ᠪᠣᠭᠤᠮᠲᠠ ᠶᠢᠨ ᠰᠦᠢᠳᠬᠡᠯ ᠬᠤᠷᠢᠶᠠᠬᠤ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ | ᠪᠣᠭᠤᠮᠲᠠ ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠲᠠᠰᠤᠷᠠᠯᠲᠠ ᠥᠬᠡᠶ ᠰᠢᠯᠢᠳᠡᠭᠵᠢᠭᠦᠯᠬᠦ ᠶᠢᠨ | ᠲᠥᠯᠥᠭᠡ᠂ 4 ᠰᠠᠷ᠎ᠠ ᠶᠢᠨ 10 ᠤ ᠡᠳᠦᠷ᠂ ᠵᠡᠭᠦᠨ ᠦᠵᠦᠮᠦᠴᠢᠨ ᠬᠤᠰᠢᠭᠤᠨ ᠤ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ ᠪᠣᠭᠤᠮᠲᠠ ᠶᠢᠨ ᠬᠢᠨᠠᠯᠲᠠ ᠬᠠᠮᠢᠶᠠᠷᠤᠯᠲᠠ ᠶᠢᠨ ᠣᠷᠣᠨ ᠤ 8 ᠰᠦᠢᠳᠬᠡᠯ ᠬᠤᠷᠢᠶᠠᠬᠤ | ᠠᠵᠤ ᠠᠬᠤᠶᠢᠯᠠᠯ ᠢᠶᠠᠷ ᠬᠦᠷᠴᠦ᠂ ᠠᠵᠤ ᠠᠬᠤᠶᠢᠯᠠᠯ ᠤᠨ ᠵᠠᠰᠠᠭ ᠤᠨ ᠣᠷᠳᠣᠨ ᠤ ᠵᠢᠯᠣᠭᠤᠳᠬᠤ ᠦᠨ᠎ᠡ ᠶᠢ | ᠬᠡᠷᠡᠭᠵᠢᠭᠦᠯᠦᠭᠰᠡᠨ ᠪᠠᠶᠢᠳᠠᠯ ᠵᠢᠴᠢ ᠰᠦᠢᠳᠬᠡᠯ ᠬᠤᠷᠢᠶᠠᠬᠤ ᠶᠢ ᠢᠯᠡ ᠨᠡᠶᠢᠲᠡᠯᠡᠭᠰᠡᠨ ᠪᠠᠶᠢᠳᠠᠯ ᠢ ᠪᠠᠶᠢᠴᠠᠭᠠᠨ | ᠵᠢᠯᠣᠭᠤᠳᠪᠠ᠃ ᠲᠣᠰ ᠤᠳᠠᠭᠠᠨ ᠤ ᠪᠠᠶᠢᠴᠠᠭᠠᠯᠲᠠ ᠳᠤ ᠰᠦᠢᠳᠬᠡᠯ ᠬᠤᠷᠢᠶᠠᠬᠤ ᠠᠵᠤ ᠠᠬᠤᠶᠢᠯᠠᠯ ᠤᠨ ᠰᠦᠢᠳᠬᠡᠯ | ᠬᠤᠷᠢᠶᠠᠬᠤ ᠦᠢᠯᠡ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠵᠠᠰᠠᠭ ᠤᠨ ᠣᠷᠳᠣᠨ ᠤ | ᠵᠢᠯᠣᠭᠤᠳᠬᠤ ᠦᠨ᠎ᠡ ᠪᠠ ᠰᠦᠢᠳᠬᠡᠯ ᠬᠤᠷᠢᠶᠠᠬᠤ ᠶᠢ ᠢᠯᠡ ᠨᠡᠶᠢᠲᠡᠯᠡᠬᠦ ᠨᠠᠷᠢᠨ ᠬᠠᠭᠤᠳᠠᠰᠤ ᠶᠢᠨ ᠮᠡᠳᠡᠭᠡ ᠵᠠᠩᠭᠢ ᠶᠢ | ᠴᠢᠩᠭ᠎ᠠ ᠵᠢᠷᠤᠮᠯᠠᠨ ᠰᠦᠢᠳᠬᠡᠯ ᠬᠤᠷᠢᠶᠠᠵᠤ᠂ ᠪᠣᠭᠤᠮᠲᠠ ᠶᠢᠨ ᠰᠦᠢᠳᠬᠡᠯ ᠬᠤᠷᠢᠶᠠᠬᠤ ᠠᠵᠢᠯ ᠤᠨ ᠢᠯᠡ ᠲᠣᠳᠣ | ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃ | ᠳᠠᠷᠠᠭᠠᠴᠢ ᠶᠢᠨ ᠠᠯᠬᠤᠮ ᠳᠤ᠂ ᠮᠠᠨ ᠤ ᠵᠥᠪᠯᠡᠯ ᠦᠨ᠎ᠡ ᠬᠠᠩᠰᠢ ᠶᠢᠨ ᠬᠠᠮᠢᠶᠠᠷᠤᠯᠲᠠ ᠶᠢᠨ ᠰᠠᠯᠠᠭ᠎ᠠ | ᠮᠥᠴᠢᠷ ᠤᠨ ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂ ᠪᠣᠭᠤᠮᠲᠠ ᠶᠢᠨ ᠰᠦᠢᠳᠬᠡᠯ ᠬᠤᠷᠢᠶᠠᠬᠤ ᠳᠤ ᠬᠢᠨᠠᠯᠲᠠ | ᠲᠠᠯᠪᠢᠵᠤ ᠬᠢᠨᠠᠨ ᠬᠡᠮᠵᠢᠬᠦ ᠶᠢ ᠴᠢᠩᠭᠠᠳᠬᠠᠨ᠂ ᠪᠣᠭᠤᠮᠲᠠ ᠶᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ | ᠰᠢᠯᠢᠳᠡᠭᠵᠢᠭᠦᠯᠬᠦ ᠳᠤ ᠬᠦᠴᠦᠨ ᠨᠡᠮᠡᠷᠢᠯᠡᠵᠦ᠂ ᠪᠣᠭᠤᠮᠲᠠ ᠶᠢᠨ ᠠᠷᠠᠯᠵᠢᠶᠠᠨ ᠤ ᠲᠣᠭᠲᠠᠭᠤᠨ ᠪᠥᠭᠡᠳ ᠡᠷᠡᠭᠦᠯ ᠢᠶᠠᠷ | ᠬᠥᠭᠵᠢᠬᠦ ᠶᠢ ᠠᠬᠢᠭᠤᠯᠤᠨ᠎ᠠ᠃ |