ᠳᠠᠭᠤᠲᠤᠨᠠᠭᠤᠷ ᠪᠠᠯᠭᠠᠰᠤ 2025 ᠣᠨ ᠤ ᠬᠠᠪᠤᠷ ᠤᠨ ᠤᠯᠠᠷᠢᠯ ᠤᠨ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/18
      2025 ᠣᠨ ᠤ ᠬᠠᠪᠤᠷ ᠤᠨ ᠤᠯᠠᠷᠢᠯ ᠤᠨ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠰᠠᠶᠢᠲᠤᠷ ᠬᠢᠵᠦ᠂ ᠠᠷᠠᠳ ᠤᠯᠠᠨ ᠤ ᠠᠮᠢ ᠨᠠᠰᠤ ᠡᠳ᠋ ᠬᠦᠷᠥᠩᠭᠡ ᠪᠣᠯᠣᠨ ᠲᠠᠯ᠎ᠠ ᠨᠤᠲᠤᠭ ᠤᠨ ᠠᠮᠢ ᠠᠬᠤᠢ ᠶᠢᠨ ᠠᠮᠤᠷ ᠲᠦᠪᠰᠢᠨ ᠢ ᠪᠠᠲᠤᠯᠠᠬᠤ ᠶᠢᠨ ᠲᠤᠰᠠᠳᠠ᠂ 3 ᠰᠠᠷ᠎ᠠ ᠶᠢᠨ 31 ᠤ ᠡᠳᠦᠷ ᠲᠠᠭᠤᠲᠤᠨᠠᠭᠤᠷ ᠪᠠᠯᠭᠠᠰᠤᠨ ᠤ 2025 ᠣᠨ ᠤ ᠬᠠᠪᠤᠷ ᠤᠨ ᠤᠯᠠᠷᠢᠯ ᠤᠨ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯᠯᠠᠭ᠎ᠠ ᠶᠢ ᠲᠦᠯᠬᠢᠨ ᠠᠬᠢᠭᠤᠯᠬᠤ ᠬᠤᠷᠠᠯ ᠬᠤᠷᠠᠯᠳᠤᠪᠠ᠃ ᠪᠥᠬᠦ ᠪᠠᠭ ᠤᠨ ᠪᠦᠷᠢᠯᠳᠦᠭᠦᠨ᠂  ᠪᠥᠬᠦ ᠺᠠᠳ᠋ᠷ ᠠᠵᠢᠯᠲᠠᠳ ᠬᠤᠷᠠᠯ ᠳᠤ ᠣᠷᠣᠯᠴᠠᠪᠠ᠃      ᠬᠤᠷᠠᠯ ᠳᠤ ᠣᠳᠣᠬᠠᠨ ᠤ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠪᠠᠶᠢᠳᠠᠯ ᠳᠤ ᠭᠦᠨᠵᠡᠭᠡᠢ ᠵᠠᠳᠠᠯᠤᠯᠲᠠ ᠬᠢᠵᠦ᠂ ᠴᠠᠭ ᠠᠭᠤᠷ ᠤᠨ ᠳᠤᠯᠠᠭᠠᠷᠠᠬᠤ ᠶᠢ ᠳᠠᠭᠠᠯᠳᠤᠨ ᠬᠠᠪᠤᠷ ᠤᠨ ᠦᠢᠯᠡᠳᠪᠦᠷᠢᠯᠡᠯ ᠤᠨ ᠠᠵᠢᠯᠯᠠᠭ᠎ᠠ ᠤᠯᠠᠨ ᠪᠤᠯᠵᠦ᠂ ᠶᠡᠭᠡ ᠰᠠᠯᠬᠢᠲᠤ ᠴᠠᠭ ᠠᠭᠤᠷ ᠵᠡᠷᠭᠡ ᠰᠢᠯᠳᠠᠭᠠᠨ ᠠᠴᠠ  ᠪᠤᠯᠵᠦ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠬᠦᠨᠳᠦᠷᠡᠵᠦ᠂ ᠬᠤᠷᠠᠯ ᠠᠴᠠ ᠱᠠᠭᠠᠷᠳᠠᠬᠤ ᠨᠢ᠂ ᠡᠯ᠎ᠡ ᠰᠠᠯᠠᠭ᠎ᠠ ᠮᠥᠴᠢᠷ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠦᠷᠢᠵᠢᠭᠤᠯᠵᠦ᠂ ᠭᠠᠯ ᠤᠨ ᠡᠬᠢ ᠰᠤᠷᠪᠤᠯᠵᠢ ᠶᠢ ᠬᠠᠮᠢᠶᠠᠷᠤᠨ ᠡᠵᠡᠮᠳᠡᠵᠦ᠂ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠢ ᠬᠢᠨᠠᠨ ᠵᠥᠪᠰᠢᠶᠡᠷᠡᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠭᠤᠣᠯᠳᠠᠯᠭ᠎ᠠ ᠲᠠᠢ ᠣᠷᠣᠨ ᠪᠠᠶᠢᠷᠢ᠂  ᠭᠤᠣᠯᠳᠠᠯᠭ᠎ᠠ ᠲᠠᠢ ᠴᠠᠭ ᠬᠤᠭᠤᠴᠠᠭᠠᠨ ᠳᠤ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠦ᠂ ᠳᠦᠷᠢᠮ ᠠᠴᠠ ᠵᠦᠷᠢᠴᠢᠨ ᠬᠡᠭᠡᠷ᠎ᠡ ᠭᠠᠳᠠᠨ᠎ᠠ ᠭᠠᠯ ᠬᠡᠷᠡᠭᠯᠡᠬᠦ ᠠᠯᠢᠪᠠ ᠠᠵᠢᠯᠯᠠᠭ᠎ᠠ ᠶᠢ ᠴᠢᠩᠭ᠎ᠠ  ᠴᠠᠭᠠᠵᠠᠯᠠᠬᠤ ᠭᠡᠷᠡᠭᠳᠡᠢ ᠭᠡᠪᠡ᠃      ᠬᠤᠷᠠᠯ ᠳᠤ ᠴᠢᠬᠤᠯᠠᠴᠢᠯᠠᠭᠰᠠᠨ ᠨᠢ᠂ ᠨᠢᠭᠡ ᠳᠤ ᠰᠤᠷᠤᠯᠴᠠᠯᠭ᠎ᠠ ᠬᠥᠮᠥᠵᠢᠯ ᠢ ᠴᠢᠩᠭᠠᠳᠬᠠᠵᠤ᠂ ᠸᠢᠴᠠᠲ ᠤᠨ  ᠳᠠᠪᠴᠠᠩ᠂ ᠤᠷᠢᠶ᠎ᠠ ᠦᠭᠡ ᠨᠠᠭᠠᠬᠤ᠂ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ ᠵᠡᠷᠭᠡ ᠤᠯᠠᠨ ᠵᠦᠢᠯ ᠤᠨ ᠬᠡᠯᠪᠡᠷᠢ ᠪᠠᠷ ᠳᠠᠮᠵᠢᠨ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠮᠡᠳᠡᠯᠭᠡ ᠪᠣᠯᠣᠨ ᠬᠠᠤᠯᠢ ᠴᠠᠭᠠᠵᠠ ᠬᠠᠤᠯᠢ ᠳᠤᠭᠲᠠᠭᠠᠯ ᠢ ᠤᠬᠠᠭᠤᠯᠵᠦ᠂ ᠤᠯᠠᠨ ᠲᠦᠮᠡᠨ ᠤ ᠭᠠᠯ ᠰᠡᠷᠭᠡᠶᠢᠯᠡᠬᠦ ᠤᠬᠠᠮᠰᠠᠷ ᠢ ᠳᠡᠭᠡᠭᠰᠢᠯᠡᠭᠦᠯᠵᠦ᠂ ᠪᠥᠬᠦ ᠠᠷᠠᠳ ᠤᠨ ᠭᠠᠯ ᠰᠡᠷᠭᠡᠶᠢᠯᠡᠬᠦ ᠠᠭᠤᠷ ᠠᠮᠢᠰᠬᠤᠯ ᠢ ᠪᠣᠢ ᠪᠣᠯᠭᠠᠨ᠎ᠠ᠃ ᠬᠤᠶᠠᠷ ᠲᠤ᠂ ᠭᠠᠯ ᠤᠨ ᠡᠬᠢ ᠰᠤᠷᠪᠤᠯᠵᠢ ᠶᠢ ᠬᠠᠮᠢᠶᠠᠷᠤᠨ ᠡᠵᠡᠮᠳᠡᠬᠦ ᠪᠠᠨ ᠴᠢᠩᠭᠠᠳᠬᠠᠵᠤ᠂ ᠬᠡᠭᠡᠷ᠎ᠡ ᠭᠠᠳᠠᠨ᠎ᠠ ᠦᠢᠯᠡᠳᠪᠦᠷᠢᠯᠡᠯ ᠳᠤ ᠬᠡᠷᠡᠭᠯᠡᠬᠦ ᠭᠠᠯ ᠢ ᠬᠢᠨᠠᠨ ᠵᠥᠪᠰᠢᠶᠡᠷᠡᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠬᠡᠭᠡᠷ᠎ᠡ ᠭᠠᠳᠠᠨ᠎ᠠ ᠭᠠᠯ ᠬᠡᠷᠡᠭᠯᠡᠬᠦ ᠠᠯᠢᠪᠠ ᠦᠢᠯᠡ ᠠᠵᠢᠯᠯᠠᠭ᠎ᠠ ᠶᠢ ᠴᠢᠩᠭ᠎ᠠ ᠴᠠᠭᠠᠵᠠᠯᠠᠬᠤ ᠬᠡᠷᠡᠭᠲᠡᠢ᠃ ᠭᠤᠷᠪᠠ ᠳᠤ᠂ ᠳᠠᠯᠳᠠ ᠭᠡᠮ ᠢ  ᠪᠠᠶᠢᠴᠠᠭᠠᠵᠦ ᠴᠡᠭᠴᠡᠯᠡᠨ ᠵᠠᠰᠠᠬᠤ ᠠᠵᠢᠯ ᠢ ᠴᠢᠩᠭᠠᠳᠬᠠᠨ᠂  ᠨᠡᠶᠢᠳᠡᠮ ᠪᠠᠶᠢᠴᠠᠭᠠᠯᠲᠠ ᠶᠢᠨ ᠡᠷᠴᠢᠮ ᠢᠶᠠᠨ ᠴᠢᠩᠭᠠᠷᠠᠭᠤᠯᠵᠦ᠂ ᠭᠠᠯ ᠲᠦᠢᠮᠡᠷ ᠤᠨ ᠳᠠᠯᠳᠠ ᠭᠡᠮ ᠢ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠵᠦ᠂ ᠲᠣᠰᠣ ᠨᠡᠮᠡᠬᠦ ᠥᠷᠲᠡᠭᠡ ᠵᠡᠷᠭᠡ ᠭᠤᠣᠯᠳᠠᠯᠭ᠎ᠠ ᠲᠠᠢ ᠣᠷᠣᠨ ᠪᠠᠶᠢᠷᠢ  ᠳᠤ ᠭᠤᠣᠯᠳᠠᠯᠭ᠎ᠠ ᠲᠠᠢ ᠵᠢᠭᠰᠠᠭᠠᠨ ᠪᠠᠶᠢᠴᠠᠭᠠᠯᠲᠠ ᠬᠢᠵᠦ᠂ ᠳᠠᠯᠳᠠ ᠭᠡᠮ ᠤᠨ ᠡᠬᠡ ᠳᠠᠩᠰᠠ ᠶᠢ ᠪᠠᠶᠢᠭᠤᠯᠤᠨ᠂ ᠴᠡᠭᠴᠡᠯᠡᠨ ᠵᠠᠰᠠᠬᠤ ᠬᠠᠷᠢᠭᠤᠴᠠᠯᠭᠠᠲᠤ ᠬᠥᠮᠥᠨ ᠢ ᠲᠤᠳᠤᠷᠬᠠᠶᠢᠯᠠᠵᠦ᠂ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠢ ᠨᠠᠶᠢᠳᠠᠪᠦᠷᠢᠵᠢᠭᠤᠯᠵᠦ᠂ ᠭᠠᠵᠠᠷ ᠦᠯᠡᠳᠡᠭᠡᠬᠦ ᠦᠭᠡᠢ ᠪᠠᠶᠢᠬᠤ ᠶᠢ ᠪᠠᠲᠤᠯᠠᠨ᠎ᠠ᠃ ᠳᠥᠷᠪᠡ ᠳᠤ᠂ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠲᠥᠰᠥᠯ ᠢᠶᠠᠨ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠶᠠᠪᠤᠴᠠ ᠪᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠤᠳᠤᠡᠬᠠᠶᠢᠯᠠᠨ᠎ᠠ᠃ ᠭᠠᠯ ᠰᠡᠷᠭᠡᠶᠢᠯᠡᠬᠦ ᠡᠳ᠋ ᠪᠣᠳᠠᠰ ᠶᠢᠨ ᠬᠠᠮᠢᠶᠠᠷᠤᠯᠲᠠ ᠪᠠᠨ ᠴᠢᠩᠭᠠᠳᠬᠠᠵᠤ᠂ ᠭᠠᠯ ᠤᠨᠲᠠᠷᠠᠭᠠᠬᠤ ᠪᠠᠭᠠᠵᠢ ᠬᠡᠷᠡᠭᠰᠡᠯ᠂ ᠲᠡᠭᠡᠭᠡᠪᠦᠷᠢ ᠶᠢᠨ ᠲᠡᠷᠭᠡ ᠵᠡᠷᠭᠡ ᠶᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠨ ᠬᠠᠮᠠᠭᠠᠯᠠᠵᠦ᠂ ᠡᠳ᠋ ᠪᠣᠳᠠᠰ ᠤᠨ ᠭᠦᠢᠴᠡᠳ ᠡᠰᠡᠬᠦ᠂  ᠴᠢᠨᠠᠷ ᠴᠢᠨᠰᠠᠭ᠎ᠠ ᠨᠢ ᠰᠠᠶᠢᠨ ᠪᠠᠶᠢᠬᠤ ᠶᠢ ᠪᠠᠲᠤᠯᠠᠬᠤ ᠬᠡᠷᠡᠭᠲᠡᠢ᠃ ᠭᠠᠯ ᠤᠨᠲᠠᠷᠠᠭᠠᠬᠤ ᠠᠩᠭᠢ ᠶᠢ ᠵᠣᠬᠢᠶᠠᠨ ᠪᠠᠶᠢᠭᠤᠯᠵᠦ᠂ ᠪᠣᠯᠪᠠᠰᠤᠷᠠᠯ ᠢ ᠢᠳᠡᠪᠬᠢᠲᠡᠢ ᠪᠠᠷ ᠦᠷᠨᠢᠭᠦᠯᠤᠨ᠂ ᠪᠠᠴᠢᠮ ᠪᠠᠶᠢᠳᠠᠯ ᠢ ᠠᠷᠭᠠᠴᠠᠬᠤ ᠦᠢᠯᠡᠳᠤᠯ ᠪᠣᠯᠣᠨ ᠭᠠᠯ ᠲᠦᠢᠮᠡᠷ ᠢ ᠳᠠᠷᠤᠵᠦ ᠠᠶᠤᠯ ᠠᠴᠠ ᠠᠪᠤᠷᠠᠬᠤ ᠮᠠᠷᠭᠡᠵᠢᠯ ᠤᠨ ᠴᠢᠳᠠᠪᠤᠷᠢ ᠶᠢ ᠳᠡᠭᠡᠭᠰᠢᠯᠡᠭᠦᠯᠵᠦ᠂ ᠭᠠᠯ ᠲᠦᠢᠮᠡᠷ ᠢ ᠳᠠᠷᠤᠵᠦ ᠠᠶᠤᠯ ᠠᠴᠠ ᠠᠪᠤᠷᠠᠬᠤ ᠶᠢ ᠦᠨᠡᠨᠬᠦ ᠪᠠᠲᠤᠯᠠᠬᠤ ᠬᠡᠷᠡᠭᠲᠡᠢ᠃ ᠲᠠᠪᠤ ᠳᠤ᠂ ᠭᠠᠯ ᠰᠡᠷᠭᠡᠶᠢᠯᠡᠬᠦ ᠬᠠᠷᠢᠭᠤᠴᠠᠯᠭ᠎ᠠ ᠶᠢ ᠪᠣᠳᠠᠲᠠᠢ ᠬᠥᠮᠥᠨ ᠳᠤ ᠬᠦᠷᠲᠡᠯ᠎ᠡ ᠲᠤᠳᠤᠷᠬᠠᠶᠢᠯᠠᠵᠦ᠂ ᠭᠠᠯ ᠰᠡᠷᠭᠡᠶᠢᠯᠡᠬᠦ ᠬᠠᠷᠢᠭᠤᠴᠠᠯᠭ᠎ᠠ ᠶᠢᠨ ᠪᠢᠴᠢᠭ ᠳᠤᠭᠲᠠᠭᠠᠵᠤ᠂ ᠬᠠᠷᠢᠭᠤᠴᠠᠯᠭ᠎ᠠ ᠶᠢ ᠱᠠᠲᠤ ᠱᠠᠲᠤ ᠪᠠᠷ ᠳᠠᠮᠵᠢᠨ ᠨᠠᠶᠢᠳᠠᠪᠦᠷᠢᠵᠢᠭᠤᠯᠵᠦ᠂ ᠬᠢᠨᠠᠨ ᠰᠢᠯᠭᠠᠵᠤ ᠱᠠᠩᠨᠠᠨ ᠲᠣᠷᠭᠠᠬᠤ ᠳᠤᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠭᠠᠯ ᠰᠡᠷᠭᠡᠶᠢᠯᠡᠬᠦ ᠠᠵᠢᠯ ᠤᠨ ᠳᠤᠮᠳᠠ ᠳᠤᠪᠦᠶᠢᠮ᠎ᠠ ᠢᠯᠡᠷᠢᠯ ᠲᠠᠢ ᠪᠠᠶᠢᠬᠤ ᠶᠢ ᠨᠢ ᠱᠠᠩᠨᠠᠵᠤ᠂ ᠠᠵᠢᠯ ᠨᠢ ᠰᠤᠯᠠ᠂ ᠬᠠᠷᠢᠭᠤᠴᠠᠯᠭ᠎ᠠ ᠪᠠᠨ ᠠᠯᠳᠠᠭᠰᠠᠨ ᠠᠴᠠ ᠪᠣᠯᠵᠦ ᠭᠠᠯ ᠤᠨ ᠠᠶᠤᠯ ᠭᠠᠷᠭᠠᠭᠰᠠᠨ ᠪᠣᠯ ᠬᠠᠤᠯᠢ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ᠃      ᠬᠤᠷᠠᠯ ᠤᠨ ᠡᠴᠦᠰ ᠲᠤ᠂ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠨᠢ ᠪᠥᠬᠦ ᠪᠠᠯᠭᠠᠰᠤᠨ ᠤ ᠮᠠᠯᠴᠢᠨ ᠲᠦᠮᠡᠨ ᠤ ᠲᠣᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠵᠤ᠂ ᠡᠯ᠎ᠡ ᠰᠠᠯᠠᠭ᠎ᠠ ᠮᠥᠴᠢᠷ ᠲᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠵᠤ᠂  ᠨᠡᠭ‌ᠯᠠᠪᠳᠠᠭᠤᠨ ᠪᠠᠳᠤᠲᠠᠢ ᠠᠵᠢᠯ ᠤᠨ ᠰᠤᠷᠲᠠᠯ᠂ ᠨᠡᠭ ᠪᠦᠲᠦᠮᠵᠢᠲᠠᠢ ᠠᠵᠢᠯ ᠤᠨ ᠠᠷᠭ᠎ᠠ ᠬᠡᠮᠵᠢᠶ᠎ᠡ ᠪᠠᠷ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠪᠥᠬᠦ ᠪᠠᠯᠭᠠᠰᠤᠨ ᠤ ᠨᠤᠲᠤᠭ ᠪᠡᠯᠴᠢᠭᠡᠨᠷ ᠤᠨ ᠭᠠᠯ ᠰᠡᠷᠭᠡᠶᠢᠯᠡᠬᠦ ᠪᠠᠶᠢᠳᠠᠯ ᠢ ᠳᠤᠭᠲᠠᠭᠤᠨ ᠪᠠᠶᠢᠯᠭᠠᠬᠤ ᠶᠢ ᠪᠠᠲᠤᠯᠠᠬᠤ ᠬᠡᠷᠡᠭᠲᠡᠢ ᠭᠡᠵᠡᠢ᠃
 
ᠢᠷᠡᠯᠲᠡ᠄ ᠲᠠᠭᠤᠳᠤᠨᠠᠭᠤᠷ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号