ᠠᠵᠢᠯ ᠤᠨ ᠬᠤᠪᠢᠷᠠᠯᠲᠠ ᠠᠴᠠ ᠪᠣᠯᠵᠤ᠂ ᠳᠠᠭᠤᠳᠤᠨᠠᠭᠤᠷ ᠪᠠᠯᠭᠠᠰᠤᠨ ᠤ ᠳᠥᠷᠪᠡᠳᠦᠭᠡᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠣᠷᠣ ᠰᠤᠯᠠ ᠭᠠᠷᠴᠤ᠂ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ | ᠪᠣᠯᠣᠨ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠰᠣᠩᠭᠤᠭᠤᠯᠢ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠦᠬᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠣᠨ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ | ᠲᠦᠯᠦᠭᠡᠯᠡᠭᠴᠢᠳ ᠤᠨ ᠬᠠᠤᠯᠢ︾ ᠵᠢᠴᠢ ᠳᠠᠭᠤᠳᠤᠨᠠᠭᠤᠷ ᠪᠠᠯᠭᠠᠰᠤᠨ ᠤ ᠳᠥᠷᠪᠡᠳᠦᠭᠡᠷ ᠬᠤᠭᠤᠴᠠᠭᠠᠨ ᠤ ᠠᠷᠠᠳ | ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠲᠤᠭ᠎ᠠ ᠳᠤᠲᠠᠭᠳᠠᠭᠰᠠᠨ ᠪᠠᠶᠢᠳᠠᠯ ᠪᠣᠯᠣᠨ | ᠠᠵᠢᠯ ᠤᠨ ᠬᠡᠷᠡᠭᠴᠡᠭᠡ ᠠᠴᠠ ᠪᠤᠯᠵᠤ᠂ ᠪᠠᠯᠭᠠᠰᠤᠨ ᠤ ᠨᠠᠮ ᠤᠨ ᠬᠤᠷᠢᠶ᠎ᠠ ᠪᠠᠷ ᠵᠥᠪᠰᠢᠶᠡᠷᠡᠭᠦᠯᠦᠭᠡᠳ᠂ ᠪᠠᠯᠭᠠᠰᠤᠨ | ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠶᠢᠨ ᠪᠦᠯᠬᠦᠮ ᠠᠴᠠ ᠳᠦᠯᠦᠭᠡᠯᠡᠭᠴᠢ | ᠪᠦᠬᠦᠨ ᠰᠤᠩᠭᠤᠬᠤ ᠪᠠᠷ ᠳᠤᠭᠳᠠᠪᠠ᠃ 3 ᠰᠠᠷ᠎ᠠ ᠶᠢᠨ 24 ᠤ ᠡᠳᠦᠷ ᠠᠴᠠ 4 ᠰᠠᠷ᠎ᠠ ᠶᠢᠨ 1 ᠤ ᠡᠳᠦᠷ᠂ | ᠳᠠᠭᠤᠳᠤᠨᠠᠭᠤᠷ ᠪᠠᠯᠭᠠᠰᠤᠨ ᠤ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ | ᠤᠨ ᠲᠥᠯᠥᠭᠡᠯᠡᠭᠴᠢ ᠶᠢᠨ ᠨᠥᠬᠦᠨ ᠰᠤᠩᠭᠤᠭᠤᠯᠢ ᠶᠠᠪᠤᠭᠳᠠᠭᠤᠯᠵᠤ᠂ ᠳᠠᠭᠤᠳᠤᠨᠠᠭᠤᠷ ᠪᠠᠯᠭᠠᠰᠤᠨ ᠤ | ᠪᠠᠶᠢᠭᠤᠯᠤᠯᠭ᠎ᠠ ᠶᠢᠨ ᠰᠣᠩᠭᠤᠭᠤᠯᠢ ᠶᠢᠨ ᠲᠣᠭᠤᠷᠢᠭ᠂ ᠳᠠᠭᠤᠳᠤᠨᠠᠭᠤᠷ ᠭᠠᠴᠠᠭᠠᠨ ᠤ ᠨᠢᠭᠡᠳᠦᠭᠡᠷ ᠰᠤᠩᠭᠤᠭᠤᠯᠢ ᠶᠢᠨ | ᠳᠤᠭᠤᠷᠢᠭ᠂ ᠨᠠᠶᠢᠷᠠᠮᠳᠠᠯ ᠭᠠᠴᠠᠭᠠᠨ ᠤ ᠬᠤᠶᠠᠳᠤᠭᠠᠷ ᠰᠤᠩᠭᠤᠭᠤᠯᠢ ᠶᠢᠨ ᠳᠤᠭᠤᠷᠢᠭ ᠠᠴᠠ 3 ᠨᠡᠷ᠎ᠡ ᠪᠠᠯᠭᠠᠰᠤᠨ ᠤ | ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠨᠥᠬᠦᠨ ᠰᠤᠩᠭᠤᠪᠠ᠃ | ᠰᠣᠩᠭᠤᠭᠤᠯᠢ ᠢ ᠴᠢᠩᠭ᠎ᠠ ᠵᠢᠷᠤᠮᠯᠠᠨ ᠶᠠᠪᠤᠭᠳᠠᠭᠤᠯᠵᠤ᠂ ᠡᠮᠦᠨᠡᠬᠢ ᠬᠤᠭᠤᠴᠠᠭᠠᠨ ᠤ ᠲᠣᠭᠲᠠᠭᠰᠠᠨ | ᠶᠠᠪᠤᠴᠠ ᠶᠢ ᠪᠡᠶᠡᠯᠡᠭᠦᠯᠦᠭᠰᠡᠨ ᠤ ᠲᠠᠷᠠᠭ᠎ᠠ᠂ ᠰᠣᠩᠭᠤᠭᠤᠯᠢ ᠶᠢᠨ ᠠᠷᠠᠳ ᠤᠳ ᠲᠥᠪ ᠴᠢᠩᠭ᠎ᠠ ᠪᠠᠷ ᠥᠪᠡᠷ ᠤᠨ | ᠫᠢᠶᠣᠣ ᠪᠠᠨ ᠥᠭᠭᠦᠭᠰᠡᠨ ᠪᠠᠶᠢᠨ᠎ᠠ᠃ ᠰᠣᠩᠭᠤᠭᠤᠯᠢ ᠳᠠᠭᠤᠰᠤᠭᠰᠠᠨ ᠤ ᠲᠠᠷᠠᠭ᠎ᠠ᠂ ᠫᠢᠶᠣᠣ ᠬᠢᠨᠠᠭᠴᠢ ᠶᠢᠨ ᠬᠢᠨᠠᠯᠲᠠ | ᠳᠣᠣᠷ᠎ᠠ᠂ ᠫᠢᠶᠣᠣ ᠪᠦᠷᠢᠳᠬᠡᠭᠴᠢ ᠲᠤᠬᠠᠢ ᠶᠢᠨ ᠭᠠᠵᠠᠷ ᠲᠤᠨᠢ ᠫᠢᠶᠣᠣ ᠶᠢ ᠪᠦᠷᠢᠳᠬᠡᠬᠦ ᠶᠢᠨ ᠬᠠᠮᠲᠤ ᠫᠢᠶᠣᠣ | ᠪᠦᠷᠢᠳᠬᠡᠭᠰᠡᠨ ᠦᠷ᠎ᠡ ᠳ᠋ᠦᠩ ᠢ ᠵᠠᠷᠯᠠᠨ ᠨᠡᠶᠢᠲᠡᠯᠡᠪᠡ᠃ | ᠲᠤᠰ ᠤᠳᠠᠭ᠎ᠠ ᠶᠢᠨ ᠶᠡᠭᠡ ᠬᠤᠷᠠᠯ ᠨᠢ ᠰᠣᠩᠭᠤᠭᠤᠯᠢ ᠶᠢᠨ ᠲᠡᠰ ᠳᠠᠷᠠᠭᠠᠯᠠᠯ ᠢ ᠴᠢᠩᠭ᠎ᠠ ᠵᠢᠷᠤᠮᠯᠠᠵᠤ᠂ ᠸᠠᠩ | ᠵᠢᠩ ᠢᠦᠢ᠂ ᠠᠷᠤᠤᠬᠠᠨ᠂ ᠭᠡᠷᠡᠯᠳᠤᠭᠳᠠᠬᠤ ᠨᠥᠬᠦᠷ ᠢ ᠳᠠᠭᠤᠳᠤᠨᠠᠭᠤᠷ ᠪᠠᠯᠭᠠᠰᠤᠨ ᠤ ᠳᠥᠷᠪᠡᠳᠦᠭᠡᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠠᠷ ᠨᠥᠬᠦᠨ ᠰᠣᠩᠭᠤᠵᠤ᠂ | ᠨᠥᠬᠦᠨ ᠰᠣᠩᠭᠤᠬᠤ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠪᠡ᠃ | ᠰᠣᠩᠭᠤᠭᠤᠯᠢ ᠳᠠᠭᠤᠰᠤᠭᠰᠠᠨ ᠤ ᠳᠠᠷᠠᠭ᠎ᠠ᠂ ᠳᠠᠭᠤᠳᠤᠨᠠᠭᠤᠷ ᠪᠠᠯᠭᠠᠰᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠠᠴᠠ ᠨᠥᠬᠦᠨ ᠰᠣᠩᠭᠤᠭᠰᠠᠨ ᠦᠷ᠎ᠡ ᠳ᠋ᠦᠩ ᠤᠨ ᠠᠯᠪᠠᠨ ᠵᠠᠷ ᠢ ᠴᠠᠭ ᠲᠤᠬᠠᠢ | ᠳᠤᠨᠢ ᠨᠡᠶᠢᠲᠡᠯᠡᠵᠦ᠂ ᠰᠣᠩᠭᠤᠭᠤᠯᠢ ᠶᠢᠨ ᠲᠡᠰ ᠳᠠᠷᠠᠭᠠᠯᠠᠯ ᠨᠢ ᠬᠠᠤᠯᠢ ᠳᠤ ᠨᠡᠶᠢᠴᠡᠵᠦ᠂ ᠦᠷ᠎ᠡ ᠳ᠋ᠦᠩ ᠨᠢ | ᠬᠦᠴᠦᠨ ᠲᠠᠢ ᠪᠠᠶᠢᠬᠤ ᠶᠢ ᠪᠠᠲᠤᠯᠠᠵᠠᠢ᠃ |