ᠮᠠᠨ ᠤ ᠬᠤᠰᠢᠭᠤ ᠭᠠᠶᠢᠯᠢ ᠶᠢᠨ ᠤᠬᠠᠭᠤᠯᠭ᠎ᠠ ᠶᠢᠨ ᠠᠵᠢᠯᠯᠠᠭ᠎ᠠ ᠦᠷᠨᠢᠭᠦᠯᠵᠦ᠂ ᠠᠵᠤ ᠠᠬᠤᠶᠢᠯᠠᠯ ᠢ ᠬᠠᠪᠰᠤᠷᠤᠨ ᠬᠥᠭᠵᠢᠯᠲᠡ ᠶᠢᠨ ᠰᠢᠨ᠎ᠡ ᠠᠶᠠᠯᠠᠯ ᠢᠶᠠᠨ ᠡᠬᠢᠯᠡᠭᠦᠯᠪᠡ
ᠨᠡᠶᠢᠲᠡᠯᠡᠭᠰᠡᠨ ᠴᠠᠭ᠄
2025/4/18
      ᠳᠦᠷᠪᠡᠳᠦᠭᠡᠷ ᠰᠠᠷ᠎ᠠ ᠪᠣᠯ ᠪᠥᠬᠦ ᠤᠯᠤᠰ ᠤᠨ ᠭᠠᠶᠢᠯᠢ ᠲᠠᠲᠠᠪᠤᠷᠢ ᠶᠢᠨ ᠤᠬᠠᠭᠤᠯᠭ᠎ᠠ ᠶᠢᠨ ᠰᠠᠷ᠎ᠠ ᠪᠣᠯᠤᠨ᠎ᠠ᠂ ᠬᠤᠰᠢᠭᠤ ᠭᠠᠶᠢᠯᠢ ᠶᠢᠨ ᠶᠠᠪᠤᠳᠠᠯ ᠤᠨ ᠲᠣᠪᠴᠢᠶ᠎ᠠ《 ᠭᠠᠶᠢᠯᠢ ᠲᠠᠲᠠᠪᠤᠷᠢ ᠶᠢ ᠬᠠᠤᠯᠢ ᠪᠠᠷ ᠵᠠᠰᠠᠬᠤ ᠲᠥᠪ ᠭᠤᠤᠯᠴᠢ ᠪᠠᠶᠢᠬᠤ 》 ᠶᠢᠨ ᠲᠣᠭᠤᠷᠢᠨ ᠳᠤ᠂ ᠲᠥᠷᠥ ᠶᠢᠨ ᠪᠣᠳᠣᠯᠭ᠎ᠠ  ᠂ ᠦᠶᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠪᠠ ᠤᠬᠠᠭᠤᠯᠵᠤ ᠬᠥᠲᠥᠯᠥᠨ ᠵᠢᠯᠣᠭᠤᠳᠬᠤ ᠶᠢ ᠵᠡᠷᠭᠡ ᠪᠠᠷ ᠠᠬᠢᠭᠤᠯᠬᠤ ᠶᠢ ᠪᠠᠷᠢᠮᠲᠠᠯᠠᠵᠤ᠂ ᠭᠠᠶᠢᠯᠢ ᠲᠠᠲᠠᠪᠤᠷᠢ ᠶᠢᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢ ᠦᠷᠭᠦᠯᠵᠢᠯᠡᠨ ᠭᠦᠨᠵᠡᠭᠡᠶ ᠥᠷᠨᠢᠭᠦᠯᠵᠦ᠂ ᠡᠯᠪᠡᠭ ᠪᠠᠶᠠᠯᠢᠭ ᠠᠭᠤᠯᠭ᠎ᠠ ᠲᠠᠢ ᠠᠵᠢᠯᠯᠠᠭ᠎ᠠ ᠥᠷᠨᠢᠭᠦᠯᠵᠡᠢ᠃      4 ᠰᠠᠷ᠎ᠠ ᠶᠢᠨ 1 ᠤ ᠡᠳᠦᠷ ᠮᠠᠨ ᠤ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠬᠤᠰᠢᠭᠤ ᠨᠠᠮ ᠤᠯᠠᠨ ᠲᠦᠮᠡᠨ ᠤ ᠦᠢᠯᠡᠴᠢᠯᠡᠭᠡᠨ ᠤ ᠲᠥᠪ ᠲᠤ ᠭᠠᠶᠢᠯᠢ ᠲᠠᠲᠠᠪᠤᠷᠢ ᠶᠢᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠪᠠᠨ ᠡᠬᠢᠯᠡᠭᠦᠯᠵᠡᠢ᠃ ᠲᠤᠬᠠᠶ ᠶᠢᠨ ᠲᠠᠯᠠᠪᠠᠶ ᠳᠤ᠂ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠠᠵᠢᠯᠲᠠᠨ ᠲᠤᠬᠠᠶᠢᠯᠠᠭᠰᠠᠨ ᠠᠵᠢᠯ ᠢᠶᠠᠨ ᠭᠦᠶᠴᠡᠳᠬᠡᠬᠦ ᠪᠠᠷ ᠢᠷᠡᠭᠰᠡᠨ ᠭᠠᠶᠢᠯᠢ ᠲᠤᠰᠢᠶᠠᠭᠴᠢ ᠳᠤ ᠤᠬᠠᠭᠤᠯᠭ᠎ᠠ  ᠶᠢᠨ ᠳᠡᠪᠲᠡᠷ᠂ ᠬᠤᠯᠤᠭᠠᠨᠠᠴᠢᠷ ᠤᠨ ᠳᠡᠪᠢᠰᠬᠡᠷ᠂ ᠴᠠᠭᠠᠰᠤᠨ ᠬᠠᠶᠢᠷᠴᠠᠭ ᠵᠡᠷᠭᠡ ᠭᠠᠶᠢᠯᠢ ᠶᠢᠨ ᠶᠠᠪᠤᠳᠠᠯ ᠤᠨ ᠤᠬᠠᠭᠤᠯᠭ᠎ᠠ ᠶᠢᠨ ᠵᠢᠵᠢᠭ ᠪᠡᠯᠡᠭ ᠲᠠᠷᠬᠠᠭᠠᠵᠤ᠂ ᠭᠠᠶᠢᠯᠢ ᠳᠤ ᠬᠤᠯᠪᠣᠭᠳᠠᠭᠰᠠᠨ ᠠᠰᠠᠭᠤᠳᠠᠯ ᠢ ᠲᠣᠪᠴᠢ ᠠᠪᠰᠠᠷᠬᠠᠨ ᠠᠮᠢᠳᠤᠯᠢᠭ ᠬᠡᠯᠪᠡᠷᠢ ᠪᠠᠷ ᠲᠠᠶᠢᠯᠪᠤᠷᠢᠯᠠᠵᠤ᠂ ᠣᠶᠢᠷ᠎ᠠ ᠳᠤ ᠨᠡᠶᠢᠲᠡᠯᠡᠭᠰᠡᠨ ᠡᠯ᠎ᠡ ᠵᠦᠶᠯ ᠤᠨ ᠭᠠᠶᠢᠯᠢ ᠰᠦᠶᠳᠬᠡᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠪᠠ ᠦᠶᠯᠡᠴᠢᠯᠡᠭᠡᠨ ᠤ ᠠᠷᠭ᠎ᠠ ᠬᠡᠮᠵᠢᠶ᠎ᠡ ᠶᠢ ᠲᠠᠨᠢᠯᠴᠠᠭᠤᠯᠪᠠ  ᠃      ᠳᠠᠷᠠᠭ᠎ᠠ ᠨᠢ᠂ ᠬᠤᠰᠢᠭᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠬᠡᠲᠦ ᠳᠡᠯᠭᠡᠭᠦᠷ ᠲᠤ ᠭᠠᠶᠢᠯᠢ ᠲᠠᠲᠠᠪᠤᠷᠢ  ᠶᠢᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠲᠠᠪᠴᠠᠩ ᠭᠠᠷᠭᠠᠵᠤ᠂ ᠬᠡᠲᠦ ᠳᠡᠯᠭᠡᠭᠦᠷ ᠤᠨ ᠬᠥᠮᠦᠨ ᠨᠢᠭᠲᠠᠷᠠᠭᠰᠠᠨ ᠣᠨᠴᠠᠯᠢᠭ ᠢ ᠠᠰᠢᠭᠯᠠᠨ᠂ ᠭᠠᠶᠢᠯᠢ ᠲᠠᠲᠠᠪᠤᠷᠢ ᠶᠢᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢ ᠲᠥᠪᠯᠡᠷᠡᠭᠦᠯᠦᠨ ᠥᠷᠨᠢᠭᠦᠯᠪᠡ᠃ ᠭᠠᠶᠢᠯᠢ ᠶᠢᠨ ᠶᠠᠪᠤᠳᠠᠯ ᠤᠨ ᠠᠵᠢᠯᠲᠠᠨ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ ᠭᠠᠷ ᠤᠲᠠᠰᠤ ᠪᠠᠷ ᠬᠠᠪᠰᠤᠷᠤᠨ ᠵᠢᠯᠣᠭᠤᠳᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠲᠥᠬᠦᠮ ᠣᠶᠢᠯᠠᠭᠠᠮᠵᠢᠲᠠᠶ ᠦᠭᠡ ᠬᠡᠯᠡ ᠪᠠᠷ ᠣᠯᠠᠨ ᠲᠦᠮᠡᠨ ᠳᠤ ᠨᠡᠶᠢᠭᠡᠮ ᠤᠨ ᠳᠠᠭᠠᠳᠬᠠᠯ ᠤᠨ ᠡᠮ ᠡᠮᠨᠡᠯᠭᠡ ᠶᠢᠨ ᠳᠠᠭᠠᠳᠬᠠᠯ ᠤᠨ ᠰᠦᠶᠳᠬᠡᠯ ᠲᠤᠰᠢᠶᠠᠬᠤ᠂ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠶᠢ ᠬᠤᠷᠢᠶᠠᠩᠭᠤᠶᠢᠯᠠᠨ ᠪᠤᠳᠤᠬᠤ ᠵᠡᠷᠭᠡ ᠮᠡᠳᠡᠯᠭᠡ ᠶᠢ ᠲᠦᠭᠡᠮᠡᠯᠵᠢᠭᠦᠯᠵᠦ᠂ ᠣᠯᠠᠨ ᠲᠦᠮᠡᠨ ᠤ ᠰᠠᠨᠠᠯ ᠰᠠᠨᠠᠭᠤᠯᠭ᠎ᠠ ᠶᠢ ᠰᠣᠨᠣᠰᠴᠤ᠂ ᠣᠯᠠᠨ ᠤ ᠦᠨᠡᠨᠴᠢ ᠢᠲᠡᠭᠡᠮᠵᠢᠲᠡᠶ ᠪᠠᠷ ᠭᠠᠶᠢᠯᠢ ᠲᠤᠰᠢᠶᠠᠬᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠪᠡ  ᠃      ᠰᠤᠷᠭᠠᠭᠤᠯᠢ ᠶᠢᠨ ᠬᠦᠷᠢᠶᠡᠨ ᠤ ᠤᠬᠠᠭᠤᠯᠭ᠎ᠠ ᠶᠢ ᠴᠢᠩᠭᠠᠳᠬᠠᠵᠤ᠂ ᠵᠠᠯᠠᠭᠤᠴᠤᠳ ᠪᠠᠭᠠᠴᠤᠳ ᠤᠨ      《 ᠤᠯᠤᠰ ᠢᠶᠠᠨ ᠬᠠᠶᠢᠷᠠᠯᠠᠵᠤ ᠬᠠᠤᠯᠢ ᠶᠢ ᠰᠠᠬᠢᠬᠤ᠂ ᠦᠨᠡᠨᠴᠢ ᠢᠲᠡᠭᠡᠮᠵᠢᠲᠡᠶ ᠪᠠᠷ ᠭᠠᠶᠢᠯᠢ            ᠲᠤᠰᠢᠶᠠᠬᠤ 》ᠬᠠᠤᠯᠢᠵᠢᠯ ᠤᠨ ᠤᠬᠠᠮᠰᠠᠷ ᠢ ᠬᠥᠮᠦᠵᠢᠭᠦᠯᠬᠦ ᠶᠢᠨ ᠲᠥᠯᠥᠭᠡ᠂ ᠬᠤᠰᠢᠭᠤ ᠭᠠᠶᠢᠯᠢ ᠶᠢᠨ ᠶᠠᠪᠤᠳᠠᠯ  ᠤᠨ ᠲᠣᠪᠴᠢᠶ᠎ᠠ ᠬᠤᠰᠢᠭᠤ ᠭᠤᠷᠪᠠᠳᠤᠭᠠᠷ ᠪᠠᠭ᠎ᠠ ᠰᠤᠷᠭᠠᠭᠤᠯᠢ ᠳᠤ ᠬᠦᠷᠴᠦ ᠭᠠᠶᠢᠯᠢ ᠲᠠᠲᠠᠪᠤᠷᠢ ᠶᠢᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠰᠤᠷᠤᠭᠴᠢᠳ ᠲᠤ ᠭᠠᠶᠢᠯᠢ ᠲᠠᠲᠠᠪᠤᠷᠢ ᠶᠢᠨ ᠮᠡᠳᠡᠯᠭᠡ ᠶᠢ ᠣᠶᠢᠯᠠᠭᠠᠭᠤᠯᠵᠠᠢ᠃ ᠲᠥᠬᠦᠮ ᠣᠶᠢᠯᠠᠭᠠᠮᠵᠢᠲᠠᠶ ᠦᠭᠡ ᠬᠡᠯᠡ ᠪᠠᠷ ᠰᠤᠷᠤᠭᠴᠢᠳ ᠲᠤ ᠨᠢᠭᠡ ᠤᠳᠠᠭᠠᠨ  ᠤ ᠭᠠᠶᠢᠯᠢ ᠲᠠᠲᠠᠪᠤᠷᠢ ᠶᠢᠨ ᠮᠡᠳᠡᠯᠭᠡ ᠶᠢᠨ ᠬᠢᠴᠢᠶᠡᠯ ᠨᠡᠭᠡᠭᠡᠵᠦ  ᠂ ᠭᠠᠶᠢᠯᠢ ᠲᠠᠲᠠᠪᠤᠷᠢ ᠶᠢᠨ ᠬᠥᠭᠵᠢᠯᠲᠡ ᠶᠢᠨ ᠲᠡᠦᠬᠡ ᠶᠢ ᠲᠠᠨᠢᠯᠴᠠᠭᠤᠯᠬᠤ᠂《 ᠳ᠋ᠠ ᠢᠦᠢ ᠭᠠᠶᠢᠯᠢ ᠵᠠᠰᠠᠭᠰᠠᠨ 》ᠵᠡᠷᠭᠡ ᠵᠢᠵᠢᠭ ᠥᠯᠢᠭᠡᠷ ᠢ ᠡᠰᠢᠯᠡᠨ ᠬᠡᠷᠡᠭᠯᠡᠬᠦ  ᠪᠠᠷ ᠳᠠᠮᠵᠢᠭᠤᠯᠤᠨ᠂ ᠰᠤᠷᠤᠭᠴᠢᠳ ᠲᠤ ᠭᠠᠶᠢᠯᠢ ᠲᠠᠲᠠᠪᠤᠷᠢ ᠶᠢᠨ ᠪᠣᠶ ᠪᠣᠯᠬᠤ᠂ ᠣᠨᠴᠠᠯᠢᠭ ᠪᠠ ᠦᠶᠯᠡᠳᠦᠯ ᠢ ᠲᠦᠭᠡᠮᠡᠯᠵᠢᠭᠦᠯᠬᠦ ᠶᠢᠨ ᠬᠠᠮᠲᠤ ᠰᠤᠷᠤᠭᠴᠢᠳ ᠲᠠᠢ ᠬᠠᠮᠲᠤ ᠪᠠᠷ ᠭᠠᠶᠢᠯᠢ ᠶᠢᠨ ᠶᠠᠪᠤᠳᠠᠯ ᠤᠨ ᠭᠤᠤᠯ ᠰᠡᠳᠦᠪᠲᠦ 《ᠴᠠᠭᠠᠰᠤᠨ ᠬᠠᠶᠢᠴᠢᠯᠠᠮᠠᠯ 》 ᠤᠨ ᠠᠵᠢᠯᠯᠠᠭ᠎ᠠ ᠶᠢ ᠥᠷᠨᠢᠭᠦᠯᠪᠡ  ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号