ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠦ᠂ ᠨᠤᠲᠤᠭ ᠪᠡᠯᠴᠢᠭᠡᠷ ᠤᠨ ᠠᠮᠢ ᠠᠬᠤᠢ ᠶᠢᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠵᠦᠢ | ᠵᠣᠬᠢᠰᠲᠠᠢ ᠬᠠᠮᠠᠭᠠᠯᠠᠨ ᠠᠰᠢᠭᠯᠠᠵᠤ᠂ ᠬᠠᠪᠤᠷ ᠤᠨ ᠤᠯᠠᠷᠢᠯ ᠤᠨ ᠤᠷᠭᠤᠯᠲᠠ ᠶᠢᠨ ᠬᠤᠭᠤᠴᠠᠭᠠᠨ ᠳᠤ ᠪᠡᠯᠴᠢᠭᠡᠷ | ᠰᠡᠷᠭᠦᠭᠡᠬᠦ ᠠᠵᠢᠯ ᠢ ᠤᠷᠤᠭᠰᠢᠲᠠᠢ ᠠᠬᠢᠭᠤᠯᠬᠤ ᠶᠢᠨ ᠲᠦᠯᠦᠭᠡ᠂ ︽ᠰᠢᠯᠢ ᠶᠢᠨ ᠭᠤᠣᠯ ᠠᠶᠢᠮᠠᠭ ᠤᠨ 2023 ︱ | 2025 ᠣᠨ ᠤ ᠬᠠᠪᠤᠷ ᠤᠨ ᠤᠯᠠᠷᠢᠯ ᠤᠨ ᠤᠷᠭᠤᠯᠲᠠ ᠶᠢᠨ ᠬᠤᠭᠤᠴᠠᠭᠠᠨ ᠳᠤ ᠪᠡᠯᠴᠢᠭᠡᠷ ᠰᠡᠷᠭᠦᠭᠡᠬᠦ ᠠᠵᠢᠯ ᠤᠨ | ᠬᠡᠷᠡᠭᠵᠢᠭᠦᠯᠬᠦ ᠲᠥᠰᠥᠯ︾ ︽ᠵᠡᠭᠦᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2025 | ᠣᠨ ᠤ ᠬᠠᠪᠤᠷ ᠤᠨ ᠤᠯᠠᠷᠢᠯ ᠤᠨ ᠤᠷᠭᠤᠯᠲᠠ ᠶᠢᠨ ᠬᠤᠭᠤᠴᠠᠭᠠᠨ ᠳᠤ ᠪᠡᠯᠴᠢᠭᠡᠷ ᠰᠡᠷᠭᠦᠭᠡᠬᠦ ᠲᠤᠬᠠᠢ ᠠᠯᠪᠠᠨ ᠵᠠᠷ︾ | ᠤᠨ ᠱᠠᠭᠠᠷᠳᠠᠯᠭ᠎ᠠ ᠶᠣᠰᠣᠭᠠᠷ᠂ ᠵᠡᠭᠦᠨ ᠦᠵᠦᠮᠦᠴᠢᠨ ᠬᠤᠰᠢᠭᠤᠨ ᠤ ᠭᠠᠬᠢᠯ ᠰᠤᠮᠤ ᠢᠳᠡᠪᠬᠢᠲᠡᠢ ᠬᠥᠳᠡᠯᠦᠯᠴᠡᠵᠦ᠂ | ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ᠂ ᠤᠬᠠᠭᠤᠯᠵᠤ ᠬᠥᠲᠥᠯᠥᠨ ᠵᠢᠯᠤᠭᠤᠳᠬᠤ ᠂ ᠦᠢᠯᠡᠴᠢᠯᠡᠭᠡ | ᠪᠠᠲᠤᠯᠠᠭ᠎ᠠ ᠵᠡᠷᠭᠡ ︽ᠭᠤᠷᠪᠠ ᠶᠢ ᠠᠳᠬᠤᠬᠤ︾ ᠠᠷᠭ᠎ᠠ ᠬᠡᠮᠵᠢᠶ᠎ᠡ ᠪᠠᠷ ᠳᠠᠮᠵᠢᠭᠤᠯᠵᠤ᠂ ᠬᠠᠪᠤᠷ ᠤᠨ ᠤᠯᠠᠷᠢᠯ ᠤᠨ | ᠤᠷᠭᠤᠯᠲᠠ ᠶᠢᠨ ᠬᠤᠭᠤᠴᠠᠭᠠᠨ ᠳᠤ ᠪᠡᠯᠴᠢᠭᠡᠷ ᠰᠡᠷᠭᠦᠭᠡᠬᠦ ᠪᠠ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ | ᠠᠵᠢᠯ ᠢ ᠡᠮᠬᠢ ᠵᠢᠷᠤᠮ ᠲᠠᠢ ᠶᠠᠪᠤᠭᠳᠠᠭᠤᠯᠵᠤ᠂ ᠨᠤᠲᠤᠭ ᠪᠡᠯᠴᠢᠭᠡᠷ ᠤᠨ ᠠᠮᠢ ᠠᠬᠤᠢ ᠶᠢᠨ ᠰᠠᠭᠤᠷᠢ ᠥᠩᠭᠡ ᠶᠢ | ᠬᠠᠮᠠᠭᠠᠯᠠᠪᠠ᠃ | ᠨᠢᠭᠡ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭ᠎ᠠ ᠠᠳᠬᠤᠵᠤ᠂ ᠪᠡᠯᠴᠢᠭᠡᠷᠯᠡᠭᠦᠯᠬᠦ ᠶᠢ | ᠵᠤᠭᠰᠤᠭᠠᠵᠤ ᠪᠡᠯᠴᠢᠭᠡᠷ ᠰᠡᠷᠭᠦᠭᠡᠬᠦ ᠠᠵᠢᠯ ᠢ ᠨᠡᠩ ᠡᠷᠴᠢᠮ ᠲᠠᠢ ᠪᠤᠯᠭᠠᠪᠠ᠃ | 3 ᠰᠠᠷ᠎ᠠ ᠶᠢᠨ 31 ᠤ ᠡᠳᠦᠷ 2025 ᠣᠨ ᠤ ᠬᠠᠪᠤᠷ ᠤᠨ ᠤᠯᠠᠷᠢᠯ ᠤᠨ ᠤᠷᠭᠤᠯᠲᠠ ᠶᠢᠨ | ᠬᠤᠭᠤᠴᠠᠭᠠᠨ ᠳᠤ ᠪᠡᠯᠴᠢᠭᠡᠷ ᠰᠡᠷᠭᠦᠭᠡᠬᠦ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠢ ᠵᠣᠬᠢᠶᠠᠨ | ᠪᠠᠶᠢᠭᠤᠯᠤᠨ ᠬᠤᠷᠠᠯᠳᠤᠭᠤᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ | ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠤᠭᠰᠤᠭᠠᠵᠤ ᠪᠡᠯᠴᠢᠭᠡᠷ ᠰᠡᠷᠭᠦᠭᠡᠬᠦ ᠳᠦᠷᠢᠮ︾ | ︽ᠰᠢᠯᠢ ᠶᠢᠨ ᠭᠤᠣᠯ ᠠᠶᠢᠮᠠᠭ ᠤᠨ 2023 ︱ 2025 ᠣᠨ ᠤ ᠬᠠᠪᠤᠷ ᠤᠨ ᠤᠯᠠᠷᠢᠯ ᠤᠨ ᠤᠷᠭᠤᠯᠲᠠ ᠶᠢᠨ | ᠬᠤᠭᠤᠴᠠᠭᠠᠨ ᠳᠤ ᠪᠡᠯᠴᠢᠭᠡᠷ ᠰᠡᠷᠭᠦᠭᠡᠬᠦ ᠠᠵᠢᠯ ᠤᠨ ᠬᠡᠷᠡᠭᠵᠢᠭᠦᠯᠬᠦ ᠲᠥᠰᠥᠯ︾ ︽ᠵᠡᠭᠦᠨ ᠦᠵᠦᠮᠦᠴᠢᠨ | ᠬᠤᠰᠢᠭᠤᠨ ᠤ 2025 ᠣᠨ ᠤ ᠬᠠᠪᠤᠷ ᠤᠨ ᠤᠯᠠᠷᠢᠯ ᠤᠨ ᠤᠷᠭᠤᠯᠲᠠ ᠶᠢᠨ ᠬᠤᠭᠤᠴᠠᠭᠠᠨ ᠳᠤ ᠪᠡᠯᠴᠢᠭᠡᠷ | ᠰᠡᠷᠭᠦᠭᠡᠬᠦ ᠲᠤᠬᠠᠢ ᠠᠯᠪᠠᠨ ᠵᠠᠷ︾ ᠵᠡᠷᠭᠡ ᠶᠢ ᠴᠠᠭ ᠲᠤᠬᠠᠢ ᠳᠤᠨᠢ ᠤᠯᠠᠮᠵᠢᠯᠠᠨ ᠰᠤᠷᠤᠯᠴᠠᠵᠤ᠂ ᠪᠡᠯᠴᠢᠭᠡᠷ ᠰᠡᠷᠭᠦᠭᠡᠬᠦ | ᠲᠦᠷᠦ ᠶᠢᠨ ᠪᠣᠳᠣᠯᠭ᠎ᠠ ᠶᠢ ᠨᠠᠷᠢᠨ ᠲᠠᠶᠢᠯᠪᠤᠷᠢᠯᠠᠵᠤ᠂ ᠪᠡᠯᠴᠢᠭᠡᠷ ᠰᠡᠷᠭᠦᠭᠡᠬᠦ ᠴᠠᠭ᠂ ᠬᠡᠪᠴᠢᠶ᠎ᠡ ᠪᠣᠯᠣᠨ | ᠱᠠᠭᠠᠷᠳᠠᠯᠭ᠎ᠠ ᠶᠢ ᠲᠣᠳᠣᠷᠬᠠᠶᠢᠯᠠᠵᠤ᠂ ᠪᠦᠬᠦ ᠲᠠᠯ᠎ᠠ ᠪᠠᠷ ᠨᠠᠷᠢᠨ ᠨᠢᠮᠪᠠᠢ ᠲᠣᠬᠢᠷᠠᠭᠤᠯᠤᠨ ᠪᠠᠶᠢᠷᠢᠯᠠᠭᠤᠯᠵᠤ᠂ | ᠪᠡᠯᠴᠢᠭᠡᠷᠯᠡᠭᠦᠯᠬᠦ ᠶᠢ ᠵᠤᠭᠰᠤᠭᠠᠵᠤ ᠪᠡᠯᠴᠢᠭᠡᠷ ᠰᠡᠷᠭᠦᠭᠡᠬᠦ ᠠᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠪᠠ᠃ | | ᠬᠤᠶᠠᠷ᠂ ᠤᠬᠠᠭᠤᠯᠵᠤ ᠬᠥᠲᠥᠯᠥᠨ ᠵᠢᠯᠤᠭᠤᠳᠬᠤ ᠶᠢ ᠴᠢᠩᠭ᠎ᠠ ᠠᠳᠬᠤᠵᠤ᠂ ᠪᠡᠯᠴᠢᠭᠡᠷᠯᠡᠭᠦᠯᠬᠦ ᠶᠢ | ᠵᠤᠭᠰᠤᠭᠠᠵᠤ ᠪᠡᠯᠴᠢᠭᠡᠷ ᠰᠡᠷᠭᠦᠭᠡᠬᠦ ᠠᠵᠢᠯ ᠢ ᠨᠠᠩ ᠭᠦᠨᠵᠡᠭᠡᠢ ᠪᠤᠯᠭᠠᠪᠠ᠃ | ᠣᠯᠠᠨ ᠲᠠᠯ᠎ᠠ ᠠᠴᠠ ᠬᠦᠴᠦᠯᠡᠵᠦ᠂ ᠬᠠᠮᠵᠢᠯᠴᠠᠨ ᠠᠬᠢᠭᠤᠯᠬᠤ ᠶᠢ ᠪᠠᠷᠢᠮᠲᠠᠯᠠᠵᠤ᠂ ᠣᠶ ᠰᠢᠭᠤᠢ ᠨᠤᠲᠤᠭ | ᠪᠡᠯᠴᠢᠭᠡᠷ ᠤᠨ ᠭᠠᠯ ᠰᠡᠷᠭᠡᠶᠢᠯᠡᠬᠦ᠂ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ᠂ ᠠᠶᠤᠯ ᠦᠭᠡᠢ | ᠦᠢᠯᠡᠳᠪᠦᠷᠢᠯᠡᠬᠦ᠂ ᠲᠥᠯ ᠲᠤᠰᠴᠤ ᠪᠣᠶᠢᠵᠢᠭᠤᠯᠬᠤ ᠵᠡᠷᠭᠡ ᠠᠵᠢᠯ ᠲᠠᠢ ᠤᠶᠠᠯᠳᠤᠭᠤᠯᠤᠨ᠂ ᠰᠤᠮᠤᠨ ᠤ ᠭᠠᠴᠠᠭ᠎ᠠ | ᠳᠠᠭᠠᠭᠠᠴᠢᠯᠠᠭᠰᠠᠨ ᠤᠳᠤᠷᠢᠳᠤᠯᠭ᠎ᠠ᠂ ᠺᠠᠳ᠋ᠷ ᠠᠵᠢᠯᠲᠠᠳ᠂ ᠨᠢᠭᠡᠳᠦᠭᠡᠷ ᠱᠦᠵᠢ ᠪᠣᠯᠣᠨ ᠭᠠᠴᠠᠭᠠᠨ ᠤ ︽ᠬᠤᠶᠠᠷ | ᠵᠥᠪᠯᠡᠯ︾ ᠤᠨ ᠭᠡᠰᠢᠭᠦᠳ ᠢ ᠵᠣᠬᠢᠶᠠᠨ ᠪᠠᠶᠢᠭᠤᠯᠤᠨ ᠮᠠᠯᠵᠢᠬᠤ ᠡᠷᠦᠬᠡ ᠳᠤ ᠭᠦᠨᠵᠡᠭᠡᠶᠢᠷᠡᠭᠦᠯᠦᠨ᠂ ᠪᠡᠯᠴᠢᠭᠡᠷ | ᠰᠡᠷᠭᠦᠭᠡᠬᠦ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠥᠰᠥᠭ ᠵᠢᠷᠤᠬᠤ᠂ ᠪᠡᠯᠴᠢᠭᠡᠷᠯᠡᠭᠦᠯᠬᠦ ᠶᠢ ᠵᠤᠭᠰᠤᠭᠠᠵᠤ | ᠪᠡᠯᠴᠢᠭᠡᠷ ᠰᠡᠷᠭᠦᠭᠡᠬᠦ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠮᠡᠳᠡᠯᠭᠡ ᠶᠢᠨ ︽ᠲᠣᠳᠣᠷᠬᠠᠢ ᠺᠠᠷᠲ︾ | ᠣᠯᠭᠤᠬᠤ ᠪᠠᠷ ᠳᠠᠮᠵᠢᠭᠤᠯᠤᠨ᠂ ᠬᠠᠪᠤᠷ ᠤᠨ ᠤᠯᠠᠷᠢᠯ ᠤᠨ ᠤᠷᠭᠤᠯᠲᠠ ᠶᠢᠨ ᠬᠤᠭᠤᠴᠠᠭᠠᠨ ᠳᠤ ᠪᠡᠯᠴᠢᠭᠡᠷ | ᠰᠡᠷᠭᠦᠭᠡᠬᠦ ᠨᠥᠬᠦᠪᠦᠷᠢ ᠶᠢᠨ ᠪᠠᠷᠢᠮᠵᠢᠶ᠎ᠠ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ᠂ ᠪᠡᠯᠴᠢᠭᠡᠷ ᠰᠡᠷᠭᠦᠭᠡᠬᠦ | ᠬᠡᠪᠴᠢᠶ᠎ᠡ᠂ ᠬᠦᠳᠡᠯᠭᠡᠭᠡᠨ ᠤ ᠲᠠᠯᠠᠪᠤᠷ ᠵᠡᠷᠭᠡ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠪᠠᠷ ᠰᠠᠭᠤᠷᠢ ᠪᠣᠯᠭᠠᠵᠤ᠂ | ᠪᠡᠯᠴᠢᠭᠡᠷ ᠰᠡᠷᠭᠦᠭᠡᠬᠦ ᠲᠥᠷᠥ ᠶᠢᠨ ᠪᠣᠳᠣᠯᠭ᠎ᠠ ᠶᠢ ᠨᠢᠭᠤᠷᠲᠠᠨ ᠲᠠᠶᠢᠯᠪᠤᠷᠢᠯᠠᠪᠠ᠃ ᠸᠢᠴᠠᠲ ᠤᠨ ᠣᠯᠠᠨ ᠨᠡᠶᠢᠲᠡ ᠶᠢᠨ | ᠲᠠᠪᠴᠠᠩ ᠢᠶᠠᠷ ᠬᠠᠪᠤᠷ ᠤᠨ ᠤᠯᠠᠷᠢᠯ ᠤᠨ ᠤᠷᠭᠤᠯᠲᠠ ᠶᠢᠨ ᠬᠤᠭᠤᠴᠠᠭᠠᠨ ᠳᠤ ᠪᠡᠯᠴᠢᠭᠡᠷ ᠰᠡᠷᠭᠦᠭᠡᠬᠦ ᠠᠯᠪᠠᠨ ᠵᠠᠷ᠂ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ | ᠪᠡᠯᠴᠢᠭᠡᠷᠯᠡᠭᠦᠯᠬᠦ ᠶᠢ ᠵᠤᠭᠰᠤᠭᠠᠵᠤ ᠪᠡᠯᠴᠢᠭᠡᠷ ᠰᠡᠷᠭᠦᠭᠡᠬᠦ ᠳᠦᠷᠢᠮ︾ ᠤᠨ ᠲᠥᠷᠥ ᠶᠢᠨ ᠪᠣᠳᠣᠯᠭ᠎ᠠ ᠶᠢᠨ | ᠲᠠᠶᠢᠯᠤᠮᠵᠢ ᠶᠢ ᠴᠠᠭ ᠲᠤᠬᠠᠢ ᠳᠤᠨᠢ ᠨᠡᠶᠢᠲᠡᠯᠡᠵᠦ᠂ 3 ᠰᠠᠷ᠎ᠠ ᠶᠢᠨ ᠡᠬᠢᠨ ᠠᠴᠠ ᠨᠠᠰᠢ ᠨᠡᠶᠢᠲᠡ 20 ᠭᠠᠷᠤᠢ | ᠤᠳᠠᠭ᠎ᠠ ᠤᠬᠠᠭᠤᠯᠭ᠎ᠠ ᠥᠷᠨᠢᠭᠦᠯᠵᠦ᠂ ᠪᠡᠯᠴᠢᠭᠡᠷ ᠰᠡᠷᠭᠦᠭᠡᠬᠦ ᠬᠠᠷᠢᠭᠤᠴᠠᠯᠭ᠎ᠠ ᠶᠢᠨ ᠪᠢᠴᠢᠭ ᠲᠤ 600 ᠭᠠᠷᠤᠢ | ᠬᠤᠪᠢ ᠭᠠᠷ ᠤᠨ ᠥᠰᠥᠭ ᠵᠢᠷᠤᠵᠤ᠂ ᠮᠠᠯᠴᠢᠨ ᠲᠦᠮᠡᠨ ᠤ ᠪᠡᠯᠴᠢᠭᠡᠷ ᠰᠡᠷᠭᠦᠭᠡᠬᠦ ᠲᠥᠷᠥ ᠶᠢᠨ ᠪᠣᠳᠣᠯᠭ᠎ᠠ ᠶᠢ | ᠣᠶᠢᠯᠠᠭᠠᠬᠤ ᠨᠣᠷᠮ᠎ᠠ ᠪᠠ ᠣᠷᠣᠯᠴᠠᠬᠤ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠮᠠᠯᠴᠢᠨ ᠲᠦᠮᠡᠨ ᠢ | ᠬᠥᠲᠥᠯᠥᠨ ᠵᠢᠯᠤᠭᠤᠳᠴᠤ ᠪᠠᠶᠢᠭᠠᠳ ᠪᠡᠯᠴᠢᠭᠡᠷ ᠰᠡᠷᠭᠦᠭᠡᠬᠦ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠨ | ᠰᠠᠬᠢᠵᠤ᠂ ᠪᠡᠯᠴᠢᠭᠡᠷ ᠰᠡᠷᠭᠦᠭᠡᠬᠦ ᠠᠵᠢᠯ ᠢ ᠢᠳᠡᠪᠬᠢᠲᠡᠢ ᠳᠡᠮᠵᠢᠬᠦ ᠪᠠ ᠣᠷᠣᠯᠴᠠᠭᠤᠯᠵᠤ᠂ ᠪᠥᠬᠦ ᠨᠡᠶᠢᠭᠡᠮ ᠢᠶᠠᠷ ᠢᠶᠠᠨ | ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠲᠤ ᠪᠠᠷ ᠬᠠᠮᠠᠭᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ | ᠪᠣᠯᠭᠠᠪᠠ᠃ | ᠭᠤᠷᠪᠠ᠂ ᠦᠢᠯᠡᠴᠢᠯᠡᠭᠡᠨ ᠤ ᠪᠠᠲᠤᠯᠠᠭ᠎ᠠ ᠶᠢ ᠴᠢᠩᠭ᠎ᠠ ᠠᠳᠬᠤᠵᠤ᠂ ᠪᠡᠯᠴᠢᠭᠡᠷᠯᠡᠭᠦᠯᠬᠦ ᠶᠢ ᠵᠤᠭᠰᠤᠭᠠᠵᠤ | ᠪᠡᠯᠴᠢᠭᠡᠷ ᠰᠡᠷᠭᠦᠭᠡᠬᠦ ᠠᠵᠢᠯ ᠢ ᠨᠠᠩ ᠤᠷᠤᠭᠰᠢᠲᠠᠢ ᠪᠤᠯᠭᠠᠪᠠ᠃ | ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠦᠨᠡᠨᠬᠦ ᠠᠳᠬᠤᠨ ᠪᠣᠳᠠᠲᠠᠢ ᠪᠠᠷ ᠠᠵᠢᠯᠯᠠᠵᠤ᠂ ᠪᠡᠯᠴᠢᠭᠡᠷ | ᠰᠡᠷᠭᠦᠭᠡᠬᠦ ᠡᠮᠦᠨᠡᠬᠢ ᠬᠤᠭᠤᠴᠠᠭᠠᠨ ᠤ ᠡᠯ᠎ᠡ ᠵᠦᠢᠯ ᠤᠨ ᠪᠡᠯᠡᠳᠬᠡᠯ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ | 4 ᠰᠠᠷ᠎ᠠ ᠶᠢᠨ 1 ᠤ ᠡᠳᠦᠷ ᠠᠴᠠ ᠡᠬᠢᠯᠡᠨ᠂ ᠠᠵᠢᠯᠲᠠᠳ ᠢᠶᠠᠨ ᠵᠣᠬᠢᠶᠠᠨ ᠪᠠᠶᠢᠭᠤᠯᠤᠨ ᠬᠠᠷᠢᠶ᠎ᠠ ᠣᠷᠣᠨ ᠤ | ᠮᠠᠯᠵᠢᠬᠤ ᠡᠷᠦᠬᠡ ᠶᠢᠨ ᠮᠠᠯ ᠤᠨ ᠲᠤᠭ᠎ᠠ ᠵᠢᠴᠢ ᠪᠡᠯᠴᠢᠭᠡᠷ ᠤᠨ ᠪᠠᠶᠢᠳᠠᠯ ᠢ ᠪᠦᠬᠦ ᠲᠠᠯ᠎ᠠ ᠪᠠᠷ ᠣᠶᠢᠯᠠᠭᠠᠵᠤ᠂ | ᠮᠠᠯᠵᠢᠬᠤ ᠡᠷᠦᠬᠡ ᠶᠢᠨ ᠲᠣᠣᠷ ᠤᠨ ᠬᠦᠷᠢᠶ᠎ᠡ᠂ ᠪᠡᠯᠴᠢᠭᠡᠷ ᠰᠡᠷᠭᠦᠭᠡᠬᠦ ᠬᠦᠳᠡᠯᠭᠡᠭᠡᠨ ᠤ ᠲᠠᠯᠠᠪᠤᠷ ᠵᠡᠷᠭᠡ ᠶᠢ | ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠪᠡᠯᠴᠢᠭᠡᠷ ᠰᠡᠷᠭᠦᠭᠡᠬᠦ ᠬᠤᠭᠤᠴᠠᠭᠠᠨ ᠳᠠᠬᠢ ᠮᠠᠯᠴᠢᠳ ᠤᠨ | ᠡᠪᠡᠰᠦ ᠪᠣᠷᠳᠤᠭ᠎ᠠ ᠶᠢᠨ ᠬᠡᠷᠡᠭᠴᠡᠭᠡ ᠱᠠᠭᠠᠷᠳᠠᠯᠭ᠎ᠠ᠂ ᠨᠥᠭᠡᠴᠡ ᠶᠢᠨ ᠬᠡᠮᠵᠢᠶ᠎ᠡ᠂ ᠳᠤᠲᠠᠭᠳᠠᠵᠤ ᠪᠠᠶᠢᠭ᠎ᠠ ᠬᠡᠮᠵᠢᠶ᠎ᠡ | ᠵᠡᠷᠭᠡ ᠪᠠᠶᠢᠳᠠᠯ ᠢ ᠴᠠᠭ ᠲᠤᠬᠠᠢ ᠳᠤᠨᠢ ᠣᠶᠢᠯᠠᠭᠠᠨ ᠡᠵᠡᠮᠰᠢᠵᠦ᠂ ᠮᠠᠯ ᠪᠡᠯᠴᠢᠭᠡᠷ ᠤᠨ ᠲᠡᠩᠴᠡᠭᠦᠷᠢ ᠶᠢᠨ ᠲᠤᠭ᠎ᠠ | ᠪᠠᠷᠢᠮᠲᠠ ᠶᠢ ᠳᠠᠬᠢᠨ ᠰᠢᠨ᠎ᠡ ᠪᠠᠷ ᠲᠥᠰᠥᠭᠡᠯᠡᠨ ᠪᠤᠳᠤᠪᠠ᠃ ᠤᠳᠤ ᠳᠤ ᠪᠥᠬᠦ ᠰᠤᠮᠤ ᠨᠡᠶᠢᠲᠡ4.11 ᠲᠦᠮᠡᠨ | ᠲᠣᠨ ᠡᠪᠡᠰᠦ ᠪᠣᠷᠳᠤᠭ᠎ᠠ ᠨᠥᠭᠡᠴᠡᠯᠡᠵᠦ ᠪᠠᠶᠢᠨ᠎ᠠ᠂ ᠡᠭᠦᠨ ᠳᠤ ᠭᠠᠴᠠᠭᠠᠨ ᠤ ᠬᠠᠮᠲᠤ ᠶᠢᠨ ᠠᠵᠤ ᠠᠬᠤᠢ ᠶᠢᠨ | ᠨᠥᠭᠡᠴᠡ 0.048 ᠲᠦᠮᠡᠨ ᠲᠣᠨ ᠪᠠᠶᠢᠨ᠎ᠠ᠃ | ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠬᠦ ᠠᠵᠢᠯ ᠪᠣᠯ ︽ᠲᠠᠪᠤᠨ ᠶᠡᠭᠡ ᠡᠭᠦᠷᠭᠡ︾ ᠶᠢ | ᠨᠠᠶᠢᠳᠠᠪᠤᠷᠢᠵᠢᠭᠤᠯᠬᠤ᠂ ︽ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ | ᠬᠠᠯᠬᠠᠪᠴᠢ︾ ᠶᠢ ᠪᠠᠬᠢᠵᠢᠭᠦᠯᠬᠦ ᠶᠢᠨ ᠴᠢᠬᠤᠯᠠ ᠭᠠᠷᠳᠠᠴᠠ ᠮᠥᠨ᠂ ᠨᠤᠲᠤᠭ ᠪᠡᠯᠴᠢᠭᠡᠷ ᠤᠨ ᠠᠮᠢ ᠠᠬᠤᠢ ᠶᠢ | ᠬᠠᠮᠠᠭᠠᠯᠠᠨ ᠰᠡᠷᠭᠦᠭᠡᠬᠦ ᠶᠢ ᠴᠢᠩᠭᠠᠳᠬᠠᠬᠤ ᠴᠢᠬᠤᠯᠠ ᠠᠷᠭ᠎ᠠ ᠵᠠᠮ ᠮᠥᠨ᠃ ᠳᠠᠷᠠᠭᠠᠴᠢ ᠶᠢᠨ ᠠᠯᠬᠤᠮ ᠳᠤ᠂ ᠭᠠᠬᠢᠯ | ᠰᠤᠮᠤ ᠪᠡᠯᠴᠢᠭᠡᠷ ᠰᠡᠷᠭᠦᠭᠡᠬᠦ ᠤᠬᠠᠭᠤᠯᠭ᠎ᠠ ᠶᠢᠨ ᠠᠵᠢᠯ ᠤᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ | ︽ᠤᠬᠠᠭᠤᠯᠵᠤ ᠬᠥᠲᠥᠯᠥᠨ ᠵᠢᠯᠤᠭᠤᠳᠬᠤ + ᠬᠥᠳᠡᠯᠦᠩᠭᠦᠢ ᠪᠠᠷ ᠬᠠᠮᠢᠶᠠᠷᠬᠤ + ᠲᠣᠭᠤᠷᠢᠨ ᠪᠠᠶᠢᠴᠠᠭᠠᠵᠤ | ᠬᠠᠤᠯᠢ ᠬᠡᠷᠡᠭᠵᠢᠭᠦᠯᠬᠦ︾ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠤᠯᠠᠮ ᠨᠢᠭᠡ ᠠᠯᠬᠤᠮ | ᠲᠡᠭᠦᠯᠳᠡᠷᠵᠢᠭᠦᠯᠵᠦ᠂ ᠪᠡᠯᠴᠢᠭᠡᠷ ᠰᠡᠷᠭᠦᠭᠡᠬᠦ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠲᠥᠷᠥ ᠶᠢᠨ | ᠪᠣᠳᠣᠯᠭ᠎ᠠ ᠶᠢᠨ ᠤᠬᠠᠭᠤᠯᠭ᠎ᠠ ᠶᠢ ᠥᠷᠨᠢᠭᠦᠯᠦᠨ᠂ ᠮᠠᠯᠴᠢᠨ ᠲᠦᠮᠡᠨ ᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ | ᠪᠠᠶᠢᠭᠠᠳ ᠦᠵᠡᠯ ᠰᠠᠨᠠᠭ᠎ᠠ ᠶᠢ ᠨᠢ ᠬᠤᠪᠢᠷᠠᠭᠤᠯᠵᠤ᠂ ᠨᠤᠲᠤᠭ ᠪᠡᠯᠴᠢᠭᠡᠷ ᠤᠨ ᠡᠬᠢ ᠪᠠᠶᠠᠯᠢᠭ ᠢ ᠵᠦᠢ ᠵᠣᠬᠢᠰᠲᠠᠢ | ᠠᠰᠢᠭᠯᠠᠵᠤ᠂ ᠬᠤᠯᠠᠭᠠᠶᠢᠯᠠᠨ ᠮᠠᠯᠵᠢᠬᠤ ᠪᠠ ᠬᠡᠲᠦᠷᠡᠲᠡᠯ᠎ᠡ ᠮᠠᠯᠵᠢᠬᠤ ᠵᠡᠷᠭᠡ ᠬᠠᠤᠯᠢ ᠠᠴᠠ ᠵᠥᠷᠢᠴᠡᠭᠰᠡᠨ ᠦᠶᠯᠡ | ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠨᠤᠲᠤᠭ ᠪᠡᠯᠴᠢᠭᠡᠷ ᠤᠨ ᠮᠠᠯ ᠠᠵᠤ ᠠᠬᠤᠢ ᠶᠢᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠤᠨ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ | ᠲᠦᠪᠰᠢᠨ ᠤ ᠬᠠᠯᠬᠠᠪᠴᠢ ᠶᠢ ᠰᠠᠶᠢᠲᠤᠷ ᠰᠠᠬᠢᠬᠤ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠦᠨ᠎ᠡ᠃ | | |