3 ᠰᠠᠷ᠎ᠠ ᠶᠢᠨ 31 ᠤ ᠡᠳᠦᠷ᠂ ᠬᠤᠰᠢᠭᠤ ᠵᠠᠰᠠᠭ ᠤᠨ ᠣᠷᠳᠣᠨ ᠲᠤᠰᠬᠠᠶ ᠰᠡᠳᠦᠪᠲᠦ ᠬᠤᠷᠠᠯ | ᠬᠤᠷᠠᠯᠳᠤᠭᠤᠯᠵᠤ ᠣᠶ ᠰᠢᠭᠤᠶ ᠨᠤᠲᠤᠭ ᠪᠡᠯᠴᠢᠭᠡᠷ ᠤᠨ ᠲᠦᠶᠮᠡᠷ ᠢ ᠰᠡᠷᠭᠡᠶᠢᠯᠡᠨ ᠤᠨᠲᠠᠷᠠᠭᠠᠬᠤ ᠵᠢᠴᠢ ᠬᠠᠪᠤᠷ ᠤᠨ | ᠤᠯᠠᠷᠢᠯ ᠤᠨ ᠪᠡᠯᠴᠢᠭᠡᠷᠯᠡᠭᠦᠯᠬᠦ ᠶᠢ ᠵᠣᠭᠰᠣᠭᠠᠵᠦ ᠪᠡᠯᠴᠢᠭᠡᠷ ᠰᠡᠷᠭᠦᠭᠡᠬᠦ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠴᠠᠩ ᠱᠧᠩ ᠬᠤᠷᠠᠯ ᠳᠤ | ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠪᠠᠶᠢᠩᠭᠤ ᠶᠢᠨ ᠳᠡᠳ᠋ ᠬᠤᠰᠢᠭᠤ ᠳᠠᠷᠤᠭ᠎ᠠ ᠬᠦᠳᠡᠷ ᠬᠤᠷᠠᠯ ᠢ ᠡᠷᠭᠢᠯᠡᠵᠦ᠂ ᠬᠤᠰᠢᠭᠤ ᠤᠳᠤᠷᠢᠳᠤᠯᠭ᠎ᠠ ᠰᠡᠴᠡᠨ᠂ ᠺᠧ | ᠰᠢᠶᠤᠤ ᠮᠢᠩ᠂ ᠵᠠᠩ ᠲᠢᠶᠠᠨ ᠢᠦᠢ ᠬᠤᠷᠠᠯ ᠳᠤ ᠣᠷᠣᠯᠴᠠᠪᠠ ᠃ | ᠬᠤᠷᠠᠯ ᠠᠴᠠ ᠴᠢᠬᠤᠯᠠᠴᠢᠯᠠᠬᠤ ᠳᠠᠭᠠᠨ᠂ ᠡᠯ᠎ᠡ ᠰᠤᠮᠤ ᠪᠠᠯᠭᠠᠰᠤ ( ᠲᠠᠯᠠᠪᠠᠶ ) ᠪᠣᠯᠤᠨ ᠬᠤᠯᠪᠣᠭᠳᠠᠯ ᠪᠥᠬᠦᠶ | ᠰᠠᠯᠠᠭ᠎ᠠ ᠮᠥᠴᠢᠷ ᠤᠨ ᠬᠢᠨ ᠭᠠᠯ ᠤᠨ ᠡᠬᠢ ᠰᠤᠷᠪᠤᠯᠵᠢ ᠶᠢ ᠬᠠᠮᠢᠶᠠᠷᠤᠨ ᠡᠵᠡᠮᠳᠡᠬᠦ ᠬᠠᠷᠢᠭᠤᠴᠠᠯᠭ᠎ᠠ ᠶᠢ ᠪᠥᠬᠦ ᠲᠠᠯ᠎ᠠ | ᠪᠠᠷ ᠪᠣᠳᠠᠲᠠᠶᠢᠵᠢᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠠᠵᠢᠯᠯᠠᠭ᠎ᠠ ᠶᠢ ᠵᠢᠷᠤᠮᠵᠢᠭᠤᠯᠤᠨ ᠡᠬᠢᠯᠡᠭᠦᠯᠵᠦ᠂ ᠭᠠᠯ | ᠤᠨᠲᠠᠷᠠᠭᠠᠬᠤ ᠬᠦᠴᠦᠨ ᠢ ᠡᠮᠬᠢ ᠵᠢᠷᠤᠮ ᠲᠠᠢ ᠳᠠᠶᠢᠴᠢᠯᠠᠵᠤ᠂ ᠭᠠᠯ ᠰᠡᠷᠭᠡᠶᠢᠯᠡᠬᠦ ᠲᠤᠰᠠᠭᠠᠷᠯᠠᠬᠤ ᠪᠦᠰᠡ ᠶᠢ | ᠵᠣᠬᠢᠰᠲᠠᠶ ᠪᠠᠶᠢᠷᠢᠯᠠᠭᠤᠯᠵᠤ᠂ ᠬᠢᠯᠢ ᠠᠯᠤᠰᠯᠠᠭᠰᠠᠨ ᠭᠠᠯ ᠤᠨᠲᠠᠷᠠᠭᠠᠬᠤ ᠲᠣᠭᠲᠠᠴᠠ ᠶᠢ ᠢᠳᠡᠪᠬᠢᠲᠡᠶ ᠰᠦᠪᠡᠭᠴᠢᠯᠡᠨ | ᠪᠠᠶᠢᠭᠤᠯᠵᠤ᠂ ᠭᠠᠯ ᠳᠤ ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ | ᠴᠣᠬᠢᠯᠲᠠ ᠥᠭᠴᠦ᠂ ᠵᠢᠵᠢᠭᠦᠷᠯᠡᠨ ᠰᠠᠬᠢᠬᠤ ᠲᠦᠷᠢᠮ ᠢ ᠨᠠᠶᠢᠳᠠᠪᠤᠷᠢᠵᠢᠭᠤᠯᠬᠤ ᠵᠡᠷᠭᠡ ᠠᠵᠢᠯ ᠢ ᠴᠢᠩᠭᠠᠳᠬᠠᠵᠤ᠂ | ᠪᠥᠬᠦ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠪᠣᠯᠤᠨ ᠣᠯᠠᠨ ᠲᠦᠮᠡᠨ ᠤ ᠠᠮᠢ ᠨᠠᠰᠤ | ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠶ ᠭᠡᠵᠡᠢ ᠃ | ᠬᠤᠷᠠᠯ ᠠᠴᠠ ᠱᠠᠭᠠᠷᠳᠠᠬᠤ ᠳᠠᠭᠠᠨ᠂ ᠡᠯ᠎ᠡ ᠰᠤᠮᠤ ᠪᠠᠯᠭᠠᠰᠤ ( ᠲᠠᠯᠠᠪᠠᠶ ) ᠪᠣᠯᠤᠨ ᠬᠤᠯᠪᠣᠭᠳᠠᠯ ᠪᠥᠬᠦᠶ | ᠰᠠᠯᠠᠭ᠎ᠠ ᠮᠥᠴᠢᠷ ᠠᠴᠠ ᠤᠷᠢᠳᠴᠢᠯᠠᠨ ᠪᠠᠶᠢᠷᠢᠯᠠᠭᠤᠯᠵᠤ᠂ ᠳᠠᠷᠤᠶ ᠲᠦᠷᠭᠡᠨ ᠬᠥᠳᠡᠯᠦᠯᠴᠡᠵᠦ᠂ ᠪᠡᠯᠴᠢᠭᠡᠷᠯᠡᠭᠦᠯᠬᠦ ᠶᠢ | ᠵᠣᠭᠰᠣᠭᠠᠵᠦ ᠪᠡᠯᠴᠢᠭᠡᠷ ᠰᠡᠷᠭᠦᠭᠡᠬᠦ ᠪᠠ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠠᠵᠢᠯ ᠢ ᠣᠳᠣᠬᠠᠨ ᠤ | ᠮᠠᠯᠵᠢᠬᠤ ᠣᠷᠣᠨ ᠤ ᠠᠵᠢᠯ ᠤᠨ ᠭᠤᠤᠯᠳᠠᠯᠭ᠎ᠠ ᠪᠣᠯᠭᠠᠵᠤ᠂ ᠡᠪᠡᠰᠦ ᠪᠣᠷᠳᠤᠭ᠎ᠠ ᠨᠥᠭᠡᠴᠡᠯᠡᠬᠦ᠂ ᠮᠠᠯ ᠤᠨ ᠤᠰᠤ | ᠤᠮᠳᠠ᠂ ᠬᠦᠳᠡᠯᠭᠡᠭᠡᠨ ᠤ ᠲᠠᠯᠠᠪᠠᠢ᠂ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠵᠡᠷᠭᠡ ᠰᠡᠯᠭᠦᠨ ᠮᠠᠯᠵᠢᠬᠤ ᠶᠢ | ᠪᠠᠲᠤᠯᠠᠬᠤ ᠠᠵᠢᠯ ᠢ ᠨᠠᠷᠢᠨ ᠬᠢᠨᠠᠮᠠᠭᠠᠶ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠶᠡᠷᠦᠩᠬᠡᠶᠢᠯᠡᠭᠰᠡᠨ ᠵᠠᠰᠠᠭ ᠵᠠᠬᠢᠷᠭᠠᠨ | ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠡᠷᠴᠢᠮ ᠢ ᠴᠢᠩᠭᠠᠷᠠᠭᠤᠯᠬᠤ ᠶᠢ ᠪᠥᠬᠦ ᠬᠦᠴᠦᠨ ᠢᠶᠠᠷ | ᠠᠬᠢᠭᠤᠯᠵᠤ᠂ ᠭᠠᠳᠠᠨ᠎ᠠ ᠶᠢᠨ ᠮᠠᠯ ᠢ ᠣᠷᠣᠭᠤᠯᠵᠦ ᠮᠠᠯᠵᠢᠬᠤ᠂ ᠬᠤᠯᠠᠭᠠᠶᠢᠯᠠᠨ ᠮᠠᠯᠵᠢᠬᠤ ᠂ ᠳᠤᠷ᠎ᠠ ᠪᠠᠷ ᠮᠠᠯᠵᠢᠬᠤ | ᠵᠡᠷᠭᠡ ᠠᠮᠢ ᠠᠬᠤᠶ ᠣᠷᠴᠢᠨ ᠲᠣᠭᠤᠷᠢᠨ ᠢ ᠡᠪᠳᠡᠭᠰᠡᠨ ᠠᠵᠢᠯᠯᠠᠭ᠎ᠠ ᠳᠤ ᠡᠷᠡᠰ ᠴᠣᠬᠢᠯᠲᠠ ᠥᠭᠴᠦ᠂ | ᠪᠡᠯᠴᠢᠭᠡᠷᠯᠡᠭᠦᠯᠬᠦ ᠶᠢ ᠵᠣᠭᠰᠣᠭᠠᠵᠦ ᠪᠡᠯᠴᠢᠭᠡᠷ ᠰᠡᠷᠭᠦᠭᠡᠬᠦ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ | ᠪᠠᠲᠤᠯᠠᠬᠤ ᠬᠡᠷᠡᠭᠲᠡᠶ ᠭᠡᠵᠡᠶ ᠃ | ᠡᠯ᠎ᠡ ᠰᠤᠮᠤ ᠪᠠᠯᠭᠠᠰᠤᠨ ᠤ ᠵᠠᠰᠠᠭ ᠤᠨ ᠣᠷᠳᠣᠨ ᠤ ᠭᠤᠤᠯ ᠤᠳᠤᠷᠢᠳᠤᠯᠭ᠎ᠠ᠂ ᠬᠤᠰᠢᠭᠤ ᠠᠶᠤᠯᠭᠦᠶ | ᠦᠶᠯᠡᠳᠪᠦᠷᠢᠯᠡᠯ ᠤᠨ ᠵᠥᠪᠯᠡᠯ ᠤᠨ ᠪᠦᠷᠢᠯᠳᠦᠬᠦᠨ ᠨᠢᠭᠡᠴᠡ ᠶᠢᠨ ᠭᠤᠤᠯ ᠬᠠᠷᠢᠭᠤᠴᠠᠯᠭᠠᠲᠠᠨ᠂ ᠡᠯ᠎ᠡ ᠭᠤᠤᠯᠳᠠᠯᠭ᠎ᠠ | ᠲᠠᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ |