12 ᠰᠠᠷ᠎ᠠ ᠶᠢᠨ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠶᠠᠪᠤᠳᠠᠯ ᠤᠨ ᠴᠢᠬᠤᠯᠠ ᠠᠵᠢᠯᠯᠠᠭ᠎ᠠ ᠤᠳ
ᠨᠡᠶᠢᠲᠡᠯᠡᠭᠰᠡᠨ ᠴᠠᠭ᠄
2025/4/18
      12 ᠰᠠᠷ᠎ᠠ ᠶᠢᠨ 6᠎ ᠤ ᠡᠳᠦᠷ   ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠰᠢᠤᠢ ᠶᠢᠩ ᠵᠢᠶᠠᠨ ᠪᠥᠬᠦ ᠬᠤᠰᠢᠭᠤᠨ ᠤ 2024 ᠣᠨ ᠤ ᠠᠷᠪᠠᠨ ᠨᠢᠭᠡᠳᠦᠭᠡᠷ ᠤᠳᠠᠭᠠᠨ ᠤ ᠠᠶᠤᠯᠭᠦᠶ ᠦᠢᠯᠡᠳᠪᠦᠷᠢᠯᠡᠯ ᠤᠨ ᠠᠵᠢᠯ ᠤᠨ ᠵᠤᠷᠰᠢᠯᠲᠤ ᠬᠤᠷᠠᠯ ᠵᠢᠴᠢ ᠡᠨᠡ ᠡᠪᠦᠯ ᠢᠷᠡᠬᠦ ᠬᠠᠪᠤᠷ ᠤᠨ ᠠᠶᠤᠯᠭᠦᠶ ᠦᠢᠯᠡᠳᠪᠦᠷᠢᠯᠡᠯ ᠪᠠ ᠪᠠᠶᠢᠭᠠᠯᠢ ᠶᠢᠨ ᠭᠠᠮᠰᠢᠭ ᠤᠨ ᠠᠶᠤᠯ ᠲᠦᠭᠰᠢᠭᠦᠷᠢ ᠶᠢᠨ ᠬᠡᠮ ᠰᠣᠭᠤᠭ ᠢ ᠵᠢᠭᠰᠠᠭᠠᠨ ᠪᠠᠶᠢᠴᠠᠭᠠᠬᠤ ᠲᠤᠰᠬᠠᠶ ᠴᠡᠭᠴᠡᠯᠡᠨ ᠵᠠᠰᠠᠬᠤ ᠪᠠᠶᠢᠷᠢᠯᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠣᠳᠣᠬᠠᠨ ᠤ ᠠᠵᠢᠯ ᠤᠨ ᠪᠠᠶᠢᠳᠠᠯ ᠢ ᠲᠣᠳᠣᠷᠬᠠᠢ ᠲᠠᠨᠢᠵᠤ᠂ ᠠᠮᠤᠷ ᠲᠦᠪᠰᠢᠨ ᠲᠣᠭᠲᠠᠭᠤᠨ ᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ᠂ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠠᠭᠤᠷᠬᠠᠢ᠂ ᠰᠢᠲᠠᠮᠠᠬᠠᠢ ᠬᠡᠢ᠂ ᠵᠠᠮ ᠬᠠᠷᠢᠯᠴᠠᠭ᠎ᠠ ᠲᠡᠭᠡᠭᠡᠪᠦᠷᠢ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ᠂ ᠭᠠᠯ ᠰᠡᠷᠭᠡᠶᠢᠯᠡᠬᠦ ᠠᠮᠤᠷ ᠲᠦᠪᠰᠢᠨ ᠵᠡᠷᠭᠡ ᠠᠷᠪᠠᠨ ᠭᠤᠷᠪᠠᠨ ᠭᠤᠣᠯᠳᠠᠯᠭ᠎ᠠ ᠲᠠᠢ ᠬᠦᠷᠢᠶᠡᠨ ᠤ ᠠᠶᠤᠯᠭᠦᠢ ᠦᠢᠯᠡᠳᠪᠦᠷᠢᠯᠡᠯ ᠤᠨ ᠠᠶᠤᠯ ᠲᠦᠭᠰᠢᠭᠦᠷᠢ ᠶᠢᠨ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠰᠠᠶᠢᠲᠤᠷ ᠠᠳᠬᠤᠵᠤ᠂ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠪᠠᠯᠠᠢ ᠣᠷᠣᠨ ᠢ ᠦᠨᠡᠨᠬᠦ ᠠᠷᠢᠯᠭᠠᠬᠤ ᠬᠡᠷᠡᠭᠲᠡᠢ᠃ ᠡᠬᠢ ᠡᠭᠦᠰᠦᠯ ᠠᠴᠠ ᠨᠢ ᠰᠡᠷᠭᠡᠶᠢᠯᠡᠨ ᠡᠵᠡᠮᠳᠡᠬᠦ ᠶᠢ ᠪᠠᠷᠢᠮᠲᠠᠯᠠᠵᠤ᠂ ᠴᠠᠭ ᠠᠭᠤᠷ ᠤᠨ ᠬᠤᠪᠢᠷᠠᠯᠲᠠ ᠶᠢᠨ ᠬᠠᠨᠳᠤᠰᠢ ᠶᠢ ᠨᠢᠭᠲᠠ ᠠᠩᠬᠠᠷᠴᠤ᠂ ᠬᠦᠨᠳᠦ ᠶᠡᠭᠡ ᠭᠠᠮᠰᠢᠭ ᠢ ᠠᠷᠭᠠᠴᠠᠨ ᠰᠡᠷᠭᠡᠶᠢᠯᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠪᠣᠯᠤᠨ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠦᠨᠡᠨᠬᠦ ᠬᠠᠮᠠᠭᠠᠯᠠᠬᠤ ᠬᠡᠷᠡᠭᠲᠡᠢ᠃      12 ᠰᠠᠷ᠎ᠠ ᠶᠢᠨ 7᠎ ᠤ ᠡᠳᠦᠷ ᠠᠴᠠ 8᠎ ᠤ ᠡᠳᠦᠷ ᠪᠣᠯᠲᠠᠯ᠎ᠠ ᠬᠤᠰᠢᠭᠤ ᠨᠠᠮ ᠤᠨ ᠬᠤᠷᠢᠶᠠᠨ ᠤ ᠱᠦᠵᠢ ᠵᠧᠦ ᠢᠦᠢ ᠯᠦᠩ ᠪᠦᠯᠬᠦᠮ ᠳᠠᠭᠠᠭᠤᠯᠤᠨ᠂ ᠪᠡᠭᠡᠵᠢᠩ ᠳᠤ ᠬᠦᠷᠴᠦ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢ ᠵᠣᠯᠭᠠᠭᠤᠯᠤᠨ ᠵᠥᠪᠳᠡᠯᠴᠡᠬᠦ ᠠᠵᠢᠯᠯᠠᠭ᠎ᠠ ᠥᠷᠨᠢᠭᠦᠯᠵᠦ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ         ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠬᠤᠰᠢᠭᠤ ᠳᠠᠷᠤᠭ᠎ᠠ ᠰᠢᠤᠢ ᠶᠢᠩ ᠵᠢᠶᠠᠨ ᠵᠢᠴᠢ ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠥᠴᠢᠷ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠠᠵᠢᠯᠯᠠᠭ᠎ᠠ ᠳᠤ ᠣᠷᠣᠯᠴᠠᠵᠠᠶ᠃      2021 ᠣᠨ ᠤ 12 ᠰᠠᠷ᠎ᠠ ᠶᠢᠨ 11᠎ ᠤ ᠡᠳᠦᠷ᠂ ᠰᠢᠯᠢ ᠶᠢᠨ ᠭᠤᠣᠯ ᠤᠨ ᠡᠪᠦᠯ ᠤᠨ ᠤᠯᠠᠷᠢᠯ ᠤᠨ ᠮᠣᠩᠭᠤᠯ ᠮᠣᠷᠢᠨ ᠤ ᠲᠠᠰ ᠤᠨ ᠬᠤᠯᠪᠣᠭᠠᠲᠤ ᠤᠷᠤᠯᠳᠤᠭᠠᠨ ᠤ ᠵᠡᠭᠦᠨ ᠦᠵᠦᠮᠦᠴᠢᠨ ᠬᠤᠰᠢᠭᠤᠨ ᠤ ᠤᠷᠤᠯᠳᠤᠭᠠᠨ ᠤ ᠲᠣᠭᠤᠷᠢᠭ ᠤᠨ ᠰᠢᠢᠳᠪᠦᠷᠢᠲᠦ ᠤᠷᠤᠯᠳᠤᠭᠠᠨ ᠵᠢᠴᠢ ︽ᠮᠢᠩᠭᠠᠨ ᠭᠠᠵᠠᠷ ᠤᠨ ᠬᠢᠯᠢ ᠬᠢᠵᠠᠭᠠᠷ · ᠮᠥᠩᠭᠦᠨ ᠦᠵᠦᠮᠦᠴᠢᠨ︾ ᠰᠢᠷᠢᠰ ᠠᠵᠢᠯᠯᠠᠭ᠎ᠠ ᠬᠤᠰᠢᠭᠤ ᠤᠯᠢᠶᠠᠰᠤᠲᠠᠢ ᠪᠠᠯᠭᠠᠰᠤᠨ ᠤ ᠪᠠᠶᠠᠨᠭᠤᠪᠢ ᠭᠠᠴᠠᠭ᠎ᠠ ᠳᠤ ᠡᠬᠢᠯᠡᠪᠡ᠃ ᠲᠣᠰ ᠤᠳᠠᠭᠠᠨ ᠤ ᠠᠵᠢᠯᠯᠠᠭ᠎ᠠ ᠪᠣᠯ ᠮᠠᠨ ᠤ ᠬᠤᠰᠢᠭᠤᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ︽ᠮᠣᠩᠭᠤᠯ ᠮᠣᠷᠢᠨ ᠤ ᠵᠣᠷᠢᠭ ᠰᠠᠨᠠᠭ᠎ᠠ︾᠎ ᠶᠢ ᠶᠡᠬᠡᠪᠡᠷ ᠪᠠᠳᠠᠷᠠᠭᠤᠯᠬᠤ ᠪᠣᠳᠠᠲᠤ ᠠᠵᠢᠯᠯᠠᠭ᠎ᠠ ᠮᠥᠨ᠂ ᠪᠠᠰᠠ ᠴᠤ ᠣᠯᠠᠨ ᠲᠦᠮᠡᠨ ᠤ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠤᠯᠠᠮ ᠨᠢᠭᠡ ᠠᠯᠬᠤᠮ ᠪᠠᠶᠠᠯᠢᠭᠵᠢᠭᠤᠯᠵᠤ᠂ ᠲᠣᠮᠣ ᠬᠡᠯᠪᠡᠷᠢ ᠶᠢᠨ ᠣᠯᠠᠨ ᠲᠦᠮᠡᠨᠴᠢ ᠴᠢᠨᠠᠷᠲᠠᠶ ᠠᠳᠤᠭᠤᠨ ᠤ ᠭᠤᠤᠯ ᠰᠡᠳᠦᠪᠲᠦ ᠤᠷᠤᠯᠳᠤᠭᠠᠨ ᠤ ᠠᠵᠢᠯᠯᠠᠭ᠎ᠠ ᠮᠥᠨ᠂ ᠪᠥᠬᠦ ᠬᠤᠰᠢᠭᠤᠨ ᠤ ᠣᠳᠣᠬᠢᠴᠢᠯᠠᠭᠰᠠᠨ ᠠᠳᠤᠭᠤᠨ ᠤ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃ ᠲᠠᠷᠠᠭᠠᠴᠢ ᠶᠢᠨ ᠠᠯᠬᠤᠮ ᠳᠤ᠂ ᠵᠡᠭᠦᠨ ᠦᠵᠦᠮᠦᠴᠢᠨ ᠬᠤᠰᠢᠭᠤ ᠰᠣᠶᠣᠯ ᠢᠶᠠᠷ ᠵᠤᠭᠠᠴᠠᠯ ᠢ ᠱᠤᠭᠤᠬᠤ᠂ ᠵᠤᠭᠠᠴᠠᠯ ᠢᠶᠠᠷ ᠰᠣᠶᠣᠯ ᠢ ᠢᠯᠡᠷᠡᠭᠦᠯᠬᠦ ᠶᠢ ᠪᠠᠷᠢᠮᠲᠠᠯᠠᠵᠤ᠂ ᠨᠠᠩ ᠣᠯᠠᠨ ᠤᠨᠴᠠᠯᠢᠬᠳᠤ ᠰᠣᠶᠣᠯ ᠵᠤᠭᠠᠴᠠᠯ ᠤᠨ ᠨᠠᠷᠠᠲᠤ ᠲᠡᠮᠳᠡᠭ ᠢ ᠰᠢᠨ᠎ᠡ ᠪᠠᠷ ᠡᠭᠦᠳᠴᠦ᠂ ᠬᠡᠷᠡᠯ ᠭᠢᠯᠪᠠᠭ᠎ᠠ ᠪᠠᠨ ᠰᠠᠴᠤᠷᠠᠭᠤᠯᠤᠨ᠂ ᠵᠡᠭᠦᠨ ᠦᠵᠦᠮᠦᠴᠢᠨ ᠬᠤᠰᠢᠭᠤᠨ ᠤ ᠤᠨᠴᠠᠯᠢᠬᠳᠤ ᠰᠣᠶᠣᠯ ᠵᠤᠭᠠᠴᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠬᠠᠮᠲᠤ ᠪᠠᠷ ᠵᠢᠷᠤᠭᠯᠠᠨ᠎ᠠ᠃      12 ᠰᠠᠷ᠎ᠠ ᠶᠢᠨ 13᠎ ᠤ ᠡᠳᠦᠷ   ᠵᠡᠭᠦᠨ ᠦᠵᠦᠮᠦᠴᠢᠨ ᠬᠤᠰᠢᠭᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ 76 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ︵ᠥᠷᠭᠡᠳᠬᠡᠭᠰᠡᠨ︶ ᠬᠤᠷᠠᠯ ᠵᠢᠴᠢ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠲᠤᠰᠢᠶᠠᠯ ᠤᠨ ᠮᠡᠳᠡᠭᠦᠯᠦᠯᠲᠡ ᠶᠢ ᠦᠨᠡᠯᠡᠬᠦ ᠬᠤᠷᠠᠯ ᠪᠠ ᠰᠤᠮᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ︽ᠤᠷᠤᠯᠳᠤᠭᠠᠨ ᠤ ᠲᠠᠪᠴᠠᠩ ᠤᠨ ᠮᠥᠷᠦ᠋ᠢᠴᠡᠭᠡᠨ︾᠎ ᠢ ᠬᠤᠷᠠᠯᠳᠤᠭᠤᠯᠪᠠ᠃ ᠬᠤᠰᠢᠭᠤ ᠨᠠᠮ ᠤᠨ ᠬᠤᠷᠢᠶᠠᠨ ᠤ ᠱᠦᠵᠢ ᠵᠧᠦ ᠢᠦᠢ ᠯᠦᠩ ᠬᠤᠷᠠᠯ ᠢ ᠡᠷᠬᠢᠯᠡᠨ ᠶᠠᠷᠢᠶ᠎ᠠ ᠲᠠᠯᠪᠢᠵᠤ᠂ ᠠᠶᠢᠮᠠᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠬᠠᠮᠢᠶ᠎ᠠ ᠪᠦᠬᠦᠢ ᠨᠥᠬᠦᠳ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃ ᠬᠤᠷᠠᠯ ᠠᠴᠠ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠠᠶᠢᠮᠠᠭ ᠤᠨ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠲᠤᠬᠠᠢ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠦᠨᠳᠦᠰᠦᠨ ᠱᠠᠲᠤᠨ ᠤ ᠡᠯ᠎ᠡ ᠬᠦᠷᠢᠶᠡᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠪᠦᠬᠦᠯᠢ ᠴᠣᠭᠴᠠ ᠶᠢᠨ ᠳᠡᠭᠡᠭᠰᠢᠯᠡᠯᠲᠡ᠂ ᠪᠦᠬᠦ ᠲᠠᠯ᠎ᠠ ᠪᠠᠷ ᠴᠠᠭᠠᠷᠠᠬᠤ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ᠃ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠵᠣᠬᠢᠶᠠᠨ ᠪᠠᠶᠢᠭᠤᠯᠬᠤ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠣᠳᠣᠨ ᠲᠠᠰ ᠤᠨ ︽ᠢᠯᠡ ᠲᠣᠳᠣ ᠠᠳᠠᠯᠢᠳᠬᠠᠬᠤ︾ ᠠᠵᠢᠯᠯᠠᠭ᠎ᠠ ᠪᠠ ᠪᠠᠲᠤ ᠴᠢᠩᠭ᠎ᠠ ᠪᠠᠬᠢᠯᠡᠯᠲᠡ ᠶᠢ ᠴᠢᠷᠮᠠᠶᠢᠨ ᠡᠭᠦᠳᠬᠦ ︽ᠵᠢᠱᠢᠶᠡᠴᠢ︾᠎ ᠶᠢᠨ ᠨᠠᠮ ᠤᠨ ᠡᠭᠦᠷ ᠢᠶᠠᠷ ᠭᠠᠷᠳᠠᠴᠠ ᠪᠣᠯᠭᠠᠵᠤ᠂ ᠡᠯ᠎ᠡ ᠬᠦᠷᠢᠶᠡᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭ᠎ᠠ ᠪᠣᠳᠠᠲᠠᠶ ᠨᠠᠷᠢᠯᠢᠭ ᠰᠠᠶᠢᠲᠤᠷ ᠠᠳᠬᠤᠵᠤ᠂ ᠵᠡᠭᠦᠨ ᠦᠵᠦᠮᠦᠴᠢᠨ ᠬᠤᠰᠢᠭᠤᠨ ᠤ ᠣᠨᠴᠠᠯᠢᠭ ᠲᠠᠢ ᠤᠮᠠᠷᠠᠲᠤ ᠬᠢᠯᠢ ᠶᠢᠨ ᠨᠠᠮ ᠤᠨ ᠪᠠᠶᠢᠭᠤᠯᠤᠯᠲᠠ ᠶᠢᠨ ᠨᠠᠷᠠᠲᠤ ᠲᠡᠮᠳᠡᠭ ᠢ ᠦᠷᠭᠦᠯᠵᠢᠯᠡᠨ ᠡᠭᠦᠳᠴᠦ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠳᠠᠬᠢᠨ ᠰᠢᠨ᠎ᠡ ᠳᠡᠭᠲᠡᠷ ᠲᠤ ᠭᠠᠷᠭᠠᠬᠤ ᠶᠢ ᠪᠥᠬᠦ ᠲᠠᠯ᠎ᠠ ᠪᠠᠷ ᠠᠬᠢᠭᠤᠯᠵᠤ᠂ ᠵᠡᠭᠦᠨ ᠦᠵᠦᠮᠦᠴᠢᠨ ᠬᠤᠰᠢᠭᠤᠨ ᠤ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ ᠬᠡᠷᠡᠭᠲᠡᠢ᠃      12 ᠰᠠᠷ᠎ᠠ ᠶᠢᠨ 17᠎ ᠤ ᠡᠳᠦᠷ᠂ ᠬᠤᠰᠢᠭᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠷᠪᠠᠨ ᠨᠠᠢᠮᠠᠳᠤᠭᠠᠷ ᠤᠳᠠᠭᠠᠨ ᠤ ᠬᠤᠷᠠᠯ ᠬᠤᠷᠠᠯᠳᠤᠭᠤᠯᠵᠤ᠂ ᠴᠠᠩ ᠱᠧᠩ ᠨᠥᠬᠦᠷ ᠢ ᠬᠤᠰᠢᠭᠤ ᠠᠷᠠᠳ ᠤᠨ ᠵᠠᠰᠠᠭ ᠤᠨ ᠣᠷᠳᠣᠨ ᠤ ᠣᠷᠣᠯᠠᠭᠴᠢ ᠬᠤᠰᠢᠭᠤ ᠳᠠᠷᠤᠭ᠎ᠠ ᠶᠢᠨ ᠲᠤᠰᠢᠶᠠᠯ ᠳᠤ ᠲᠣᠮᠢᠯᠠᠬᠤ ᠪᠠᠷ ᠲᠣᠭᠲᠠᠪᠠ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠪᠠᠭᠠᠲᠤᠷ ᠬᠤᠷᠠᠯ ᠢ ᠡᠷᠭᠢᠯᠡᠪᠡ᠃ ᠬᠤᠷᠠᠯ ᠠᠴᠠ ᠴᠢᠬᠤᠯᠠᠴᠢᠯᠠᠭᠰᠠᠨ ᠨᠢ᠂ ᠲᠥᠯᠥᠭᠡᠯᠡᠭᠴᠢᠳ ᠤᠨ ᠰᠠᠨᠠᠭᠤᠯᠭ᠎ᠠ ᠶᠢᠨ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠪᠠ ᠠᠷᠠᠳ ᠤᠨ ᠠᠮᠢᠳᠤᠷᠠᠯ ᠤᠨ ᠰᠠᠶᠢᠵᠢᠷᠠᠯᠲᠠ ᠶᠢ ᠠᠬᠢᠭᠤᠯᠬᠤ ᠳᠤᠮᠳᠠᠬᠢ ᠴᠢᠬᠤᠯᠠ ᠦᠢᠯᠡᠳᠦᠯ ᠢ ᠨᠠᠩ ᠰᠠᠶᠢᠲᠤᠷ ᠪᠠᠳᠠᠷᠠᠭᠤᠯᠬᠤ ᠬᠡᠷᠡᠭᠲᠡᠶ᠃ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠦᠢᠯᠡᠳᠦᠯᠭᠡᠵᠢᠭᠦᠯᠵᠦ᠂         ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ     ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷ ᠢ ᠰᠡᠷᠭᠦᠭᠡᠬᠦ ᠲᠦᠷᠢᠮ︾ ᠵᠡᠷᠭᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ︽ᠲᠠᠪᠤᠨ ᠶᠡᠭᠡ ᠡᠭᠦᠷᠭᠡ︾᠎ ᠶᠢ ᠰᠠᠶᠢᠲᠤᠷ ᠪᠡᠶᠡᠯᠡᠭᠦᠯᠬᠦ ᠴᠢᠬᠤᠯᠠ ᠭᠠᠷᠳᠠᠴᠠ ᠪᠣᠯᠭᠠᠵᠤ᠂ ᠤᠮᠠᠷᠠᠲᠤ ᠬᠢᠯᠢ ᠶᠢᠨ ᠪᠣᠬᠢᠷᠲᠤᠯ ᠥᠬᠡᠶ ᠠᠮᠢ ᠠᠬᠤᠶ ᠶᠢᠨ ᠬᠠᠯᠬᠠᠪᠴᠢ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠶ᠃ ᠬᠢᠯᠢ ᠬᠢᠵᠠᠭᠠᠷ ᠣᠷᠣᠨ ᠤ ᠣᠨᠴᠠᠯᠢᠭ ᠪᠣᠯᠤᠨ ᠳᠠᠪᠠᠭᠤᠯᠢᠭ ᠲᠠᠭᠠᠨ ᠰᠠᠭᠤᠷᠢᠯᠠᠵᠤ᠂ ᠣᠨᠴᠠᠯᠢᠭᠲᠤ ᠠᠵᠤ ᠦᠢᠯᠡᠰ ᠢ ᠬᠥᠭᠵᠢᠭᠦᠯᠵᠦ᠂ ᠬᠢᠯᠢ ᠬᠢᠵᠠᠭᠠᠷ ᠣᠷᠣᠨ ᠤ ᠴᠡᠴᠡᠭᠯᠡᠨ ᠬᠥᠭᠵᠢᠵᠦ ᠲᠣᠭᠲᠠᠭᠤᠨ ᠪᠠᠶᠢᠬᠤ ᠶᠢ ᠠᠬᠢᠭᠤᠯᠬᠤ ᠬᠡᠷᠡᠭᠲᠡᠶ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠪᠣᠭᠤᠮᠲᠠ ᠶᠢᠨ ᠠᠵᠤ ᠠᠬᠤᠢ ᠶᠢᠨ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠵᠦ᠂ ᠢᠳᠡᠪᠬᠢᠲᠡᠢ ᠠᠵᠢᠯᠯᠠᠵᠤ᠂ ᠵᠡᠭᠦᠨ ᠦᠵᠦᠮᠦᠴᠢᠨ ᠤ ᠠᠵᠤ ᠠᠬᠤᠢ ᠶᠢᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠤᠶᠤᠨ ᠤᠬᠠᠭᠠᠨ ᠪᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠪᠡ᠃      12 ᠰᠠᠷ᠎ᠠ ᠶᠢᠨ 17᠎ ᠤ ᠡᠳᠦᠷ   ᠬᠤᠰᠢᠭᠤ ᠨᠠᠮ ᠤᠨ ᠬᠤᠷᠢᠶᠠᠨ ᠤ ᠴᠡᠷᠢᠭ ᠤᠨ ᠶᠠᠪᠤᠳᠠᠯ ᠢ ᠵᠥᠪᠯᠡᠬᠦ ᠬᠤᠷᠠᠯ ᠵᠢᠴᠢ ᠰᠤᠮᠤ ᠪᠠᠯᠭᠠᠰᠤᠨ ᠤ ᠵᠡᠪᠰᠡᠭᠲᠦ ᠬᠦᠴᠦᠨ ᠢ ᠨᠠᠮ ᠠᠴᠠ ᠬᠠᠮᠢᠶᠠᠷᠬᠤ ᠠᠵᠢᠯ ᠤᠨ ᠲᠤᠰᠢᠶᠠᠯ ᠤᠨ ᠮᠡᠳᠡᠭᠦᠯᠦᠯᠲᠡ ᠶᠢᠨ ᠬᠤᠷᠠᠯ ᠬᠤᠷᠠᠯᠳᠤᠭᠤᠯᠵᠤ᠂ ᠬᠤᠰᠢᠭᠤ ᠨᠠᠮ ᠤᠨ ᠬᠤᠷᠢᠶᠠᠨ ᠤ ᠱᠦᠵᠢ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠨᠠᠮ ᠤᠨ ᠬᠤᠷᠢᠶᠠᠨ ᠤ ᠨᠢᠭᠡᠳᠦᠭᠡᠷ ᠱᠦᠵᠢ ᠵᠧᠦ ᠢᠦᠢ ᠯᠦᠩ ᠬᠤᠷᠠᠯ ᠡᠷᠭᠢᠯᠡᠵᠦ ᠶᠠᠷᠢᠶ᠎ᠠ ᠲᠠᠯᠪᠢᠪᠠ᠃ ᠬᠤᠷᠠᠯ ᠠᠴᠠ᠂ ᠰᠢᠨ᠎ᠡ ᠴᠠᠭ ᠦᠶ᠎ᠡ ᠶᠢᠨ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠠᠵᠢᠯ ᠢ ᠴᠢᠩᠭᠠᠳᠬᠠᠬᠤ ᠳᠤ ᠬᠦᠨᠳᠦ ᠡᠭᠦᠷᠭᠡ ᠶᠢ ᠡᠭᠦᠷᠭᠡᠯᠡᠵᠦ᠂ ᠡᠭᠦᠷᠭᠡ ᠦᠩᠬᠡ ᠬᠡᠷᠡᠯᠳᠡᠢ ᠶᠤᠮ᠃ ᠴᠡᠷᠢᠭ ᠠᠩᠭᠢ ᠪᠠ ᠣᠷᠣᠨ ᠨᠤᠲᠤᠭ ᠤᠨ ᠡᠯ᠎ᠡ ᠱᠠᠲᠤᠨ ᠤ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠪᠥᠬᠦ ᠲᠠᠯ᠎ᠠ ᠪᠠᠷ ᠰᠤᠷᠤᠯᠴᠠᠨ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠠᠶᠢᠮᠠᠭ ᠤᠨ ᠨᠠᠮ ᠤᠨ ᠬᠤᠷᠢᠶ᠎ᠠ ᠶᠢᠨ ᠴᠡᠷᠢᠭ ᠤᠨ ᠶᠠᠪᠤᠳᠠᠯ ᠢ ᠵᠥᠪᠯᠡᠬᠦ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠠᠵᠢᠯ ᠤᠨ ᠰᠢᠨ᠎ᠡ ᠠᠷᠭ᠎ᠠ ᠵᠠᠮ ᠢ ᠢᠳᠡᠪᠬᠢᠲᠡᠶ ᠰᠦᠪᠡᠭᠴᠢᠯᠡᠵᠦ᠂ ᠪᠥᠬᠦ ᠬᠤᠰᠢᠭᠤᠨ ᠤ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠠᠵᠢᠯ ᠢ ᠳᠠᠬᠢᠨ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠶᠢᠭᠤᠯᠬᠤ ᠳᠤ ᠨᠠᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠡᠶ᠃      12 ᠰᠠᠷ᠎ᠠ ᠶᠢᠨ 18᠎ ᠤ ᠡᠳᠦᠷ   ᠬᠤᠰᠢᠭᠤ ᠨᠠᠮ ᠤᠨ ᠬᠤᠷᠢᠶᠠᠨ ᠤ ᠱᠦᠵᠢ ᠵᠧᠤ ᠢᠦᠶ ᠯᠦᠩ ᠠᠷᠪᠠᠨ ᠳᠥᠷᠪᠡᠳᠦᠭᠡᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ 78 ᠳ᠋ᠤᠭᠠᠷ ︵2024 ᠣᠨ ᠤ 30 ᠳ᠋ᠤᠭᠠᠷ ᠤᠳᠠᠭ᠎ᠠ︶᠎ ᠤᠨ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠬᠤᠰᠢᠭᠤᠨ ᠤ ᠬᠠᠮᠢᠶ᠎ᠠ ᠪᠥᠬᠦᠶ ᠠᠵᠢᠯ ᠥᠷᠨᠢᠭᠦᠯᠦᠭᠰᠡᠨ ᠪᠠᠶᠢᠳᠠᠯ ᠢ ᠰᠣᠨᠣᠰᠤᠭᠰᠠᠨ ᠪᠥᠭᠡᠳ ᠪᠣᠳᠠᠲᠠᠶ ᠠᠵᠢᠯ ᠤᠨ ᠱᠠᠭᠠᠷᠳᠠᠯᠭ᠎ᠠ ᠳᠤᠷᠠᠳᠪᠠ᠃ ᠬᠤᠷᠠᠯ ᠠᠴᠠ᠂ ᠠᠵᠤ ᠠᠬᠤᠢ ᠶᠢᠨ ᠠᠵᠢᠯᠯᠠᠭᠠᠨ ᠤ ᠡᠯ᠎ᠡ ᠵᠦᠢᠯ ᠤᠨ ᠠᠵᠢᠯ ᠢ ᠪᠣᠳᠠᠲᠠᠢ ᠠᠳᠬᠤᠨ ᠰᠠᠶᠢᠲᠤᠷ ᠠᠳᠬᠤᠵᠤ᠂ ᠪᠦᠬᠦ ᠵᠢᠯ ᠤᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠶᠠᠰᠤ ᠴᠢᠨᠠᠷ ᠲᠤᠭ᠎ᠠ ᠬᠡᠮᠵᠢᠶ᠎ᠡ ᠶᠢ ᠪᠠᠲᠤᠯᠠᠨ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠰᠢᠨ᠎ᠡ ᠴᠠᠭ ᠦᠶ᠎ᠡ ᠶᠢᠨ ᠨᠠᠮ ᠤᠨ ᠣᠯᠠᠨ ᠲᠦᠮᠡᠨᠴᠢ ᠱᠤᠭᠤᠮ ᠢᠶᠠᠷ ᠰᠠᠶᠢᠲᠤᠷ ᠵᠠᠮᠨᠠᠬᠤ ᠶᠢ ᠪᠠᠷᠢᠮᠲᠠᠯᠠᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠪᠦᠯᠬᠦᠮᠳᠡᠨ ᠲᠡᠮᠡᠴᠡᠵᠦ᠂ ᠴᠢᠨᠠᠷ ᠰᠠᠶᠢᠲᠠᠶ ᠨᠠᠮ ᠤᠨ ᠪᠠᠶᠢᠭᠤᠯᠤᠯᠲᠠ ᠶᠢᠨ ᠠᠵᠢᠯ ᠢᠶᠠᠷ ᠥᠭᠡᠷᠡᠴᠢᠯᠡᠯᠲᠡ ᠬᠥᠭᠵᠢᠯᠲᠡ ᠶᠢᠨ ᠡᠭᠦᠷᠭᠡ ᠶᠢ ᠨᠠᠶᠢᠳᠠᠪᠤᠷᠢᠵᠢᠭᠤᠯᠬᠤ ᠶᠢ ᠬᠥᠲᠥᠯᠥᠨ ᠳᠠᠭᠠᠭᠤᠯᠵᠤ᠂ ᠰᠢᠨ᠎ᠡ ᠴᠠᠭ ᠦᠶ᠎ᠡ ᠶᠢᠨ ᠵᠡᠭᠦᠨ ᠦᠵᠦᠮᠦᠴᠢᠨ ᠬᠤᠰᠢᠭᠤᠨ ᠤ ᠨᠡᠶᠢᠭᠡᠮ ᠤᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠶ ᠭᠡᠵᠡᠢ᠃ ᠣᠳᠣᠬᠠᠨ ᠤ ᠬᠥᠮᠦᠨ ᠠᠮᠠ ᠶᠢᠨ ᠬᠥᠭᠵᠢᠯᠲᠡ ᠶᠢᠨ ᠰᠢᠨ᠎ᠡ ᠪᠠᠶᠢᠳᠠᠯ ᠰᠢᠨ᠎ᠡ ᠬᠠᠨᠳᠤᠰᠢ ᠰᠢᠨ᠎ᠡ ᠣᠨᠴᠠᠯᠢᠭ ᠢ ᠣᠨᠣᠪᠴᠢᠲᠠᠶ ᠡᠵᠡᠮᠳᠡᠵᠦ᠂ ᠲᠥᠷᠥ ᠶᠢᠨ ᠪᠣᠳᠣᠯᠭ᠎ᠠ ᠶᠢᠨ ᠬᠠᠩᠭᠠᠯᠭ᠎ᠠ ᠶᠢ ᠬᠠᠨᠳᠤᠯᠭᠠᠲᠤ ᠴᠢᠨᠠᠷᠲᠠᠶ ᠪᠠᠷ ᠰᠢᠯᠢᠳᠡᠭᠵᠢᠭᠦᠯᠵᠦ᠂ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ᠂ ᠴᠢᠳᠠᠪᠤᠷᠢᠲᠠᠨ ᠤ ᠦᠢᠯᠡᠴᠢᠯᠡᠭᠡᠨ ᠤ ᠪᠠᠲᠤᠯᠠᠭ᠎ᠠ ᠵᠡᠷᠭᠡ ᠡᠯ᠎ᠡ ᠵᠦᠢᠯ ᠤᠨ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠰᠤᠷᠭᠠᠨ ᠬᠥᠮᠦᠵᠢᠯ᠂ ᠡᠮ ᠡᠮᠨᠡᠯᠭᠡ᠂ ᠠᠵᠢᠯ ᠣᠯᠭᠤᠯᠲᠠ ᠵᠡᠷᠭᠡ ᠬᠦᠷᠢᠶᠡᠨ ᠳᠠᠬᠢ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠦᠷᠭᠦᠯᠵᠢᠯᠡᠨ ᠰᠠᠶᠢᠲᠤᠷ ᠠᠳᠬᠤᠵᠤ᠂ ᠦᠢᠯᠡᠴᠢᠯᠡᠭᠡᠨ ᠤ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠥᠮᠦᠨ ᠠᠮᠠ ᠶᠢᠨ ᠴᠢᠨᠠᠷ ᠰᠠᠶᠢᠲᠠᠶ ᠬᠥᠭᠵᠢᠯᠲᠡ ᠳᠤ ᠦᠨᠡᠨ ᠬᠦ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠶ᠃      12 ᠰᠠᠷ᠎ᠠ ᠶᠢᠨ 19᠎ ᠤ ᠡᠳᠦᠷ   ᠬᠤᠰᠢᠭᠤ ᠨᠠᠮ ᠤᠨ ᠬᠤᠷᠢᠶᠠᠨ ᠤ ᠱᠦᠵᠢ ᠵᠧᠦ ᠢᠦᠢ ᠯᠦᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠡᠭᠦᠨ ᠦᠵᠦᠮᠦᠴᠢᠨ ᠬᠤᠰᠢᠭᠤᠨ ᠤ ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ 13 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠭᠡᠰᠢᠭᠦᠳ ᠬᠤᠷᠠᠯ ᠳᠤ ᠣᠷᠣᠯᠴᠠᠵᠠᠶ᠃ ᠬᠤᠷᠠᠯ ᠠᠴᠠ᠂ ᠠᠵᠤ ᠠᠬᠤᠢ ᠶᠢᠨ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ᠂ ᠠᠵᠢᠯᠯᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠢᠲᠡᠭᠡᠯ ᠵᠣᠷᠢᠭ ᠢᠶᠠᠨ ᠨᠡᠮᠡᠭᠳᠡᠭᠦᠯᠵᠦ᠂ ᠬᠦᠴᠢᠷ ᠢ ᠰᠦᠷᠦᠨ ᠤᠷᠤᠭᠰᠢᠯᠠᠵᠤ᠂ ᠬᠦᠴᠦᠯᠡᠨ ᠴᠢᠷᠮᠠᠶᠢᠵᠤ ᠦᠢᠯᠡᠰ ᠪᠦᠲᠦᠭᠡᠵᠦ᠂ ᠨᠠᠮ ᠤᠨ ᠲᠥᠪ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠤᠳᠤᠷᠢᠳᠬᠤ ᠺᠠᠳ᠋ᠷᠴᠤᠳ ᠥᠭᠡᠷᠡᠴᠢᠯᠡᠯᠲᠡ ᠶᠢ ᠠᠬᠢᠭᠤᠯᠬᠤ ᠴᠢᠬᠤᠯᠠ ᠲᠤᠰᠢᠶᠠᠯ ᠬᠠᠷᠢᠭᠤᠴᠠᠯᠭ᠎ᠠ ᠪᠠᠨ ᠡᠭᠦᠷᠭᠡᠯᠡᠵᠦ᠂ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠵᠤ᠂ ᠢᠳᠡᠪᠬᠢ ᠬᠦᠴᠦᠨ ᠵᠦᠢᠯ ᠢ ᠭᠦᠢᠴᠡᠳ ᠳᠠᠶᠢᠴᠢᠯᠠᠨ ᠥᠭᠡᠷᠡᠴᠢᠯᠡᠯᠲᠡ ᠶᠢ ᠠᠬᠢᠭᠤᠯᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠶᠠᠪᠤᠳᠠᠯ ᠢ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠤ ᠠᠵᠢᠯ ᠤᠨ ᠭᠤᠣᠯ ᠱᠤᠭᠤᠮ ᠪᠣᠯᠭᠠᠬᠤ ᠶᠢ ᠪᠠᠷᠢᠮᠲᠠᠯᠠᠵᠤ᠂ ᠤᠯᠤᠰ ᠤᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠶᠢ ᠬᠢᠯᠢ ᠬᠢᠵᠠᠭᠠᠷ ᠤᠨ ᠵᠠᠰᠠᠯᠲᠠ ᠶᠢᠨ ᠬᠤᠷᠢᠭ᠎ᠠ ᠱᠤᠭᠤᠮ ᠤᠨ ᠱᠠᠭᠠᠷᠳᠠᠯᠭ᠎ᠠ ᠪᠣᠯᠭᠠᠬᠤ ᠶᠢ ᠪᠠᠷᠢᠮᠲᠠᠯᠠᠬᠤ ᠬᠡᠷᠡᠭᠲᠡᠢ᠃ ᠤᠮᠠᠷᠠᠲᠤ ᠬᠢᠯᠢ ᠶᠢᠨ ᠰᠣᠶᠣᠯ ᠤᠨ ᠰᠤᠳᠤᠯᠭᠠᠨ ᠢ ᠭᠦᠨᠵᠡᠭᠡᠢ ᠪᠣᠳᠠᠲᠠᠢ ᠬᠢᠵᠦ᠂ ᠤᠳᠬ᠎ᠠ ᠤᠷᠠᠯᠢᠭ ᠤᠨ ᠰᠣᠳᠣᠨ ᠪᠦᠲᠦᠭᠡᠯ ᠢ ᠵᠣᠬᠢᠶᠠᠨ ᠪᠦᠲᠦᠭᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠤᠮᠠᠷᠠᠲᠤ ᠬᠢᠯᠢ ᠶᠢᠨ ᠰᠣᠶᠣᠯ ᠤᠨ ᠦᠵᠡᠭᠦᠯᠭᠡ ᠶᠢ ᠢᠳᠡᠪᠬᠢᠲᠡᠢ ᠥᠷᠨᠢᠭᠦᠯᠵᠦ᠂ ᠤᠮᠠᠷᠠᠲᠤ ᠬᠢᠯᠢ ᠶᠢᠨ ᠰᠣᠶᠣᠯ ᠤᠨ ᠲᠦᠷᠦᠯ ᠲᠡᠮᠳᠡᠭ ᠢ ᠦᠷᠭᠦᠯᠵᠢᠯᠡᠨ ᠭᠡᠷᠡᠯᠳᠦᠬᠦᠯᠬᠦ ᠬᠡᠷᠡᠭᠲᠡᠢ᠃ ᠦᠨᠳᠦᠰᠦᠲᠡᠨ ᠤ ᠪᠦᠯᠬᠦᠮᠳᠡᠯ ᠪᠣᠯ ᠮᠠᠨ ᠤ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠠᠮᠢᠨ ᠰᠤᠳᠠᠰᠤ ᠮᠥᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠦᠨᠳᠦᠰᠦᠨ ᠴᠢᠭᠯᠡᠯ ᠪᠣᠯᠭᠠᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠴᠢᠩᠭᠠᠳᠬᠠᠬᠤ ᠪᠠᠷ ᠦᠨᠳᠦᠰᠦᠨ ᠠᠷᠭ᠎ᠠ ᠵᠠᠮ ᠪᠣᠯᠭᠠᠵᠤ᠂ ︽ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠦᠨ ᠮᠡᠲᠦ ᠳᠣᠲᠣᠨᠣ ᠪᠠᠶᠢᠵᠤ᠂ ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠶᠢ ᠬᠠᠮᠲᠤᠪᠠᠷ ᠲᠡᠷᠭᠡᠯᠰᠢᠭᠦᠯᠬᠦ︾᠎ ᠪᠠᠷ ᠶᠡᠷᠦᠩᠬᠡᠢ ᠬᠠᠷᠠᠯᠲᠠ ᠪᠣᠯᠭᠠᠵᠤ᠂ ᠬᠠᠮᠲᠤᠪᠠᠷ ᠪᠦᠯᠬᠦᠮᠳᠡᠨ ᠲᠡᠮᠡᠴᠡᠵᠦ᠂ ᠬᠠᠮᠲᠤᠪᠠᠷ ᠴᠡᠴᠡᠭᠯᠡᠨ ᠬᠥᠭᠵᠢᠬᠦ ᠬᠡᠷᠡᠭᠲᠡᠢ᠃      12 ᠰᠠᠷ᠎ᠠ ᠶᠢᠨ 20᠎ ᠤ ᠡᠳᠦᠷ   ᠪᠡᠭᠡᠵᠢᠩ ᠬᠤᠲᠠ ᠶᠢᠨ ᠸᠠᠩ ᠹᠦ᠋ ᠵᠢᠩ ᠶᠠᠪᠠᠭᠠᠨ ᠵᠡᠭᠡᠯᠢ ᠳᠤ ᠨᠢᠭᠡᠨ ᠴᠡᠪᠡᠷ ᠴᠠᠭᠠᠨ ᠮᠣᠩᠭᠤᠯ ᠭᠡᠷ ᠰᠦᠨᠳᠡᠷᠯᠡᠵᠦ᠂ ᠳᠣᠲᠣᠷ᠎ᠠ ᠨᠢ ᠤᠶᠠᠩᠭᠠᠲᠤ ᠳᠠᠭᠤᠤ ᠪᠠ ᠢᠨᠢᠶᠡᠯᠴᠡᠬᠦ ᠳᠠᠭᠤᠨ ᠭᠠᠷᠤᠨ᠎ᠠ᠃ ᠦᠵᠡᠰᠬᠦᠯᠡᠩᠲᠦ ᠰᠠᠶᠢᠬᠠᠨ ᠬᠤᠪᠴᠠᠰᠤ ᠡᠮᠦᠰᠦᠭᠰᠡᠨ ᠤᠯᠠᠭᠠᠨᠮᠥ᠋ᠴᠢᠷ ᠤᠨ ᠲᠣᠭᠯᠠᠭᠴᠢᠳ ᠳᠠᠭᠤᠯᠠᠨ ᠪᠥᠵᠢᠭᠯᠡᠵᠦ᠂ ᠬᠥᠮᠦᠰ ᠲᠤ ᠭᠤᠶᠢᠳᠠ ᠰᠠᠶᠢᠬᠠᠨ ᠲᠣᠭᠯᠠᠯᠲᠠ ᠠᠪᠴᠢᠷᠠᠵᠤ ᠥᠭᠪᠡ᠃ ᠵᠤᠭᠠᠴᠠᠭᠰᠠᠳ ᠬᠤᠲᠠ ᠶᠢᠨ ᠠᠷᠠᠳ ᠲᠠᠢ ᠰᠦᠯᠵᠢᠯᠳᠦᠵᠦ᠂ ᠥᠪᠥᠷ ᠮᠣᠩᠭᠤᠯ ᠤᠨ ᠰᠢᠯᠢ ᠶᠢᠨ ᠭᠤᠣᠯ ᠠᠶᠢᠮᠠᠭ ᠤᠨ ᠵᠡᠭᠦᠨ ᠦᠵᠦᠮᠦᠴᠢᠨ ᠬᠤᠰᠢᠭᠤᠨ ᠤ ᠣᠨᠴᠠᠯᠢᠭᠲᠤ ᠠᠮᠲᠠᠲᠤ ᠢᠳᠡᠭᠡᠨ - ᠦᠵᠦᠮᠦᠴᠢᠨ ᠬᠤᠨᠢᠨ ᠮᠢᠬ᠎ᠠ ᠶᠢ ᠠᠮᠲᠠᠯᠠᠵᠤ᠂ ᠪᠠᠰᠠ ᠪᠠᠶᠢᠨ ᠪᠠᠶᠢᠨ ᠭᠡᠷᠡᠯ ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠪᠡ᠃ ᠭᠡᠷ᠎ᠡ ᠲᠣᠭᠲᠠᠬᠤ ᠶᠣᠰᠣᠯᠠᠯ ᠳᠡᠭᠡᠷ᠎ᠡ᠂ ᠲᠤᠬᠠᠶ ᠶᠢᠨ ᠭᠠᠵᠠᠷ ᠤᠨ ᠵᠠᠰᠠᠭ ᠤᠨ ᠣᠷᠳᠣᠨ ᠪᠣᠯᠤᠨ ᠪᠡᠭᠡᠵᠢᠩ ᠳᠤ ᠬᠤᠷᠰᠢᠭᠰᠠᠨ ᠠᠵᠤ ᠠᠬᠤᠶᠢᠯᠠᠯ ᠪᠠᠰᠠ ︽ᠪᠡᠭᠡᠵᠢᠩ ᠥᠪᠥᠷ ᠮᠣᠩᠭᠤᠯ ᠤᠨ ᠬᠤᠨᠢᠨ ᠤ ᠦᠢᠯᠡᠰ ᠤᠨ ᠬᠡᠯᠬᠢᠶᠡᠵᠢᠭᠰᠡᠨ ᠮᠠᠯ ᠤᠨ ᠠᠰᠢᠭ ᠰᠢᠮ᠎ᠡ ᠶᠢᠨ ᠬᠠᠮᠵᠢᠯᠴᠠᠭᠠᠨ ᠤ ᠴᠣᠭᠴᠠ︾ ᠪᠠᠶᠢᠭᠤᠯᠵᠤ᠂ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠴᠢᠩᠭᠠᠳᠬᠠᠬᠤ ᠪᠠᠷ ᠳᠠᠮᠵᠢᠭᠤᠯᠤᠨ᠂ ᠠᠵᠤ ᠦᠢᠯᠡᠰ ᠤᠨ ᠳᠡᠭᠡᠭᠰᠢᠯᠡᠯᠲᠡ ᠠᠴᠠ ᠨᠠᠷᠠᠲᠤ ᠲᠡᠮᠳᠡᠭᠲᠦ ᠶᠢ ᠨᠠᠶᠢᠳᠠᠪᠤᠷᠢᠵᠢᠭᠤᠯᠬᠤ ᠬᠦᠷᠲᠡᠯᠡᠬᠢ ᠪᠦᠷᠢᠨ ᠪᠦᠲᠦᠨ ᠵᠠᠮ ᠢ ᠨᠡᠪᠲᠡᠷᠡᠭᠦᠯᠵᠦ᠂ ᠠᠷᠠᠳ ᠣᠯᠠᠨ ᠤ ᠢᠳᠡᠰᠢᠨ ᠨᠣᠭᠤᠭ᠎ᠠ ᠶᠢᠨ ᠬᠠᠩᠭᠠᠯᠭ᠎ᠠ ᠶᠢ ᠦᠨᠡᠨ ᠬᠦ ᠪᠠᠲᠤᠯᠠᠪᠠ᠃ ᠪᠡᠭᠡᠵᠢᠩ ᠤᠨ ᠵᠢᠩ ᠼᠢ ᠶᠠᠨ ᠰᠢᠨ ᠢᠳᠡᠭᠡᠨ ᠤᠮᠳᠠᠭᠠᠨ ᠤ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠼᠤᠤ ᠰᠢ ᠲᠠᠩ᠂ ᠵᠡᠭᠦᠨ ᠦᠵᠦᠮᠦᠴᠢᠨ ᠬᠤᠰᠢᠭᠤᠨ ᠤ ᠲᠤᠬᠠᠶ ᠶᠢᠨ ᠭᠠᠵᠠᠷ ᠤᠨ ᠠᠵᠤ ᠠᠬᠤᠶᠢᠯᠠᠯ ᠠᠴᠠ ᠦᠵᠦᠮᠦᠴᠢᠨ ᠬᠤᠨᠢ ᠬᠤᠳᠠᠯᠳᠤᠨ ᠠᠪᠣᠭᠰᠠᠭᠠᠷ ᠢᠷᠡᠵᠡᠶ᠂ ᠥᠩᠭᠡᠷᠡᠭᠰᠡᠨ ᠳᠤ ᠬᠤᠨᠢᠨ ᠮᠢᠬᠠᠨ ᠤ ᠦᠨ᠎ᠡ ᠪᠠᠶᠢᠩᠭᠤ ᠬᠡᠯᠪᠡᠯᠵᠡᠳᠡᠭ᠂ ᠣᠲᠣ ᠬᠤᠨᠢᠨ ᠤ ᠢᠷᠡᠯᠲᠡ ᠶᠢ ᠤᠷᠢᠳᠴᠢᠯᠠᠨ ᠲᠣᠭᠲᠠᠭᠠᠵᠤ᠂ ᠲᠣᠭᠲᠠᠭᠤᠨ ᠬᠠᠩᠭᠠᠯᠭ᠎ᠠ ᠶᠢ ᠦᠨᠡᠨ ᠬᠦ ᠪᠠᠲᠤᠯᠠᠵᠤ᠂ ᠠᠵᠤ ᠠᠬᠤᠶᠢᠯᠠᠯ ᠪᠠ ᠮᠠᠯᠴᠢᠳ ᠲᠤ ᠠᠪᠴᠤ ᠬᠡᠯᠡᠪᠡᠯ ᠬᠤᠤᠰ ᠠᠮᠵᠢᠯᠲᠠ ᠪᠣᠯᠤᠨ᠎ᠠ᠃      12 ᠰᠠᠷ᠎ᠠ ᠶᠢᠨ 23᠎ ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠵᠧᠦ ᠢᠦᠢ ᠯᠦᠩ ᠵᠡᠭᠦᠨ ᠬᠠᠲᠠᠪᠴᠢ ᠪᠣᠭᠤᠮᠲᠠ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ᠃ ᠬᠤᠰᠢᠭᠤᠨ ᠤ ᠪᠣᠭᠤᠮᠲᠠ ᠶᠢᠨ ᠵᠥᠪᠯᠡᠯ᠂ ᠪᠣᠭᠤᠮᠲᠠ᠂ ᠵᠡᠭᠦᠨ ᠬᠠᠲᠠᠪᠴᠢ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ ᠵᠡᠷᠭᠡ ᠰᠠᠯᠠᠭ᠎ᠠ ᠮᠥᠴᠢᠷ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃ ᠵᠧᠦ ᠢᠦᠢ ᠯᠦᠩᠴᠢᠬᠤᠯᠠᠴᠢᠯᠠᠬᠤ ᠳᠠᠭᠠᠨ᠂ ᠤᠯᠤᠰ ᠤᠨ ᠬᠢᠯᠢ ᠳᠠᠭᠠᠤ ᠨᠡᠭᠡᠭᠡᠯᠲᠡ ᠬᠢᠬᠦ ᠶᠢ ᠥᠷᠭᠡᠳᠬᠡᠬᠦ ᠪᠠ ᠥᠪᠡᠷᠲᠡᠭᠡᠨ ᠵᠠᠰᠠᠬᠤ ᠣᠷᠣᠨ ᠤ ᠤᠮᠠᠷᠠᠰᠢ ᠨᠡᠭᠡᠭᠡᠯᠲᠡ ᠬᠢᠬᠦ ᠪᠠᠶᠢᠯᠳᠤᠬᠤ ᠪᠣᠳᠣᠯᠭ᠎ᠠ ᠶᠢᠨ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠴᠢᠩᠭ᠎ᠠ ᠠᠳᠬᠤᠵᠤ᠂ ︽ᠲᠠᠪᠤᠨ ᠶᠡᠭᠡ ᠡᠭᠦᠷᠭᠡ︾᠎ ᠪᠠᠷ ᠶᠡᠷᠦᠩᠬᠡᠶᠢᠯᠡᠨ ᠵᠢᠯᠣᠭᠤᠳᠤᠭᠤᠯᠵᠤ᠂ ᠣᠶᠤᠨᠴᠢ ᠪᠣᠭᠤᠮᠲᠠ᠂ ᠬᠢᠯᠢ ᠠᠯᠤᠰᠯᠠᠭᠰᠠᠨ ᠠᠯᠤᠰ ᠡᠵᠡᠮᠰᠢᠯᠲᠦ ᠲᠡᠭᠡᠭᠡᠪᠦᠷᠢ ᠵᠡᠷᠭᠡ ᠬᠤᠯᠪᠣᠯᠳᠤᠨ ᠨᠡᠪᠲᠡᠷᠡᠯᠴᠡᠬᠦ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠴᠢᠩᠭ᠎ᠠ ᠠᠳᠬᠤᠵᠤ᠂ ᠪᠣᠭᠤᠮᠲᠠ ᠪᠠᠷ ᠥᠩᠭᠡᠷᠡᠬᠦ ᠴᠤᠪᠤᠷᠠᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠪᠠᠷᠠᠭᠠᠨ ᠤ ᠭᠦᠢᠯᠭᠡᠭᠡᠨ ᠤ ᠥᠪᠡᠷ ᠤᠨ ᠥᠷᠲᠡᠭ ᠢ ᠪᠠᠭᠤᠷᠠᠭᠤᠯᠵᠤ᠂ ᠬᠢᠯᠢ ᠠᠯᠤᠰᠯᠠᠭᠰᠠᠨ ᠠᠷᠠᠯᠵᠢᠶᠠᠨ ᠤ ᠳᠥᠭᠦᠮᠴᠢᠯᠡᠯᠲᠡ ᠪᠠ ᠪᠣᠭᠤᠮᠲᠠ ᠶᠢᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠬᠦ ᠬᠡᠷᠡᠭᠲᠡᠶ᠃ ᠪᠣᠭᠤᠮᠲᠠ ᠶᠢᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠪᠣᠭᠤᠮᠲᠠ ᠶᠢᠨ ᠪᠠᠷᠠᠭᠠᠨ ᠤ ᠭᠦᠢᠯᠭᠡᠭᠡᠨ ᠤ ᠬᠥᠮᠥᠷᠭᠡᠯᠡᠨ ᠬᠠᠳᠠᠭᠠᠯᠠᠬᠤ ᠴᠢᠳᠠᠪᠤᠷᠢ᠂ ᠪᠣᠭᠤᠮᠲᠠ ᠶᠢᠨ ᠡᠳ᠋ ᠪᠠᠷᠠᠭ᠎ᠠ ᠣᠷᠣᠭᠤᠯᠵᠤ ᠭᠠᠷᠭᠠᠬᠤ ᠴᠢᠳᠠᠪᠤᠷᠢ ᠵᠢᠴᠢ ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠵᠦ᠂ ᠪᠣᠭᠤᠮᠲᠠ ᠶᠢᠨ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠶ᠃ ᠪᠣᠭᠤᠮᠲᠠ ᠶᠢᠨ ᠭᠠᠳᠠᠭᠠᠳᠤ ᠠᠴᠠ ᠣᠷᠣᠭᠤᠯᠬᠤ ᠲᠠᠸᠠᠷ ᠤᠨ ᠲᠦᠷᠦᠯ ᠵᠦᠢᠯ ᠢ ᠤᠯᠠᠮ ᠴᠢᠨᠠᠭᠰᠢᠳᠠ ᠥᠷᠭᠡᠳᠬᠡᠵᠦ᠂ ᠪᠣᠳᠠᠲᠠᠢ ᠭᠠᠵᠠᠷ ᠲᠤᠨᠢ ᠡᠳ᠋ᠰᠢᠭᠦᠯᠬᠦ᠂ ᠭᠠᠶᠢᠯᠢ ᠪᠠᠲᠤᠯᠠᠬᠤ ᠪᠠᠷᠠᠭᠠᠨ ᠤ ᠭᠦᠢᠯᠭᠡᠭᠡ ᠵᠡᠷᠭᠡ ᠭᠠᠳᠠᠭᠰᠢ ᠴᠢᠭᠯᠡᠭᠦᠯᠦᠭᠰᠡᠨ ᠠᠵᠤ ᠠᠬᠤᠶᠢᠯᠠᠯ ᠢ ᠭᠤᠣᠯᠳᠠᠯᠭ᠎ᠠ ᠲᠠᠢ ᠪᠤᠶᠢᠵᠢᠭᠤᠯᠵᠤ᠂ ᠪᠣᠭᠤᠮᠲᠠ ᠶᠢᠨ ︽ᠵᠠᠮ ᠥᠩᠭᠡᠷᠡᠬᠦ ᠠᠵᠤ ᠠᠬᠤᠢ︾᠎ ᠠᠴᠠ ︽ᠨᠠᠶᠢᠳᠠᠪᠤᠷᠢᠵᠢᠭᠰᠠᠨ ᠠᠵᠤ ᠠᠬᠤᠢ︾ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠪᠣᠭᠤᠮᠲᠠ ᠶᠢᠨ ᠳᠠᠪᠠᠭᠤᠯᠢᠭ ᠢ ᠦᠨᠡᠨᠬᠦ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠬᠡᠷᠡᠭᠲᠡᠢ᠃      12 ᠰᠠᠷ᠎ᠠ ᠶᠢᠨ 25᠎ ᠤ ᠡᠳᠦᠷ ᠠᠴᠠ 26᠎ ᠤ ᠡᠳᠦᠷ ᠪᠣᠯᠲᠠᠯ᠎ᠠ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠣᠷᠣᠯᠠᠭᠴᠢ ᠬᠤᠰᠢᠭᠤᠨ ᠳᠠᠷᠤᠭ᠎ᠠ ᠴᠠᠩ ᠱᠧᠩ ᠠᠭᠤᠷᠬᠠᠶ ᠶᠢᠨ ᠠᠵᠤ ᠠᠬᠤᠶᠢᠯᠠᠯ ᠪᠠ ᠵᠡᠭᠦᠨ ᠬᠡᠰᠡᠭ ᠤᠨ ᠰᠤᠮᠤ ᠪᠠᠯᠭᠠᠰᠤᠨ ᠳᠤ ᠭᠦᠨᠵᠡᠭᠡᠶᠢᠷᠡᠨ ᠠᠭᠤᠷᠬᠠᠶ ᠶᠢᠨ ᠠᠵᠤ ᠠᠬᠤᠶᠢᠯᠠᠯ ᠤᠨ ᠠᠵᠢᠯᠯᠠᠭᠠᠨ ᠵᠢᠴᠢ ᠠᠶᠤᠯᠭᠦᠶ ᠦᠢᠯᠡᠳᠪᠦᠷᠢᠯᠡᠯ ᠪᠠ ᠮᠠᠯᠵᠢᠬᠤ ᠣᠷᠣᠨ ᠤ ᠡᠪᠦᠯ ᠤᠨ ᠤᠯᠠᠷᠢᠯ ᠤᠨ ᠮᠠᠯ ᠠᠵᠤ ᠠᠬᠤᠶ ᠶᠢᠨ ᠦᠢᠯᠡᠳᠪᠦᠷᠢᠯᠡᠯ ᠠᠮᠢᠳᠤᠷᠠᠯ ᠵᠡᠷᠭᠡ ᠪᠠᠶᠢᠳᠠᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠵᠦ ᠬᠢᠨᠠᠨ ᠵᠢᠯᠣᠭᠤᠳᠪᠠ᠃ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠪᠠᠭᠠᠲᠤᠷ᠂ ᠬᠤᠰᠢᠭᠤ ᠵᠠᠰᠠᠭ ᠤᠨ ᠣᠷᠳᠣᠨ ᠤ ᠳᠡᠳ᠋ ᠳᠠᠷᠤᠭ᠎ᠠ ᠰᠡᠴᠡᠨ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃ ᠰᠠᠮᠠᠢ ᠰᠤᠮᠤ᠂ ᠭᠠᠬᠢᠯ ᠰᠤᠮᠤ᠂ ᠮᠠᠨᠳᠣᠬᠤᠪᠤᠯᠠᠭ ᠪᠠᠯᠭᠠᠰᠤ᠂ ᠬᠦᠷᠢᠶᠡᠲᠦᠨᠠᠭᠤᠷ ᠰᠤᠮᠤ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠴᠠᠩ ᠱᠧᠩ ᠨᠡᠷ ᠤᠷᠢᠳ ᠬᠤᠵᠢᠳ ᠡᠯ᠎ᠡ ᠰᠤᠮᠤ ᠪᠠᠯᠭᠠᠰᠤᠨ ᠤ ᠭᠤᠤᠯᠳᠠᠯᠭ᠎ᠠ ᠲᠠᠢ ᠠᠵᠢᠯ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠡᠰᠡᠭ ᠭᠠᠴᠠᠭᠠᠨ ᠤ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ᠂ ᠮᠠᠯᠵᠢᠬᠤ ᠡᠷᠦᠬᠡ ᠳᠤ ᠭᠦᠨᠵᠡᠭᠡᠶᠢᠷᠡᠨ᠂ ᠮᠠᠯᠵᠢᠬᠤ ᠣᠷᠣᠨ ᠤ ᠡᠪᠦᠯ ᠤᠨ ᠤᠯᠠᠷᠢᠯ ᠤᠨ ᠮᠠᠯ ᠠᠵᠤ ᠠᠬᠤᠶ ᠶᠢᠨ ᠦᠢᠯᠡᠳᠪᠦᠷᠢᠯᠡᠯ ᠠᠮᠢᠳᠤᠷᠠᠯ᠂ ᠠᠵᠤ ᠠᠬᠤᠶ ᠶᠢᠨ ᠠᠵᠢᠯᠯᠠᠭᠠᠨ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠴᠠᠩ ᠱᠧᠩ ᠵᠢᠭᠠᠬᠤ ᠳᠠᠭᠠᠨ᠂ ᠵᠡᠭᠦᠨ ᠦᠵᠦᠮᠦᠴᠢᠨ ᠬᠤᠰᠢᠭᠤ ᠪᠣᠯ ᠮᠠᠯ ᠠᠵᠤ ᠠᠬᠤᠢ ᠶᠢᠨ ᠲᠤᠮᠤ ᠬᠤᠰᠢᠭᠤ ᠪᠣᠯᠤᠨ᠎ᠠ᠂ ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠬᠤ ᠶᠢ ᠪᠠᠷᠢᠮᠲᠠᠯᠠᠵᠤ᠂ ᠲᠤᠬᠠᠢ ᠶᠢᠨ ᠭᠠᠵᠠᠷ ᠤᠨ ᠪᠣᠳᠠᠲᠤ ᠪᠠᠶᠢᠳᠠᠯ ᠳᠠᠭᠠᠨ ᠰᠠᠭᠤᠷᠢᠯᠠᠵᠤ᠂ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ᠠᠷᠭ᠎ᠠ ᠵᠠᠮ ᠢ ᠨᠠᠷᠢᠨ ᠨᠢᠮᠪᠠᠢ ᠲᠥᠯᠥᠪᠵᠢᠭᠦᠯᠵᠦ᠂ ᠬᠠᠮᠲᠤ ᠶᠢᠨ ᠠᠵᠤ ᠠᠬᠤᠢ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠦᠷᠭᠦᠯᠵᠢᠯᠡᠨ ᠠᠬᠢᠭᠤᠯᠵᠤ᠂ ᠬᠥᠭᠵᠢᠯᠲᠡ ᠶᠢᠨ ᠦᠷ᠎ᠡ ᠪᠦᠲᠦᠭᠡᠯ ᠢ ᠥᠷᠭᠡᠨ ᠤᠯᠠᠨ ᠮᠠᠯᠴᠢᠳ ᠲᠤ ᠬᠦᠷᠲᠡᠭᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ᠃ ᠦᠢᠯᠡᠴᠢᠯᠡᠭᠡᠨ ᠤ ᠭᠤᠤᠯᠳᠠᠯᠭ᠎ᠠ ᠪᠠᠨ ᠮᠠᠯᠵᠢᠬᠤ ᠣᠷᠣᠨ ᠤ ᠦᠢᠯᠡᠳᠪᠦᠷᠢᠯᠡᠯ ᠠᠮᠢᠳᠤᠷᠠᠯ ᠤᠨ ᠨᠢᠭᠡᠳᠦᠭᠡᠷ ᠹᠷᠣᠨᠲ ᠲᠤ ᠲᠠᠯᠪᠢᠵᠤ᠂ ᠮᠠᠯ ᠠᠵᠤ ᠠᠬᠤᠶ ᠶᠢᠨ ᠠᠵᠢᠯ ᠤᠨ ᠵᠢᠯᠣᠭᠤᠳᠬᠤ ᠡᠷᠴᠢᠮ ᠢᠶᠠᠨ ᠴᠢᠩᠭᠠᠷᠠᠭᠤᠯᠤᠨ᠂ ᠴᠠᠭ ᠠᠭᠤᠷ ᠤᠨ ᠬᠤᠪᠢᠷᠠᠯᠲᠠ ᠶᠢ ᠨᠢᠭᠲᠠ ᠠᠩᠬᠠᠷᠴᠤ᠂ ᠮᠠᠯᠴᠢᠳ ᠤᠨ ᠬᠦᠴᠢᠷᠳᠡᠯ ᠬᠦᠰᠡᠯ ᠱᠠᠭᠠᠷᠳᠠᠯᠭ᠎ᠠ ᠶᠢ ᠴᠠᠭ ᠲᠤᠬᠠᠶ ᠳᠤᠨᠢ ᠰᠢᠢᠳᠪᠦᠷᠢᠯᠡᠨ᠂ ᠮᠠᠯᠴᠢᠳ ᠤᠨ ᠠᠮᠢᠳᠤᠷᠠᠯ ᠤᠨ ᠠᠮᠤᠷ ᠲᠣᠭᠲᠠᠭᠤᠨ᠂ ᠦᠢᠯᠡᠳᠪᠦᠷᠢᠯᠡᠯ ᠤᠨ ᠡᠮᠬᠢ ᠵᠢᠷᠤᠮ ᠲᠠᠢ ᠪᠠᠶᠢᠬᠤ ᠶᠢ ᠪᠥᠬᠦ ᠲᠠᠯ᠎ᠠ ᠪᠠᠷ ᠪᠠᠲᠤᠯᠠᠬᠤ ᠬᠡᠷᠡᠭᠲᠡᠶ᠃      12 ᠰᠠᠷ᠎ᠠ ᠶᠢᠨ 25 — 27᠎ ᠤ ᠡᠳᠦᠷ   ᠬᠤᠰᠢᠭᠤ ᠨᠠᠮ ᠤᠨ ᠬᠤᠷᠢᠶᠠᠨ ᠤ ᠱᠦᠵᠢ ᠵᠧᠦ ᠢᠦᠢ ᠯᠦᠩ ᠪᠦᠯᠬᠦᠮ ᠳᠠᠭᠠᠭᠤᠯᠤᠨ ᠭᠦᠢᠵᠧᠦ᠂ ᠰᠧᠴᠤᠸᠠᠨ ᠵᠡᠷᠭᠡ ᠭᠠᠵᠠᠷ ᠲᠤ ᠬᠦᠷᠴᠦ ᠠᠷᠠᠯᠵᠢᠶᠠᠴᠢᠨ ᠤᠷᠢᠬᠤ ᠶᠢ ᠵᠣᠯᠭᠠᠭᠤᠯᠬᠤ ᠠᠵᠢᠯ ᠥᠷᠨᠢᠭᠦᠯᠵᠦ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤ ᠨᠠᠮ ᠤᠨ ᠬᠤᠷᠢᠶᠠᠨ ᠤ ᠠᠯᠪᠠᠨ ᠬᠡᠷ ᠤᠨ ᠡᠷᠬᠢᠯᠡᠭᠴᠢ ᠳᠠᠶᠢᠴᠢᠨ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠪᠠ᠃      12 ᠰᠠᠷ᠎ᠠ ᠶᠢᠨ 30᠎ ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠵᠧᠤ ᠢᠦᠶ ᠯᠦᠩ ᠠᠷᠪᠠᠨ ᠳᠥᠷᠪᠡᠳᠦᠭᠡᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ 79 ᠳ᠋ᠤᠭᠡᠷ ᠤᠳᠠᠭ᠎ᠠ ᠶᠢᠨ ︵2024 ᠣᠨ ᠤ 31 ᠳ᠋ᠤᠭᠡᠷ ᠤᠳᠠᠭ᠎ᠠ︶ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠶᠢᠰᠦᠳᠦᠭᠡᠷ ᠪᠦᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠢᠷᠡᠬᠦ ᠵᠢᠯ ᠤᠨ ᠠᠵᠤ ᠠᠬᠤᠢ ᠶᠢᠨ ᠠᠵᠢᠯ ᠤᠨ ᠶᠡᠷᠦᠩᠬᠡᠢ ᠱᠠᠭᠠᠷᠳᠠᠯᠭ᠎ᠠ᠂ ᠲᠦᠷᠦ ᠶᠢᠨ ᠪᠤᠳᠤᠯᠭ᠎ᠠ ᠶᠢᠨ ᠤᠳᠤᠷᠢᠳᠤᠮᠵᠢ ᠪᠣᠯᠤᠨ ᠭᠤᠣᠯᠳᠠᠯᠭ᠎ᠠ ᠲᠠᠢ ᠡᠭᠦᠷᠭᠡ ᠶᠢ ᠭᠦᠨᠵᠡᠭᠡᠢ ᠤᠢᠢᠯᠠᠭᠠᠨ ᠣᠨᠣᠪᠴᠢᠲᠠᠢ ᠡᠵᠡᠮᠳᠡᠵᠦ᠂ ᠠᠵᠢᠯ ᠤᠨ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠴᠢᠨᠠᠷ ᠰᠠᠶᠢᠲᠠᠢ ᠬᠥᠭᠵᠢᠯᠲᠡ ᠪᠠᠷ ᠲᠡᠷᠢᠭᠦᠨ ᠴᠢᠬᠤᠯᠠ ᠡᠭᠦᠷᠭᠡ ᠪᠣᠯᠭᠠᠵᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠠᠷ ᠦᠨᠳᠦᠰᠦᠨ ᠵᠣᠷᠢᠯᠭ᠎ᠠ ᠪᠣᠯᠭᠠᠵᠤ᠂ ᠠᠵᠤ ᠠᠬᠤᠢ ᠶᠢᠨ ᠲᠣᠭᠲᠠᠭᠤᠨ ᠤ ᠳᠤᠮᠳᠠ ᠰᠠᠶᠢᠵᠢᠷᠠᠬᠤ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠨᠠᠮ ᠤᠨ ᠤᠯᠤᠰ ᠲᠦᠷᠦ ᠶᠢᠨ ᠪᠠᠶᠢᠭᠤᠯᠤᠯᠲᠠ᠂ ᠦᠵᠡᠯ ᠰᠠᠨᠠᠭᠠᠨ ᠤ ᠪᠠᠶᠢᠭᠤᠯᠤᠯᠲᠠ᠂ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ᠂ ᠰᠠᠬᠢᠯᠭ᠎ᠠ ᠪᠠᠲᠤ ᠣᠪᠣᠷ ᠰᠤᠷᠲᠠᠯ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠲᠦᠷᠢᠮ ᠢ ᠡᠭᠦᠨ ᠳᠤ ᠲᠤᠭᠤᠰᠢᠯᠠᠭᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠦᠬᠦ ᠲᠠᠯ᠎ᠠ ᠪᠠᠷ ᠲᠠᠪᠰᠢᠬᠤ᠂ ᠪᠦᠬᠦ ᠲᠠᠯ᠎ᠠ ᠪᠠᠷ ᠴᠠᠭᠠᠷᠠᠬᠤ ᠶᠢ ᠠᠬᠢᠭᠤᠯᠬᠤ ᠬᠡᠷᠡᠭᠲᠡᠢ᠃ ᠪᠥᠬᠦ ᠣᠷᠣᠨ᠂ ᠪᠥᠬᠦ ᠠᠶᠢᠮᠠᠭ ᠤᠨ ᠰᠤᠷᠭᠠᠨ ᠬᠥᠮᠦᠵᠢᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠳᠣᠣᠱᠯᠠᠭᠤᠯᠵᠦ᠂ ᠰᠤᠷᠭᠠᠨ ᠬᠥᠮᠦᠵᠢᠯ ᠢ ᠤᠷᠢᠳ ᠢᠶᠠᠷ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠡᠷᠡᠰ ᠭᠤᠶᠢᠪᠢᠰᠢ ᠥᠬᠡᠶ           ᠨᠠᠶᠢᠳᠠᠪᠤᠷᠢᠵᠢᠭᠤᠯᠵᠤ᠂ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠡᠷᠭᠢᠯᠡᠬᠦ ᠬᠡᠷᠡᠭᠲᠡᠶ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ︾᠎ ᠶᠢ ᠰᠤᠷᠤᠯᠴᠠᠬᠤ ᠪᠠ ᠴᠢᠨᠠᠷ ᠰᠠᠶᠢᠲᠠᠶ ᠬᠥᠭᠵᠢᠭᠦᠯᠬᠦ ᠶᠢ ᠤᠶᠠᠯᠳᠤᠭᠤᠯᠵᠤ᠂ ᠲᠤᠭ᠎ᠠ ᠪᠦᠷᠢᠳᠬᠡᠯ ᠤᠨ ᠪᠠᠶᠢᠴᠠᠭᠠᠯᠲᠠ ᠪᠠ ᠵᠠᠳᠠᠯᠤᠯᠲᠠ ᠰᠤᠳᠤᠯᠤᠯᠲᠠ ᠶᠢ ᠴᠢᠩᠭᠠᠳᠬᠠᠵᠤ᠂ ᠲᠤᠭ᠎ᠠ ᠪᠠᠷᠢᠮᠲᠠ ᠶᠢᠨ ᠦᠨᠡᠨ ᠪᠣᠳᠠᠲᠠᠶ ᠢᠲᠡᠭᠡᠮᠵᠢ ᠪᠠᠷ ᠬᠤᠰᠢᠭᠤᠨ ᠤ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠰᠢᠨᠵᠢᠯᠡᠬᠦ ᠤᠬᠠᠭᠠᠨᠴᠢ ᠪᠦᠲᠦᠮᠵᠢᠲᠡᠶ ᠯᠠᠪᠯᠠᠯᠲᠠ ᠬᠠᠩᠭᠠᠬᠤ ᠬᠡᠷᠡᠭᠲᠡᠶ᠃      12 ᠰᠠᠷ᠎ᠠ ᠶᠢᠨ 31᠎ ᠤ ᠡᠳᠦᠷ   ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠣᠷᠣᠯᠠᠭᠴᠢ ᠳᠠᠷᠤᠭ᠎ᠠ ᠴᠠᠩ ᠱᠧᠩ ᠬᠤᠰᠢᠭᠤ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ 2024 ᠣᠨ ᠤ ᠠᠷᠪᠠᠨ ᠬᠤᠶᠠᠳᠤᠭᠠᠷ ᠤᠳᠠᠭᠠᠨ ᠤ ᠠᠶᠤᠯᠭᠦᠶ ᠦᠢᠯᠡᠳᠪᠦᠷᠢᠯᠡᠯ ᠤᠨ ᠠᠵᠢᠯ ᠤᠨ ᠵᠤᠷᠰᠢᠯᠲᠤ ᠬᠤᠷᠠᠯ ᠵᠢᠴᠢ ᠪᠥᠬᠦ ᠬᠤᠰᠢᠭᠤᠨ ᠤ ᠵᠢᠯ ᠤᠨ ᠰᠡᠭᠦᠯᠴᠢ ᠵᠢᠯ ᠤᠨ ᠡᠬᠢᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠣᠳᠣᠬᠠᠨ ᠤ ᠠᠶᠤᠯᠭᠦᠢ ᠦᠢᠯᠡᠳᠪᠦᠷᠢᠯᠡᠯ ᠤᠨ ᠬᠦᠨᠳᠦ ᠨᠣᠴᠢᠲᠠᠢ ᠪᠠᠶᠢᠳᠠᠯ ᠢ ᠭᠦᠢᠴᠡᠳ         ᠲᠠᠨᠢᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠲᠠᠢ ᠦᠨᠡᠨ ᠬᠦ ᠨᠢᠭᠡᠳᠬᠡᠵᠦ᠂ ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠢᠮ᠎ᠡ ᠶᠣᠰᠣ ᠶᠢ ᠵᠠᠳᠠᠯᠵᠤ᠂ ᠤᠷᠢᠳᠴᠢᠯᠠᠨ ᠰᠤᠳᠤᠯᠤᠨ ᠮᠠᠭᠠᠳᠯᠠᠵᠤ᠂ ᠠᠰᠠᠭᠤᠳᠠᠯ ᠢ ᠴᠤᠬᠤᠶᠢᠵᠤ ᠪᠠᠶᠢᠭ᠎ᠠ ᠪᠠᠶᠢᠳᠠᠯ ᠳᠤᠨᠢ ᠦᠨᠡᠨ ᠬᠦ ᠰᠢᠢᠳᠪᠦᠷᠢᠯᠡᠬᠦ ᠬᠡᠷᠡᠭᠲᠡᠢ᠃ ᠭᠠᠮᠰᠢᠭ ᠢ ᠰᠡᠷᠭᠡᠶᠢᠯᠡᠨ ᠠᠷᠭᠠᠴᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠨ᠂ ᠵᠠᠮ ᠬᠠᠷᠢᠯᠴᠠᠭ᠎ᠠ ᠴᠠᠬᠢᠯᠭᠠᠨ ᠤ ᠲᠣᠣᠷ ᠤᠨ ᠠᠮᠤᠷ ᠲᠦᠪᠰᠢᠨ ᠢ ᠠᠩᠬᠠᠷᠴᠤ᠂ ᠠᠶᠤᠯ ᠠᠴᠠ ᠠᠪᠤᠷᠠᠨ ᠲᠤᠰᠠᠯᠠᠬᠤ ᠪᠠ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠰᠠᠶᠢᠲᠤᠷ ᠬᠢᠵᠦ᠂ ᠠᠷᠠᠳ ᠤᠯᠠᠨ ᠤ ᠠᠮᠤᠷ ᠲᠦᠪᠰᠢᠨ ᠳᠤᠯᠠᠭᠠᠨ ᠪᠦᠯᠢᠶᠡᠨ ᠡᠪᠦᠯᠵᠢᠬᠦ ᠶᠢ ᠪᠠᠲᠤᠯᠠᠬᠤ ᠬᠡᠷᠡᠭᠲᠡᠢ᠃ ᠭᠤᠣᠯᠳᠠᠯᠭ᠎ᠠ ᠲᠠᠢ ᠬᠦᠷᠢᠶᠡᠨ ᠤ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠤᠯᠠᠨ ᠨᠡᠶᠢᠲᠡ ᠶᠢᠨ ᠲᠠᠯᠠᠪᠤᠷ᠂ ᠠᠭᠤᠷᠬᠠᠢ᠂ ᠠᠶᠤᠯᠲᠠᠢ ᠬᠢᠮᠢ ᠶᠢᠨ ᠪᠣᠳᠠᠰ ᠵᠡᠷᠭᠡ ᠡᠯ᠎ᠡ ᠬᠦᠷᠢᠶᠡᠨ ᠳᠤ ᠭᠡᠮ ᠰᠣᠭᠤᠭ ᠢ ᠵᠢᠭᠰᠠᠭᠠᠨ ᠪᠠᠶᠢᠴᠠᠭᠠᠵᠤ ᠲᠤᠰᠬᠠᠢ ᠴᠡᠭᠴᠡᠯᠡᠨ ᠵᠠᠰᠠᠬᠤ ᠠᠵᠢᠯ ᠪᠣᠯᠤᠨ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠪᠠᠯᠠᠢ ᠣᠷᠣᠨ ᠢ ᠦᠨᠡᠨᠬᠦ ᠠᠷᠢᠯᠭᠠᠬᠤ ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠨ ᠰᠠᠬᠢᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠤᠨ ᠬᠦᠴᠦᠨ ᠢ ᠭᠦᠢᠴᠡᠳ ᠪᠡᠯᠡᠳᠬᠡᠵᠦ᠂ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠲᠡᠭᠦᠯᠳᠡᠷᠵᠢᠭᠦᠯᠵᠦ᠂ ᠮᠡᠳᠡᠭᠡ ᠵᠠᠩᠭᠢ ᠶᠢ ᠬᠢᠨᠠᠨ ᠬᠠᠷᠭᠤᠭᠤᠯᠬᠤ᠂ ᠳᠡᠭᠡᠭᠰᠢ ᠮᠡᠳᠡᠭᠦᠯᠬᠦ ᠵᠡᠷᠭᠡ ᠲᠦᠷᠢᠮ ᠢ ᠰᠠᠶᠢᠲᠤᠷ ᠬᠢᠬᠦ ᠶᠢᠨ ᠬᠠᠮᠲᠤ ᠠᠶᠤᠯᠭᠦᠢ ᠦᠢᠯᠡᠳᠪᠦᠷᠢᠯᠡᠯ ᠤᠨ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠡᠯ᠎ᠡ ᠲᠦᠷᠦᠯ ᠤᠨ ᠭᠡᠨᠡᠳᠲᠡ ᠶᠢᠨ ᠬᠡᠷᠡᠭ ᠢ ᠥᠨᠳᠥᠷ ᠪᠦᠲᠦᠮᠵᠢᠲᠡᠢ ᠠᠷᠭᠠᠴᠠᠬᠤ ᠶᠢ ᠪᠠᠲᠤᠯᠠᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠪᠣᠯᠤᠨ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号