4 ᠰᠠᠷ᠎ᠠ ᠶᠢᠨ 9 ᠤ ᠡᠳᠦᠷ᠂ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠳᠡᠳ᠋ | ᠳᠠᠷᠤᠭ᠎ᠠ ᠰᠡᠴᠡᠨ ᠨᠠᠷ ᠭᠠᠬᠢᠯ ᠰᠤᠮᠤᠨ ᠳᠤ ᠭᠦᠨᠵᠡᠭᠡᠶᠢᠷᠡᠨ ᠬᠠᠪᠤᠷ ᠤᠨ ᠤᠯᠠᠷᠢᠯ ᠤᠨ ᠭᠤᠤᠯᠳᠠᠯᠭ᠎ᠠ ᠲᠠᠢ | ᠠᠵᠢᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠪᠡ᠃ ᠬᠤᠰᠢᠭᠤ ᠲᠠᠷᠢᠶᠠᠯᠠᠩ ᠮᠠᠯ ᠠᠵᠤ ᠠᠬᠤᠢ ᠪᠤᠯᠤᠨ | ᠰᠢᠨᠵᠢᠯᠡᠬᠦ ᠤᠬᠠᠭᠠᠨ ᠤ ᠲᠣᠪᠴᠢᠶ᠎ᠠ ᠶᠢᠨ ᠭᠤᠤᠯ ᠤᠳᠤᠷᠢᠳᠤᠯᠭ᠎ᠠ ᠪᠣᠯᠤᠨ ᠬᠤᠰᠢᠭᠤ ᠣᠶ ᠰᠢᠭᠤᠶ ᠡᠪᠡᠰᠦ | ᠪᠡᠯᠴᠢᠭᠡᠷ ᠤᠨ ᠲᠣᠪᠴᠢᠶ᠎ᠠ ᠶᠢᠨ ᠬᠠᠮᠢᠶ᠎ᠠ ᠪᠥᠬᠦᠶ ᠤᠳᠤᠷᠢᠳᠤᠯᠭ᠎ᠠ ᠵᠢᠴᠢ ᠰᠤᠮᠤᠨ ᠤ ᠤᠳᠤᠷᠢᠳᠬᠤ ᠪᠠᠭ ᠤᠨ | ᠪᠦᠷᠢᠯᠳᠦᠬᠦᠨ ᠪᠠᠷ᠎ᠠ ᠪᠤᠯᠪᠡ᠃ | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠠᠵᠤ | ᠦᠢᠯᠡᠰ ᠤᠨ ᠬᠥᠭᠵᠢᠯᠲᠡ ᠶᠢᠨ ᠰᠠᠭᠤᠷᠢᠨ ᠭᠠᠵᠠᠷ ᠲᠤ ᠭᠦᠨᠵᠡᠭᠡᠶᠢᠷᠡᠵᠦ᠂ ᠮᠠᠯ ᠪᠡᠯᠴᠢᠭᠡᠷ ᠤᠨ ᠲᠡᠩᠴᠡᠭᠦᠷᠢ᠂ | ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷ ᠰᠡᠷᠭᠦᠭᠡᠬᠦ᠂ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠲᠥᠯ ᠲᠤᠰᠴᠤ ᠪᠤᠶᠢᠵᠢᠭᠤᠯᠬᠤ᠂ ᠠᠮᠢᠲᠠᠨ ᠤ ᠬᠢᠵᠢᠭ ᠢ ᠰᠠᠷᠭᠡᠶᠢᠯᠡᠨ | ᠬᠢᠵᠠᠭᠠᠷᠯᠠᠬᠤ᠂ ᠭᠠᠴᠠᠭᠠᠨ ᠤ ︽ᠭᠤᠷᠪᠠᠨ ᠬᠦᠷᠦᠩᠭᠡ︾ ᠶᠢᠨ ᠬᠠᠮᠢᠶᠠᠷᠤᠯᠲᠠ ᠵᠡᠷᠭᠡ ᠠᠵᠢᠯ ᠢ ᠥᠷᠨᠢᠭᠦᠯᠵᠦ ᠪᠠᠶᠢᠭ᠎ᠠ | ᠪᠠᠶᠢᠳᠠᠯ ᠪᠤᠯᠤᠨ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠤᠨ ᠲᠤᠬᠠᠢ ᠨᠠᠷᠢᠨ ᠣᠶᠢᠯᠠᠭᠠᠪᠠ᠃ | ᠰᠡᠴᠡᠨ ᠨᠦᠬᠦᠷ ᠴᠢᠬᠤᠯᠠᠴᠢᠯᠬᠠᠰᠡᠨ ᠨᠢ᠂ ᠨᠢᠭᠡ ᠳᠤ᠂ ᠣᠶ ᠰᠢᠭᠤᠶ ᠨᠤᠲᠤᠭ ᠪᠡᠯᠴᠢᠭᠡᠷ ᠤᠨ ᠭᠠᠯ | ᠲᠦᠢᠮᠡᠷ ᠢ ᠰᠡᠷᠭᠡᠶᠢᠯᠡᠬᠦ ᠶᠢᠨ ᠭᠤᠤᠯᠳᠠᠯᠭ᠎ᠠ ᠨᠢ ᠦᠨᠳᠦᠰᠦᠨ ᠱᠠᠲᠤᠨ ᠳᠤ ᠪᠠᠶᠢᠨ᠎ᠠ᠂ ᠴᠢᠩᠭ᠎ᠠ ᠱᠠᠭᠠᠷᠳᠠᠯᠭ᠎ᠠ᠂ | ᠪᠣᠳᠠᠲᠠᠶ ᠠᠷᠭ᠎ᠠ ᠬᠡᠮᠵᠢᠶ᠎ᠡ ᠶᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠠᠵᠢᠯ ᠤᠨ ᠡᠯ᠎ᠡ | ᠭᠤᠭᠴᠤᠭ᠎ᠠ ᠳᠤ ᠨᠠᠶᠢᠳᠠᠪᠤᠷᠢᠵᠢᠭᠤᠯᠵᠤ᠂ ︽ᠨᠤᠲᠤᠭ ᠪᠡᠯᠴᠢᠭᠡᠷ ᠢ ᠰᠠᠬᠢᠵᠤ᠂ ᠬᠦᠮᠦᠨ ᠢ ᠬᠠᠮᠢᠶᠠᠷᠴᠤ᠂ ᠭᠠᠯ ᠤᠨ | ᠢᠷᠡᠯᠲᠡ ᠶᠢ ᠬᠠᠮᠢᠶᠠᠷᠬᠤ︾ ᠶᠢ ᠦᠨᠡᠨ ᠬᠦ ᠪᠠᠲᠤᠯᠠᠵᠤ᠂ ᠬᠦᠨᠳᠦ ᠶᠡᠭᠡ ᠣᠨᠴᠠ ᠶᠡᠭᠡ ᠭᠠᠯ ᠤᠨ ᠭᠠᠮᠰᠢᠭ | ᠡᠭᠦᠰᠬᠦ ᠶᠢ ᠡᠷᠡᠰ ᠬᠤᠷᠢᠭᠯᠠᠬᠤ ᠬᠡᠷᠡᠭᠲᠡᠶ᠃ ᠬᠤᠶᠠᠷ ᠲᠤ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ | ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷᠯᠡᠭᠦᠯᠬᠦ ᠶᠢ ᠵᠣᠭᠰᠣᠭᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ | ᠮᠠᠯᠵᠢᠬᠤ ᠡᠷᠦᠬᠡ ᠶᠢ ᠬᠥᠲᠥᠯᠥᠨ ᠵᠢᠯᠣᠭᠤᠳᠴᠤ ᠪᠠᠶᠢᠭᠠᠳ ︽ᠴᠥᠭᠡᠨ ᠲᠡᠵᠢᠭᠡᠵᠦ ᠨᠠᠷᠢᠯᠢᠭ ᠠᠷᠠᠴᠢᠯᠠᠬᠤ︾᠂ | ︽ᠠᠵᠤ ᠠᠬᠤᠶ ᠶᠢᠨ ᠲᠠᠩᠰᠠ︾᠂ ︽ᠠᠮᠢ ᠠᠬᠤᠶ ᠶᠢᠨ ᠲᠠᠩᠰᠠ︾ ᠶᠢ ᠨᠠᠷᠢᠯᠢᠭ ᠤᠨᠤᠪᠴᠢᠲᠠᠢ ᠪᠠᠷ ᠰᠠᠶᠢᠲᠤᠷ | ᠪᠤᠳᠤᠵᠤ᠂ ᠮᠠᠯ ᠠᠵᠤ ᠠᠬᠤᠶ ᠶᠢᠨ ᠲᠡᠵᠢᠭᠡᠨ ᠦᠷᠡᠵᠢᠭᠦᠯᠬᠦ ᠠᠵᠤ ᠠᠬᠤᠶ ᠶᠢᠨ ᠦᠷ᠎ᠡ ᠠᠰᠢᠭ ᠪᠠ ᠨᠤᠲᠤᠭ | ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ︽ᠬᠤᠤᠰ ᠠᠰᠢᠭ ᠤᠯᠬᠤ︾ ᠶᠢ ᠪᠡᠶᠡᠯᠡᠭᠦᠯᠬᠦ ᠬᠡᠷᠡᠭᠲᠡᠶ᠃ | ᠭᠤᠷᠪᠠ ᠳᠤ᠂ ︽ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠵᠤ᠂ ᠶᠡᠷᠦᠩᠬᠡᠶᠢᠯᠡᠨ ᠰᠡᠷᠭᠡᠶᠢᠯᠡᠨ ᠵᠠᠰᠠᠬᠤ︾ ᠪᠠᠷ | ᠭᠤᠣᠯ ᠪᠣᠯᠭᠠᠨ ᠬᠠᠪᠤᠷ ᠤᠨ ᠤᠯᠠᠷᠢᠯ ᠤᠨ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭ᠎ᠠ ᠪᠣᠳᠠᠲᠠᠢ | ᠠᠳᠬᠤᠵᠤ᠂ ᠭᠠᠳᠠᠨ᠎ᠠ ᠠᠴᠠ ᠢᠷᠡᠭᠰᠡᠨ ᠮᠠᠯ ᠤᠨ ᠬᠠᠮᠢᠶᠠᠷᠤᠯᠲᠠ ᠶᠢ ᠴᠢᠩᠭᠠᠳᠬᠠᠵᠤ᠂ ᠬᠠᠷᠢᠶ᠎ᠠ ᠤᠷᠤᠨ ᠤ | ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃ ᠳᠥᠷᠪᠡ ᠳᠤ᠂ ᠭᠠᠴᠠᠭᠠᠨ ᠤ | ᠬᠠᠮᠲᠤ ᠶᠢᠨ ᠪᠡᠯᠡ ᠮᠥᠩᠭᠦ᠂ ᠡᠳ᠋ ᠬᠥᠷᠥᠩᠭᠡ᠂ ᠡᠬᠢ ᠪᠠᠶᠠᠯᠢᠭ ᠤᠨ ᠬᠢᠨᠠᠯᠲᠠ ᠬᠠᠮᠢᠶᠠᠷᠤᠯᠲᠠ ᠳᠤ ᠠᠩᠬᠠᠷᠤᠯ ᠢᠶᠠᠨ | ᠲᠥᠪᠯᠡᠷᠡᠭᠦᠯᠵᠦ᠂ ᠮᠠᠯᠵᠢᠬᠤ ᠣᠷᠣᠨ ᠤ ᠬᠠᠮᠲᠤ ᠶᠢᠨ ᠪᠡᠯᠡ ᠮᠥᠩᠭᠦ᠂ ᠡᠳ᠋ ᠬᠥᠷᠥᠩᠭᠡ᠂ ᠡᠬᠢ ᠪᠠᠶᠠᠯᠢᠭ ᠤᠨ | ᠨᠠᠷᠢᠯᠢᠭ ᠤᠨᠤᠪᠴᠢᠲᠠᠢ ᠪᠠᠷ ᠢᠯᠭᠠᠷᠠᠭᠤᠯᠤᠨ ᠪᠠᠶᠢᠴᠠᠭᠠᠬᠤ ᠠᠵᠢᠯ ᠢ ᠡᠮᠬᠢ ᠵᠢᠷᠤᠮ ᠲᠠᠢ ᠥᠷᠨᠢᠭᠦᠯᠵᠦ᠂ | ᠭᠠᠴᠠᠭᠠᠨ ᠤ ᠬᠠᠮᠲᠤ ᠶᠢᠨ ᠪᠡᠯᠡ ᠮᠥᠩᠭᠦ᠂ ᠡᠳ᠋ ᠬᠥᠷᠥᠩᠭᠡ᠂ ᠡᠬᠢ ᠪᠠᠶᠠᠯᠢᠭ ᠤᠨ ᠬᠠᠮᠢᠶᠠᠷᠤᠯᠲᠠ ᠶᠢ ᠤᠯᠠᠮ ᠨᠢᠭᠡ | ᠠᠯᠬᠤᠮ ᠵᠢᠷᠤᠮᠵᠢᠭᠤᠯᠬᠤ ᠬᠡᠷᠡᠭᠲᠡᠢ᠃ ᠲᠠᠪᠤ ᠳᠤ᠂ ᠡᠪᠡᠰᠦ ᠪᠣᠷᠳᠤᠭ᠎ᠠ ᠡᠳ᠋ᠰᠢᠭᠦᠯᠬᠦ ᠰᠠᠭᠤᠷᠢᠨ ᠭᠠᠵᠠᠷ ᠤᠨ ᠪᠣᠳᠠᠲᠤ | ᠴᠣᠭᠴᠠᠲᠤ ᠠᠵᠢᠯᠯᠠᠭᠠᠨ ᠢ ᠲᠦᠷᠭᠡᠳᠬᠡᠨ ᠠᠬᠢᠭᠤᠯᠵᠤ᠂ ᠡᠯ᠎ᠡ ᠲᠠᠯ᠎ᠠ ᠶᠢᠨ ᠡᠬᠢ ᠪᠠᠶᠠᠯᠢᠭ ᠢ ᠨᠢᠭᠡᠳᠦᠯᠲᠡᠢ | ᠲᠥᠯᠥᠪᠵᠢᠭᠦᠯᠦᠨ ᠵᠣᠬᠢᠴᠠᠭᠤᠯᠵᠤ᠂ ᠰᠠᠭᠤᠷᠢᠨ ᠭᠠᠵᠠᠷ ᠢᠶᠠᠷ ᠳᠠᠶᠢᠴᠢᠯᠠᠬᠤ᠂ ᠠᠰᠢᠭ ᠲᠤᠰᠠ ᠶᠢ ᠬᠤᠯᠪᠣᠭᠠᠯᠠᠬᠤ᠂ | ᠵᠢᠱᠢᠶ᠎ᠡ ᠦᠵᠡᠭᠦᠯᠦᠨ ᠳᠠᠭᠠᠭᠤᠯᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠮᠠᠯᠴᠢᠳ ᠢ ᠬᠥᠲᠥᠯᠥᠨ | ᠵᠢᠯᠣᠭᠤᠳᠴᠤ ᠪᠠᠶᠢᠭᠠᠳ ᠠᠷᠠᠴᠢᠯᠠᠨ ᠲᠡᠵᠢᠭᠡᠬᠦ ᠠᠷᠭ᠎ᠠ ᠮᠠᠶ᠋ᠢᠭ ᠢ ᠨᠢ ᠬᠤᠪᠢᠷᠠᠭᠤᠯᠵᠤ᠂ ᠠᠷᠠᠴᠢᠯᠠᠨ ᠲᠡᠵᠢᠭᠡᠬᠦ | ᠥᠪᠡᠷ ᠤᠨ ᠥᠷᠲᠡᠭ ᠢ ᠨᠢ ᠠᠷᠪᠢᠯᠠᠬᠤ ᠬᠡᠷᠡᠭᠲᠡᠢ᠃ |