠭᠲᠡᠢ ᠭᠡᠵᠦ ᠵᠢᠭᠠᠵᠤ ᠭᠠᠷᠭᠠᠪᠠ᠃      11 ᠰᠠᠷ᠎ᠠ ᠶᠢᠨ 20᠎ ᠤ ᠡᠳᠦᠷ   ᠬᠤᠰᠢᠭᠤ ᠠᠶᠤᠯᠭᠦᠢ ᠦᠢᠯᠡᠳᠪᠦᠷᠢᠯᠡᠯ ᠤᠨ ᠵᠥᠪᠯᠡᠯ 2024 ᠣᠨ ᠤ ᠠᠷᠪᠠᠳᠤᠭᠠᠷ ᠤᠳᠠᠭ᠎ᠠ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠡᠭᠡᠯᠵᠢᠲᠦ ᠬᠤᠷᠠᠯ ᠬᠤᠷᠠᠯᠳᠤᠭᠤᠯᠪᠠ᠃ ᠬᠤᠷᠠᠯ ᠠᠴᠠ᠂ ᠳᠥᠷᠪᠡᠳᠦᠭᠡᠷ ᠤᠯᠠᠷᠢᠯ ᠪᠣᠯ ᠪᠦᠬᠦ ᠵᠢᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠭᠤᠣᠯᠳᠠᠯᠭ᠎ᠠ ᠲᠠᠢ ᠴᠠᠭ ᠬᠤᠭᠤᠴᠠᠭ᠎ᠠ ᠪᠣᠯᠤᠨ᠎ᠠ᠂ ᠪᠦᠬᠦ ᠵᠢᠯ ᠤᠨ ᠡᠯ᠎ᠡ ᠵᠦᠢᠯ ᠤᠨ ᠠᠶᠤᠯᠭᠦᠢ ᠦᠢᠯᠡᠳᠪᠦᠷᠢᠯᠡᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠬᠤᠭᠤᠴᠠᠭ᠎ᠠ ᠪᠣᠯᠤᠨ᠎ᠠ᠂ ᠡᠯ᠎ᠡ ᠭᠠᠵᠠᠷ ᠣᠷᠣᠨ᠂ ᠰᠠᠯᠠᠭ᠎ᠠ ᠮᠥᠴᠢᠷ᠂ ᠠᠵᠤ ᠠᠬᠤᠶᠢᠯᠠᠯ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠦᠨ᠂ ᠣᠳᠣᠬᠠᠨ ᠤ ᠠᠶᠤᠯᠭᠦᠢ ᠦᠢᠯᠡᠳᠪᠦᠷᠢᠯᠡᠯ ᠳᠤ ᠲᠤᠯᠭᠠᠷᠠᠵᠤ ᠪᠠᠶᠢᠭ᠎ᠠ ᠪᠤᠳᠤᠯᠢᠶᠠᠨᠲᠤ ᠴᠢᠨᠠᠷ ᠪᠣᠯᠤᠨ ᠬᠦᠨᠳᠦ ᠨᠣᠴᠢᠲᠠᠢ ᠴᠢᠨᠠᠷ ᠢ ᠭᠦᠢᠴᠡᠳ ᠲᠠᠨᠢᠵᠤ᠂ ᠠᠶᠤᠯᠭᠦᠢ ᠦᠢᠯᠡᠳᠪᠦᠷᠢᠯᠡᠯ ᠢ ᠦᠨᠡᠨᠬᠦ ᠴᠢᠬᠤᠯᠠ ᠶᠡᠭᠡ ᠤᠯᠤᠰ ᠲᠦᠷᠦ ᠶᠢᠨ ᠠᠰᠠᠭᠤᠳᠠᠯ᠂ ᠬᠥᠭᠵᠢᠯᠲᠡ ᠶᠢᠨ ᠠᠰᠠᠭᠤᠳᠠᠯ ᠪᠣᠯᠤᠨ ᠠᠷᠠᠳ ᠤᠨ ᠠᠮᠢᠳᠤᠷᠠᠯ ᠤᠨ ᠠᠰᠠᠭᠤᠳᠠᠯ ᠪᠣᠯᠭᠠᠠ᠂ ᠬᠥᠨᠳᠡᠵᠦ ᠪᠣᠯᠤᠰᠢ ᠦᠭᠡᠢ ᠤᠯᠠᠭᠠᠨ ᠱᠤᠭᠤᠮ ᠪᠣᠯᠭᠠᠵᠤ᠂ ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠠ᠂ ᠠᠶᠤᠯᠭᠦᠢ ᠦᠢᠯᠡᠳᠪᠦᠷᠢᠯᠡᠯ ᠤᠨ ᠬᠥᠪᠴᠢ ᠶᠢ ᠢᠮᠠᠭᠲᠠ ᠴᠢᠩᠭᠠᠯᠠᠵᠤ᠂ ᠠᠵᠢᠯ ᠢᠶᠠᠨ ᠴᠢᠩᠭ᠎ᠠ ᠠᠳᠬᠤᠠ᠂ ᠪᠣᠳᠠᠲᠠᠢ ᠰᠠᠶᠢᠲᠤᠷ ᠠᠳᠬᠤᠵᠤ᠂ ᠠᠮᠤᠷ ᠲᠦᠪᠰᠢᠨ ᠤ ᠪᠠᠶᠢᠳᠠᠯ ᠢ ᠨᠠᠷᠢᠯᠢᠭ ᠣᠨᠤᠪᠴᠢᠲᠠᠢ ᠰᠤᠳᠤᠯᠤᠨ ᠮᠠᠭᠠᠳᠯᠠᠵᠤ᠂ ᠡᠯ᠎ᠡ ᠲᠦᠷᠦᠯ ᠤᠨ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠢ ᠡᠷᠡᠰ ᠬᠤᠷᠢᠭᠯᠠᠵᠤ᠂ ᠮᠠᠨ ᠤ ᠬᠤᠰᠢᠭᠤᠨ ᠤ ᠨᠠᠮᠤᠷ ᠡᠪᠦᠯ ᠤᠨ ᠤᠯᠠᠷᠢᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃ ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠡᠷᠡᠰ ᠪᠠᠲᠤ ᠪᠠᠶᠢᠭᠤᠯᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ ᠡᠯ᠎ᠡ ᠰᠤᠮᠤ ᠪᠠᠯᠭᠠᠰᠤ ︵ᠲᠠᠯᠠᠪᠠᠶ︶ ᠨᠤᠲᠤᠭ ᠪᠡᠯᠴᠢᠭᠡᠷ ᠤᠨ ᠠᠮᠢ ᠠᠬᠤᠶ ᠶᠢᠨ ᠠᠰᠠᠭᠤᠳᠠᠯ ᠤᠨ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠤᠬᠠᠮᠰᠠᠷ ᠪᠠ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠪᠠᠷ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠬᠡᠷᠡᠭᠲᠡᠶ ᠭᠡᠪᠡ᠃      11 ᠰᠠᠷ᠎ᠠ ᠶᠢᠨ 22᠎ ᠤᠨ ᠡᠳᠦᠷ   ᠬᠤᠰᠢᠭᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠠᠵᠢᠯ ᠤᠨ ᠪᠣᠯᠪᠠᠰᠤᠷᠠᠯ ᠤᠨ ᠬᠤᠷᠠᠯ ᠡᠷᠭᠢᠯᠡᠪᠡ᠃ ᠠᠶᠢᠮᠠᠭ ᠤᠨ ᠵᠠᠬᠢᠷᠭ᠎ᠠ ᠶᠢᠨ ᠮᠡᠳᠡᠭᠡ ᠵᠠᠩᠭᠢ ᠶᠢᠨ ᠰᠠᠯᠠᠭᠠᠨ ᠤ ᠳᠠᠷᠤᠭ᠎ᠠ ᠴᠧᠨ ᠰᠢᠤᠢ ᠿᠢ ᠶᠢ ᠤᠷᠢᠵᠤ ᠰᠢᠨ᠎ᠡ ᠴᠠᠭ ᠦᠶ᠎ᠡ ᠶᠢᠨ ᠮᠡᠳᠡᠭᠡ ᠵᠠᠩᠭᠢ ᠶᠢᠨ ᠠᠵᠢᠯ ᠢ ᠰᠠᠶᠢᠲᠤᠷ ᠬᠢᠬᠦ ᠲᠤᠬᠠᠶ ᠲᠤᠰᠬᠠᠶ ᠰᠡᠳᠦᠪᠲᠦ ᠲᠠᠶᠢᠯᠤᠮᠵᠢ ᠬᠢᠯᠭᠡᠪᠡ᠃ ᠬᠤᠷᠠᠯ ᠳᠡᠭᠡᠷ᠎ᠡ᠂ ᠴᠧᠨ ᠰᠢᠤᠢ ᠿᠢ ᠲᠣᠰ ᠪᠡᠶ᠎ᠡ ᠶᠢᠨ ᠠᠵᠢᠯ ᠤᠨ ᠥᠩᠭᠡᠷᠡᠯᠲᠡ ᠲᠠᠢ ᠪᠠᠨ ᠤᠶᠠᠯᠳᠤᠭᠤᠯᠤᠨ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠪᠠᠶᠢᠷᠢ ᠲᠣᠭᠲᠠᠭᠠᠯᠲᠠ᠂ ᠱᠠᠭᠠᠷᠳᠠᠯᠭ᠎ᠠ᠂ ᠲᠥᠷᠥᠯ ᠬᠤᠪᠢᠶᠠᠬᠤ ᠵᠢᠴᠢ ᠵᠣᠬᠢᠶᠠᠨ ᠪᠢᠴᠢᠬᠦ ᠵᠡᠷᠭᠡ ᠠᠭᠤᠯᠭ᠎ᠠ ᠶᠢᠨ ᠲᠤᠬᠠᠶ ᠨᠠᠷᠢᠨ ᠲᠠᠶᠢᠯᠤᠮᠵᠢ ᠬᠢᠪᠠ᠃ ᠬᠤᠷᠠᠯ ᠠᠴᠠ ᠱᠠᠭᠠᠷᠳᠠᠭᠰᠠᠨ ᠨᠢ᠂ ᠬᠤᠷᠠᠯ ᠳᠤ ᠣᠷᠣᠯᠴᠠᠭᠰᠠᠨ ᠪᠥᠬᠦ ᠬᠥᠮᠦᠰ ᠮᠡᠳᠡᠭᠡ ᠵᠠᠩᠭᠢ ᠶᠢᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠮᠡᠳᠡᠭᠡ ᠵᠠᠩᠭᠢ ᠶᠢᠨ ᠦᠢᠯᠡᠴᠢᠯᠡᠭᠡᠨ ᠤ ᠭᠤᠤᠯ ᠠᠷᠭ᠎ᠠ ᠵᠠᠮ ᠤᠨ ᠦᠢᠯᠡᠳᠦᠯ ᠢ ᠪᠠᠳᠠᠷᠠᠭᠤᠯᠤᠨ᠂ ᠴᠢᠨᠠᠷ ᠰᠠᠶᠢᠲᠠᠶ ᠮᠡᠳᠡᠭᠡ ᠵᠠᠩᠭᠢ ᠶᠢ ᠴᠠᠭ ᠲᠤᠬᠠᠶ ᠳᠤᠨᠢ ᠳᠡᠭᠡᠭᠰᠢ ᠮᠡᠳᠡᠭᠦᠯᠬᠦ ᠬᠡᠷᠡᠭᠲᠡᠶ᠃ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠶᠠᠰᠤ ᠴᠢᠨᠠᠷ ᠪᠠ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠮᠡᠳᠡᠭᠡ ᠵᠠᠩᠭᠢ ᠶᠢᠨ ᠰᠡᠷᠭᠡᠭ ᠬᠡᠮᠵᠢᠶ᠎ᠡ ᠶᠢ ᠨᠡᠮᠡᠭᠳᠡᠭᠦᠯᠦᠨ᠂ ᠪᠣᠳᠠᠲᠠᠶ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠡᠯ᠎ᠡ ᠭᠠᠵᠠᠷ ᠡᠯ᠎ᠡ ᠠᠵᠢᠯ ᠲᠥᠷᠥᠯ ᠡᠯ᠎ᠡ ᠬᠦᠷᠢᠶᠡᠨ ᠤ ᠬᠠᠮᠤᠭ ᠤᠨ ᠦᠨ᠎ᠡ ᠥᠷᠲᠡᠭ ᠲᠠᠢ ᠮᠡᠳᠡᠭᠡ ᠵᠠᠩᠭᠢ ᠶᠢ ᠪᠣᠯᠪᠠᠰᠤᠷᠠᠭᠤᠯᠤᠨ ᠭᠠᠷᠭᠠᠵᠤ᠂ ᠪᠥᠬᠦ ᠬᠤᠰᠢᠭᠤᠨ ᠤ ᠡᠯ᠎ᠡ ᠵᠦᠢᠯ ᠤᠨ ᠠᠵᠢᠯ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠳᠤ ᠴᠢᠬᠤᠯᠠ ᠰᠠᠭᠤᠷᠢ ᠪᠠ ᠦᠨᠳᠦᠰᠦᠯᠡᠯ ᠬᠠᠩᠭᠠᠬᠤ ᠬᠡᠷᠡᠭᠲᠡᠶ᠃ ᠮᠡᠳᠡᠭᠡ ᠵᠠᠩᠭᠢ ᠶᠢᠨ ᠠᠵᠢᠯ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠠᠵᠢᠯᠲᠠᠨ ᠢ ᠪᠦᠷᠢᠨ ᠭᠦᠢᠴᠡᠳ ᠴᠢᠩᠭ᠎ᠠ ᠲᠣᠬᠢᠷᠠᠭᠤᠯᠵᠤ᠂ ᠡᠯ᠎ᠡ ᠲᠥᠷᠥᠯ ᠤᠨ ᠪᠣᠯᠪᠠᠰᠤᠷᠠᠯ ᠢᠶᠠᠷ ᠳᠠᠮᠵᠢᠨ ᠮᠡᠳᠡᠭᠡ ᠵᠠᠩᠭᠢᠴᠢᠳ ᠤᠨ ᠶᠡᠷᠦᠩᠬᠡᠶᠢᠯᠡᠭᠰᠡᠨ ᠬᠡᠪ ᠴᠢᠨᠠᠷ ᠢ ᠦᠨᠡᠨᠬᠦ ᠴᠢᠩᠭᠠᠳᠬᠠᠵᠤ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠠᠵᠢᠯ ᠢ ᠡᠮᠬᠢ ᠵᠢᠷᠤᠮ ᠲᠠᠢ ᠥᠨᠳᠥᠷ ᠪᠦᠲᠦᠮᠵᠢᠲᠡᠶ ᠪᠠᠷ ᠠᠬᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠪᠡ᠃      11 ᠰᠠᠷ᠎ᠠ ᠶᠢᠨ 21᠎ ᠤ ᠡᠳᠦᠷ ᠠᠴᠠ 24᠎ ᠤ ᠡᠳᠦᠷ ᠪᠣᠯᠲᠠᠯ᠎ᠠ ᠬᠤᠰᠢᠭᠤ ᠨᠠᠮ ᠤᠨ ᠬᠤᠷᠢᠶᠠᠨ ᠤ ᠱᠦᠵᠢ᠂ ᠬᠤᠰᠢᠭᠤ ᠳᠠᠷᠤᠭ᠎ᠠ ᠵᠧᠦ ᠢᠦᠢ ᠯᠦᠩ ᠪᠦᠯᠬᠦᠮ ᠳᠠᠭᠠᠭᠤᠯᠤᠨ᠂ ᠪᠡᠭᠡᠵᠢᠩ᠂ ᠾᠧᠪᠸᠢ ᠳᠤ ᠬᠦᠷᠴᠦ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠶᠢ ᠵᠣᠯᠭᠠᠭᠤᠯᠤᠨ ᠵᠥᠪᠳᠡᠯᠴᠡᠬᠦ ᠠᠵᠢᠯᠯᠠᠭ᠎ᠠ ᠥᠷᠨᠢᠭᠦᠯᠵᠦ᠂ ᠬᠤᠰᠢᠭᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠠᠵᠢᠯᠯᠠᠭ᠎ᠠ ᠳᠤ ᠣᠷᠣᠯᠴᠠᠪᠠ᠃      11 ᠰᠠᠷ᠎ᠠ ᠶᠢᠨ 27᠎ ᠤ ᠡᠳᠦᠷ   ᠬᠤᠰᠢᠭᠤ ᠨᠠᠮ ᠤᠨ ᠬᠤᠷᠢᠶᠠᠨ ᠤ ᠱᠦᠵᠢ᠂ ᠬᠤᠰᠢᠭᠤ ᠳᠠᠷᠤᠭ᠎ᠠ ᠵᠧᠤ ᠢᠦᠶ ᠯᠦᠩ ᠢᠯᠴᠢ ᠬᠠᠩᠭᠠᠬᠤ ᠠᠵᠤ ᠠᠬᠤᠶᠢᠯᠠᠯ ᠳᠤ ᠭᠦᠨᠵᠡᠭᠡᠶᠢᠷᠡᠨ ᠡᠪᠦᠯ ᠤᠨ ᠤᠯᠠᠷᠢᠯ ᠤᠨ ᠢᠯᠴᠢ ᠬᠠᠩᠭᠠᠬᠤ ᠪᠠᠲᠤᠯᠠᠭ᠎ᠠ ᠶᠢᠨ ᠠᠵᠢᠯ ᠢ ᠪᠠᠶᠢᠴᠠᠭᠠᠨ ᠰᠤᠳᠤᠯᠪᠠ᠃ ᠵᠧᠦ ᠢᠦᠢ ᠯᠦᠩ ᠴᠢᠬᠤᠯᠠᠴᠢᠯᠠᠬᠤ ᠳᠠᠭᠠᠨ᠂ ᠠᠵᠢᠯᠯᠠᠭᠠᠨ ᠤ ᠬᠢᠨᠠᠨ ᠬᠡᠮᠵᠢᠯᠲᠡ ᠶᠢ ᠰᠠᠶᠢᠲᠤᠷ ᠬᠢᠵᠦ᠂ ᠢᠯᠴᠢ ᠬᠠᠩᠭᠠᠬᠤ ᠪᠣᠯᠵᠣᠯᠲᠤ ᠲᠤᠭ᠎ᠠ ᠶᠢ ᠳᠡᠭᠡᠭᠰᠢᠯᠡᠭᠦᠯᠵᠦ᠂ ᠢᠯᠴᠢ ᠶᠢᠨ ᠢᠷᠡᠯᠲᠡ᠂ ᠬᠤᠭᠤᠯᠠᠢ ᠶᠢᠨ ᠲᠣᠣᠷ᠂ ᠢᠯᠴᠢ ᠰᠣᠯᠢᠯᠴᠠᠬᠤ ᠦᠷᠳᠡᠭᠡ ᠶᠢᠨ ᠠᠵᠢᠯᠯᠠᠭᠠᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠢᠯᠴᠢ ᠬᠠᠩᠭᠠᠬᠤ ᠠᠮᠤᠷ ᠲᠦᠪᠰᠢᠨ ᠤ ᠭᠡᠮ ᠰᠣᠭᠤᠭ ᠢ ᠴᠠᠭ ᠲᠤᠬᠠᠢ ᠳᠤᠨᠢ ᠪᠠᠶᠢᠴᠠᠭᠠᠵᠤ ᠴᠡᠭᠴᠡᠯᠡᠨ ᠵᠠᠰᠠᠵᠤ᠂ ᠣᠨᠴᠠᠭᠠᠢ ᠴᠠᠭ ᠠᠭᠤᠷ ᠪᠣᠯᠣᠨ ᠭᠡᠨᠡᠳᠲᠡ ᠶᠢᠨ ᠪᠠᠶᠢᠳᠠᠯ ᠢ ᠠᠷᠭᠠᠴᠠᠬᠤ ᠲᠥᠰᠥᠯ ᠢ ᠲᠡᠭᠦᠯᠳᠡᠷᠵᠢᠭᠦᠯᠦᠨ᠂ ᠢᠯᠴᠢ ᠬᠠᠩᠭᠠᠬᠤ ᠪᠠᠲᠤᠯᠠᠭ᠎ᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠠᠮᠤᠷ ᠲᠦᠪᠰᠢᠨ ᠤ ᠬᠠᠷᠢᠭᠤᠴᠠᠯᠭ᠎ᠠ ᠶᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠢᠯᠯᠠᠵᠤ ᠪᠠᠶᠢᠭ᠎ᠠ ᠬᠥᠮᠦᠰ ᠤᠨ ᠠᠮᠤᠷ ᠲᠦᠪᠰᠢᠨ ᠤ ᠬᠥᠮᠦᠵᠢᠯ ᠪᠣᠯᠪᠠᠰᠤᠷᠠᠯ ᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠬᠠᠮᠢᠶ᠎ᠠ ᠪᠦᠬᠦᠢ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠡᠯ᠎ᠡ ᠵᠦᠢᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠶᠢ ᠡᠷᠡᠰ ᠬᠤᠷᠢᠭᠯᠠᠬᠤ ᠪᠠ ᠰᠡᠷᠭᠡᠶᠢᠯᠡᠬᠦ ᠬᠡᠷᠡᠭᠲᠡᠢ᠃ ︽ᠠᠷᠠᠳ ᠢ ᠰᠤᠷᠪᠤᠯᠵᠢᠯᠠᠬᠤ︾ ᠠᠵᠢᠯ ᠢ ᠦᠷᠭᠦᠯᠵᠢᠯᠡᠨ ᠥᠷᠨᠢᠭᠦᠯᠵᠦ᠂ ᠠᠵᠢᠯᠲᠠᠳ ᠢ ᠵᠣᠬᠢᠶᠠᠨ ᠪᠠᠶᠢᠭᠤᠯᠤᠨ ᠲᠣᠭᠲᠠᠮᠠᠯ ᠬᠤᠭᠤᠴᠠᠭ᠎ᠠ ᠲᠠᠢ ᠪᠠᠷ ᠡᠷᠦᠬᠡ ᠳᠤ ᠬᠦᠷᠴᠦ ᠳᠤᠯᠠᠭᠠᠨ ᠢ ᠬᠡᠮᠵᠢᠬᠦ ᠠᠵᠢᠯᠯᠠᠭ᠎ᠠ ᠶᠢ ᠥᠷᠨᠢᠭᠦᠯᠵᠦ᠂ ᠣᠯᠠᠨ ᠲᠦᠮᠡᠨ ᠤ ᠲᠤᠰᠬᠠᠭᠰᠠᠨ ᠢᠯᠴᠢ ᠬᠠᠩᠭᠠᠬᠤ ᠬᠠᠮᠢᠶ᠎ᠠ ᠪᠥᠬᠦᠶ ᠠᠰᠠᠭᠤᠳᠠᠯ ᠳᠤ ᠴᠠᠭ ᠲᠤᠬᠠᠶ ᠳᠤᠨᠢ ᠬᠠᠷᠢᠭᠤᠯᠲᠠ ᠥᠭᠬᠦ ᠶᠢᠨ ᠬᠠᠮᠲᠤ ᠥᠨᠳᠥᠷ ᠪᠦᠲᠦᠮᠵᠢᠲᠡᠶ ᠪᠠᠷ ᠰᠢᠢᠳᠪᠦᠷᠢᠯᠡᠵᠦ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠦᠨ᠂ ᠣᠯᠠᠨ ᠲᠦᠮᠡᠨ ᠢ ᠳᠤᠯᠠᠭᠠᠨ ᠪᠦᠯᠢᠶᠡᠨ ᠡᠪᠦᠯᠵᠢᠭᠦᠯᠵᠦ᠂ ᠰᠠᠨᠠᠭ᠎ᠠ ᠠᠮᠤᠷ ᠡᠪᠦᠯᠵᠢᠭᠦᠯᠬᠦ ᠬᠡᠷᠡᠭᠲᠡᠶ ᠭᠡᠪᠡ᠃      11 ᠰᠠᠷ᠎ᠠ ᠶᠢᠨ 25᠎ ᠤ ᠡᠳᠦᠷ ᠠᠴᠠ 11 ᠰᠠᠷ᠎ᠠ ᠶᠢᠨ 29᠎ ᠤ ᠡᠳᠦᠷ ᠪᠣᠯᠲᠠᠯ᠎ᠠ᠂ ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠬᠤᠰᠢᠭᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠬᠠᠮᠲᠤᠷᠠᠨ ᠵᠡᠭᠦᠨ ᠦᠵᠦᠮᠦᠴᠢᠨ ᠬᠤᠰᠢᠭᠤᠨ ᠤ ᠰᠢᠨ᠎ᠡ ᠪᠠᠷ ᠲᠤᠰᠢᠶᠠᠯ ᠡᠭᠦᠷᠭᠡᠯᠡᠭᠰᠡᠨ ᠰᠠᠯᠠᠭᠠᠨ ᠲᠠᠰ ᠤᠨ ᠺᠠᠳ᠋ᠷ ᠵᠢᠴᠢ ᠵᠠᠯᠠᠭᠤ ᠺᠠᠳ᠋ᠷᠴᠤᠳ ᠤᠨ ᠬᠡᠪ ᠴᠢᠨᠠᠷ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠶᠢ ᠡᠷᠭᠢᠯᠡᠵᠦ᠂ 2021 ᠣᠨ ᠠᠴᠠ ᠨᠠᠭᠠᠰᠢ ᠲᠤᠰᠢᠶᠠᠯ ᠡᠭᠦᠷᠭᠡᠯᠡᠭᠰᠡᠨ ᠰᠠᠯᠠᠭᠠᠨ ᠲᠠᠰ ᠤᠨ ᠤᠳᠤᠷᠢᠳᠬᠤ ᠺᠠᠳ᠋ᠷ ᠵᠢᠴᠢ ᠰᠣᠩᠭᠤᠨ ᠰᠢᠯᠵᠢᠭᠦᠯᠦᠭᠰᠡᠨ ᠰᠣᠷᠣᠭᠴᠢ ᠨᠡᠶᠢᠲᠡ 210 ᠭᠠᠷᠤᠶ ᠬᠥᠮᠦᠨ ᠪᠣᠯᠪᠠᠰᠤᠷᠠᠯ ᠳᠤ ᠣᠷᠣᠯᠴᠠᠪᠠ᠃ ᠲᠣᠰ ᠤᠳᠠᠭᠠᠨ ᠤ ᠪᠣᠯᠪᠠᠰᠤᠷᠠᠭᠤᠯᠤᠯ ᠢ 5 ᠡᠳᠦᠷ ᠶᠠᠪᠤᠭᠳᠠᠭᠤᠯᠵᠤ᠂ ︽ᠲᠤᠰᠬᠠᠶ ᠰᠡᠳᠦᠪᠲᠦ ᠲᠠᠶᠢᠯᠤᠮᠵᠢ ᠶᠢᠨ ᠲᠤᠬᠠᠶ ᠶᠢᠨ ᠲᠠᠯᠠᠪᠤᠷ ᠤᠨ ᠵᠢᠭᠠᠨ ᠰᠤᠷᠭᠠᠯᠲᠠ︾᠎ ᠶᠢᠨ ᠬᠡᠯᠪᠡᠷᠢ ᠪᠠᠷ ᠥᠷᠨᠢᠭᠦᠯᠪᠡ᠃ ᠡᠮᠦᠨ᠎ᠡ 4 ᠡᠳᠦᠷ ᠤᠨ ᠪᠣᠯᠪᠠᠰᠤᠷᠠᠯ ᠨᠢ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ᠂ ᠨᠢᠭᠤᠴᠠ ᠶᠢ ᠬᠠᠮᠠᠭᠠᠯᠠᠬᠤ ᠤᠬᠠᠮᠰᠠᠷ ᠢᠶᠠᠨ ᠴᠢᠩᠭᠠᠳᠬᠠᠬᠤ᠂ ᠨᠢᠭᠤᠴᠠ ᠶᠢ ᠬᠠᠮᠠᠭᠠᠯᠠᠬᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠬᠦ᠂ ᠬᠠᠮ ᠵᠠᠭᠤᠴᠢᠯᠠᠭᠤᠷ ᠤᠨ ᠴᠠᠭ ᠦᠶ᠎ᠡ ᠶᠢᠨ ᠤᠳᠤᠷᠢᠳᠬᠤ ᠺᠠᠳ᠋ᠷ ᠤᠨ ᠵᠠᠭᠤᠴᠢᠯᠠᠭᠤᠷ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠲᠤᠬᠠᠢ ᠶᠢᠨ ᠲᠠᠯᠠᠪᠠᠢ ᠳᠤ ᠬᠢᠴᠢᠶᠡᠯ ᠣᠷᠣᠪᠠ᠃ ᠤᠨᠤᠯ ᠤᠨ ᠦᠨᠳᠦᠷᠴᠡ ᠲᠠᠢ ᠪᠥᠭᠡᠳ ᠬᠥᠭᠵᠢᠯᠲᠡ ᠶᠢᠨ ᠪᠣᠳᠠᠲᠤ ᠪᠠᠶᠢᠳᠠᠯ ᠲᠠᠢ ᠨᠡᠶᠢᠴᠡᠵᠦ᠂ ᠰᠤᠷᠤᠭᠴᠢᠳ ᠢ ᠬᠠᠪᠰᠤᠷᠤᠨ ᠲᠤᠰᠢᠶᠠᠯ ᠬᠠᠷᠢᠭᠤᠴᠠᠯᠭ᠎ᠠ ᠪᠠᠨ ᠨᠡᠩ ᠰᠠᠶᠢᠲᠤᠷ ᠭᠦᠢᠴᠡᠳᠬᠡᠬᠦ ᠳᠤ ᠮᠠᠰᠢ ᠴᠢᠩᠭ᠎ᠠ ᠵᠢᠯᠣᠭᠤᠳᠬᠤ ᠠᠴᠢ ᠬᠤᠯᠪᠣᠭᠳᠠᠯ ᠲᠠᠢ ᠶᠤᠮ᠃ ᠰᠤᠷᠤᠭᠴᠢᠳ ᠢ ᠪᠣᠯᠪᠠᠰᠤᠷᠠᠭᠤᠯᠬᠤ ᠶᠠᠪᠤᠴᠠ ᠳᠤᠮᠳᠠ ᠰᠤᠷᠪᠠᠯ ᠰᠡᠷᠡᠵᠦ ᠮᠡᠳᠡᠬᠦ᠂ ᠰᠤᠷᠪᠠᠯ ᠤᠬᠠᠮᠰᠠᠷᠲᠠᠶ ᠪᠤᠯᠬᠠᠬᠤ ᠶᠢᠨ ᠲᠥᠯᠥᠭᠡ᠃ 5 ᠡᠳᠦᠷ ᠲᠤ᠂ ᠪᠣᠯᠪᠠᠰᠤᠷᠠᠯ ᠳᠤ ᠣᠷᠣᠯᠴᠠᠭᠰᠠᠨ ᠰᠤᠷᠤᠭᠴᠢᠳ ᠬᠤᠰᠢᠭᠤ ᠨᠠᠮ ᠤᠨ ᠭᠡᠰᠢᠭᠦᠨ ᠪᠠ ᠣᠯᠠᠨ ᠲᠦᠮᠡᠨ ᠳᠤ ᠦᠢᠯᠡᠴᠢᠯᠡᠬᠦ ᠲᠥᠪ᠂ ᠠᠷᠢᠭᠤᠨ ᠴᠢᠬᠡᠴᠢ ᠶᠢᠨ ᠬᠥᠮᠦᠵᠢᠯ ᠤᠨ ᠰᠠᠭᠤᠷᠢᠨ ᠭᠠᠵᠠᠷ᠂ ᠮᠠᠨᠳᠤᠬᠤ ᠨᠡᠶᠢᠭᠡᠮ ᠲᠣᠭᠤᠷᠢᠭ ᠤᠨ ᠬᠤᠪᠢᠰᠬᠠᠯ ᠤᠨ ᠳᠤᠷᠠᠰᠤᠮᠵᠢ ᠶᠢᠨ ᠦᠵᠡᠭᠦᠯᠦᠯᠭᠡ ᠶᠢᠨ ᠲᠢᠩᠬᠢᠮ ᠳᠤ ᠬᠦᠷᠴᠦ ᠲᠤᠬᠠᠶ ᠶᠢᠨ ᠭᠠᠵᠠᠷ ᠲᠤᠨᠢ ᠰᠤᠷᠤᠯᠴᠠᠪᠠ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号