12 ᠰᠠᠷ᠎ᠠ ᠶᠢᠨ 6 ᠤ ᠡᠳᠦᠷ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ | ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠰᠢᠤᠢ ᠶᠢᠩ ᠵᠢᠶᠠᠨ ᠪᠥᠬᠦ ᠬᠤᠰᠢᠭᠤᠨ ᠤ 2024 ᠣᠨ ᠤ ᠠᠷᠪᠠᠨ | ᠨᠢᠭᠡᠳᠦᠭᠡᠷ ᠤᠳᠠᠭᠠᠨ ᠤ ᠠᠶᠤᠯᠭᠦᠶ ᠦᠢᠯᠡᠳᠪᠦᠷᠢᠯᠡᠯ ᠤᠨ ᠠᠵᠢᠯ ᠤᠨ ᠵᠤᠷᠰᠢᠯᠲᠤ ᠬᠤᠷᠠᠯ ᠵᠢᠴᠢ ᠡᠨᠡ ᠡᠪᠦᠯ ᠢᠷᠡᠬᠦ | ᠬᠠᠪᠤᠷ ᠤᠨ ᠠᠶᠤᠯᠭᠦᠶ ᠦᠢᠯᠡᠳᠪᠦᠷᠢᠯᠡᠯ ᠪᠠ ᠪᠠᠶᠢᠭᠠᠯᠢ ᠶᠢᠨ ᠭᠠᠮᠰᠢᠭ ᠤᠨ ᠠᠶᠤᠯ ᠲᠦᠭᠰᠢᠭᠦᠷᠢ ᠶᠢᠨ ᠬᠡᠮ ᠰᠣᠭᠤᠭ ᠢ | ᠵᠢᠭᠰᠠᠭᠠᠨ ᠪᠠᠶᠢᠴᠠᠭᠠᠬᠤ ᠲᠤᠰᠬᠠᠶ ᠴᠡᠭᠴᠡᠯᠡᠨ ᠵᠠᠰᠠᠬᠤ ᠪᠠᠶᠢᠷᠢᠯᠠᠭᠤᠯᠤᠯᠲᠠ ᠶᠢᠨ ᠬᠤᠷᠠᠯ ᠢ ᠡᠷᠭᠢᠯᠡᠨ | ᠬᠤᠷᠠᠯᠳᠤᠭᠤᠯᠪᠠ᠃ ᠬᠤᠷᠠᠯ ᠠᠴᠠ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠣᠳᠣᠬᠠᠨ ᠤ | ᠠᠵᠢᠯ ᠤᠨ ᠪᠠᠶᠢᠳᠠᠯ ᠢ ᠲᠣᠳᠣᠷᠬᠠᠢ ᠲᠠᠨᠢᠵᠤ᠂ ᠠᠮᠤᠷ ᠲᠦᠪᠰᠢᠨ ᠲᠣᠭᠲᠠᠭᠤᠨ ᠤ ᠠᠵᠢᠯ ᠢ ᠰᠠᠶᠢᠲᠤᠷ ᠬᠢᠬᠦ | ᠬᠠᠷᠢᠭᠤᠴᠠᠯᠭᠠᠲᠤ ᠰᠡᠳᠬᠢᠯᠭᠡ᠂ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠠᠭᠤᠷᠬᠠᠢ᠂ ᠰᠢᠲᠠᠮᠠᠬᠠᠢ | ᠬᠡᠢ᠂ ᠵᠠᠮ ᠬᠠᠷᠢᠯᠴᠠᠭ᠎ᠠ ᠲᠡᠭᠡᠭᠡᠪᠦᠷᠢ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ᠂ ᠭᠠᠯ ᠰᠡᠷᠭᠡᠶᠢᠯᠡᠬᠦ ᠠᠮᠤᠷ | ᠲᠦᠪᠰᠢᠨ ᠵᠡᠷᠭᠡ ᠠᠷᠪᠠᠨ ᠭᠤᠷᠪᠠᠨ ᠭᠤᠣᠯᠳᠠᠯᠭ᠎ᠠ ᠲᠠᠢ ᠬᠦᠷᠢᠶᠡᠨ ᠤ ᠠᠶᠤᠯᠭᠦᠢ ᠦᠢᠯᠡᠳᠪᠦᠷᠢᠯᠡᠯ ᠤᠨ ᠠᠶᠤᠯ | ᠲᠦᠭᠰᠢᠭᠦᠷᠢ ᠶᠢᠨ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠰᠠᠶᠢᠲᠤᠷ ᠠᠳᠬᠤᠵᠤ᠂ | ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠢ | ᠠᠬᠢᠭᠤᠯᠵᠤ᠂ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠪᠠᠯᠠᠢ ᠣᠷᠣᠨ ᠢ ᠦᠨᠡᠨᠬᠦ ᠠᠷᠢᠯᠭᠠᠬᠤ ᠬᠡᠷᠡᠭᠲᠡᠢ᠃ | ᠡᠬᠢ ᠡᠭᠦᠰᠦᠯ ᠠᠴᠠ ᠨᠢ ᠰᠡᠷᠭᠡᠶᠢᠯᠡᠨ ᠡᠵᠡᠮᠳᠡᠬᠦ ᠶᠢ ᠪᠠᠷᠢᠮᠲᠠᠯᠠᠵᠤ᠂ ᠴᠠᠭ ᠠᠭᠤᠷ ᠤᠨ ᠬᠤᠪᠢᠷᠠᠯᠲᠠ ᠶᠢᠨ | ᠬᠠᠨᠳᠤᠰᠢ ᠶᠢ ᠨᠢᠭᠲᠠ ᠠᠩᠬᠠᠷᠴᠤ᠂ ᠬᠦᠨᠳᠦ ᠶᠡᠭᠡ ᠭᠠᠮᠰᠢᠭ ᠢ ᠠᠷᠭᠠᠴᠠᠨ ᠰᠡᠷᠭᠡᠶᠢᠯᠡᠬᠦ ᠠᠵᠢᠯ ᠢ ᠪᠦᠬᠦ | ᠬᠦᠴᠦᠨ ᠢᠶᠠᠷ ᠢᠶᠠᠨ ᠰᠠᠶᠢᠲᠤᠷ ᠬᠢᠵᠦ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ | ᠪᠣᠯᠤᠨ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠦᠨᠡᠨᠬᠦ ᠬᠠᠮᠠᠭᠠᠯᠠᠬᠤ ᠬᠡᠷᠡᠭᠲᠡᠢ᠃ | 12 ᠰᠠᠷ᠎ᠠ ᠶᠢᠨ 7 ᠤ ᠡᠳᠦᠷ ᠠᠴᠠ 8 ᠤ ᠡᠳᠦᠷ ᠪᠣᠯᠲᠠᠯ᠎ᠠ ᠬᠤᠰᠢᠭᠤ ᠨᠠᠮ ᠤᠨ ᠬᠤᠷᠢᠶᠠᠨ ᠤ ᠱᠦᠵᠢ ᠵᠧᠦ | ᠢᠦᠢ ᠯᠦᠩ ᠪᠦᠯᠬᠦᠮ ᠳᠠᠭᠠᠭᠤᠯᠤᠨ᠂ ᠪᠡᠭᠡᠵᠢᠩ ᠳᠤ ᠬᠦᠷᠴᠦ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢ | ᠵᠣᠯᠭᠠᠭᠤᠯᠤᠨ ᠵᠥᠪᠳᠡᠯᠴᠡᠬᠦ ᠠᠵᠢᠯᠯᠠᠭ᠎ᠠ ᠥᠷᠨᠢᠭᠦᠯᠵᠦ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠬᠤᠰᠢᠭᠤ ᠳᠠᠷᠤᠭ᠎ᠠ ᠰᠢᠤᠢ ᠶᠢᠩ ᠵᠢᠶᠠᠨ ᠵᠢᠴᠢ | ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠥᠴᠢᠷ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠠᠵᠢᠯᠯᠠᠭ᠎ᠠ ᠳᠤ | ᠣᠷᠣᠯᠴᠠᠵᠠᠶ᠃ | 2021 ᠣᠨ ᠤ 12 ᠰᠠᠷ᠎ᠠ ᠶᠢᠨ 11 ᠤ ᠡᠳᠦᠷ᠂ ᠰᠢᠯᠢ ᠶᠢᠨ ᠭᠤᠣᠯ ᠤᠨ ᠡᠪᠦᠯ ᠤᠨ ᠤᠯᠠᠷᠢᠯ ᠤᠨ | ᠮᠣᠩᠭᠤᠯ ᠮᠣᠷᠢᠨ ᠤ ᠲᠠᠰ ᠤᠨ ᠬᠤᠯᠪᠣᠭᠠᠲᠤ ᠤᠷᠤᠯᠳᠤᠭᠠᠨ ᠤ ᠵᠡᠭᠦᠨ ᠦᠵᠦᠮᠦᠴᠢᠨ ᠬᠤᠰᠢᠭᠤᠨ ᠤ | ᠤᠷᠤᠯᠳᠤᠭᠠᠨ ᠤ ᠲᠣᠭᠤᠷᠢᠭ ᠤᠨ ᠰᠢᠢᠳᠪᠦᠷᠢᠲᠦ ᠤᠷᠤᠯᠳᠤᠭᠠᠨ ᠵᠢᠴᠢ ︽ᠮᠢᠩᠭᠠᠨ ᠭᠠᠵᠠᠷ ᠤᠨ ᠬᠢᠯᠢ ᠬᠢᠵᠠᠭᠠᠷ · | ᠮᠥᠩᠭᠦᠨ ᠦᠵᠦᠮᠦᠴᠢᠨ︾ ᠰᠢᠷᠢᠰ ᠠᠵᠢᠯᠯᠠᠭ᠎ᠠ ᠬᠤᠰᠢᠭᠤ ᠤᠯᠢᠶᠠᠰᠤᠲᠠᠢ ᠪᠠᠯᠭᠠᠰᠤᠨ ᠤ ᠪᠠᠶᠠᠨᠭᠤᠪᠢ ᠭᠠᠴᠠᠭ᠎ᠠ ᠳᠤ | ᠡᠬᠢᠯᠡᠪᠡ᠃ ᠲᠣᠰ ᠤᠳᠠᠭᠠᠨ ᠤ ᠠᠵᠢᠯᠯᠠᠭ᠎ᠠ ᠪᠣᠯ ᠮᠠᠨ ᠤ ᠬᠤᠰᠢᠭᠤᠨ ᠤ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ︽ᠮᠣᠩᠭᠤᠯ | ᠮᠣᠷᠢᠨ ᠤ ᠵᠣᠷᠢᠭ ᠰᠠᠨᠠᠭ᠎ᠠ︾ ᠶᠢ ᠶᠡᠬᠡᠪᠡᠷ ᠪᠠᠳᠠᠷᠠᠭᠤᠯᠬᠤ ᠪᠣᠳᠠᠲᠤ ᠠᠵᠢᠯᠯᠠᠭ᠎ᠠ ᠮᠥᠨ᠂ ᠪᠠᠰᠠ ᠴᠤ ᠣᠯᠠᠨ | ᠲᠦᠮᠡᠨ ᠤ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠤᠯᠠᠮ ᠨᠢᠭᠡ ᠠᠯᠬᠤᠮ ᠪᠠᠶᠠᠯᠢᠭᠵᠢᠭᠤᠯᠵᠤ᠂ ᠲᠣᠮᠣ | ᠬᠡᠯᠪᠡᠷᠢ ᠶᠢᠨ ᠣᠯᠠᠨ ᠲᠦᠮᠡᠨᠴᠢ ᠴᠢᠨᠠᠷᠲᠠᠶ ᠠᠳᠤᠭᠤᠨ ᠤ ᠭᠤᠤᠯ ᠰᠡᠳᠦᠪᠲᠦ ᠤᠷᠤᠯᠳᠤᠭᠠᠨ ᠤ ᠠᠵᠢᠯᠯᠠᠭ᠎ᠠ ᠮᠥᠨ᠂ | ᠪᠥᠬᠦ ᠬᠤᠰᠢᠭᠤᠨ ᠤ ᠣᠳᠣᠬᠢᠴᠢᠯᠠᠭᠰᠠᠨ ᠠᠳᠤᠭᠤᠨ ᠤ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃ ᠲᠠᠷᠠᠭᠠᠴᠢ ᠶᠢᠨ ᠠᠯᠬᠤᠮ ᠳᠤ᠂ ᠵᠡᠭᠦᠨ ᠦᠵᠦᠮᠦᠴᠢᠨ ᠬᠤᠰᠢᠭᠤ | ᠰᠣᠶᠣᠯ ᠢᠶᠠᠷ ᠵᠤᠭᠠᠴᠠᠯ ᠢ ᠱᠤᠭᠤᠬᠤ᠂ ᠵᠤᠭᠠᠴᠠᠯ ᠢᠶᠠᠷ ᠰᠣᠶᠣᠯ ᠢ ᠢᠯᠡᠷᠡᠭᠦᠯᠬᠦ ᠶᠢ ᠪᠠᠷᠢᠮᠲᠠᠯᠠᠵᠤ᠂ ᠨᠠᠩ ᠣᠯᠠᠨ | ᠤᠨᠴᠠᠯᠢᠬᠳᠤ ᠰᠣᠶᠣᠯ ᠵᠤᠭᠠᠴᠠᠯ ᠤᠨ ᠨᠠᠷᠠᠲᠤ ᠲᠡᠮᠳᠡᠭ ᠢ ᠰᠢᠨ᠎ᠡ ᠪᠠᠷ ᠡᠭᠦᠳᠴᠦ᠂ ᠬᠡᠷᠡᠯ ᠭᠢᠯᠪᠠᠭ᠎ᠠ ᠪᠠᠨ | ᠰᠠᠴᠤᠷᠠᠭᠤᠯᠤᠨ᠂ ᠵᠡᠭᠦᠨ ᠦᠵᠦᠮᠦᠴᠢᠨ ᠬᠤᠰᠢᠭᠤᠨ ᠤ ᠤᠨᠴᠠᠯᠢᠬᠳᠤ ᠰᠣᠶᠣᠯ ᠵᠤᠭᠠᠴᠠᠯ ᠤᠨ ᠠᠵᠤ ᠦᠢᠯᠡᠰ ᠤᠨ | ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠬᠠᠮᠲᠤ ᠪᠠᠷ ᠵᠢᠷᠤᠭᠯᠠᠨ᠎ᠠ᠃ | 12 ᠰᠠᠷ᠎ᠠ ᠶᠢᠨ 13 ᠤ ᠡᠳᠦᠷ ᠵᠡᠭᠦᠨ ᠦᠵᠦᠮᠦᠴᠢᠨ ᠬᠤᠰᠢᠭᠤ ᠠᠷᠪᠠᠨ ᠳᠥᠷᠪᠡᠳᠦᠭᠡᠷ ᠬᠤᠭᠤᠴᠠᠭᠠᠨ ᠤ | ᠬᠤᠰᠢᠭᠤ ᠨᠠᠮ ᠤᠨ ᠬᠤᠷᠢᠶᠠᠨ ᠤ 76 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ︵ᠥᠷᠭᠡᠳᠬᠡᠭᠰᠡᠨ︶ | ᠬᠤᠷᠠᠯ ᠵᠢᠴᠢ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠲᠤᠰᠢᠶᠠᠯ ᠤᠨ ᠮᠡᠳᠡᠭᠦᠯᠦᠯᠲᠡ ᠶᠢ ᠦᠨᠡᠯᠡᠬᠦ | ᠬᠤᠷᠠᠯ ᠪᠠ ᠰᠤᠮᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ︽ᠤᠷᠤᠯᠳᠤᠭᠠᠨ ᠤ ᠲᠠᠪᠴᠠᠩ ᠤᠨ ᠮᠥᠷᠦ᠋ᠢᠴᠡᠭᠡᠨ︾ ᠢ | ᠬᠤᠷᠠᠯᠳᠤᠭᠤᠯᠪᠠ᠃ ᠬᠤᠰᠢᠭᠤ ᠨᠠᠮ ᠤᠨ ᠬᠤᠷᠢᠶᠠᠨ ᠤ ᠱᠦᠵᠢ ᠵᠧᠦ ᠢᠦᠢ ᠯᠦᠩ ᠬᠤᠷᠠᠯ ᠢ ᠡᠷᠬᠢᠯᠡᠨ ᠶᠠᠷᠢᠶ᠎ᠠ | ᠲᠠᠯᠪᠢᠵᠤ᠂ ᠠᠶᠢᠮᠠᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠬᠠᠮᠢᠶ᠎ᠠ ᠪᠦᠬᠦᠢ ᠨᠥᠬᠦᠳ | ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃ ᠬᠤᠷᠠᠯ ᠠᠴᠠ᠂ ᠡᠯ᠎ᠡ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠦᠵᠡᠯ | ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠪᠣᠯᠤᠨ ᠠᠶᠢᠮᠠᠭ ᠤᠨ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠲᠤᠬᠠᠢ | ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠤ | ᠨᠠᠮ ᠤᠨ ᠪᠠᠶᠢᠭᠤᠯᠤᠯᠲᠠ ᠶᠢᠨ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠦᠨᠳᠦᠰᠦᠨ | ᠱᠠᠲᠤᠨ ᠤ ᠡᠯ᠎ᠡ ᠬᠦᠷᠢᠶᠡᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠪᠦᠬᠦᠯᠢ ᠴᠣᠭᠴᠠ ᠶᠢᠨ ᠳᠡᠭᠡᠭᠰᠢᠯᠡᠯᠲᠡ᠂ | ᠪᠦᠬᠦ ᠲᠠᠯ᠎ᠠ ᠪᠠᠷ ᠴᠠᠭᠠᠷᠠᠬᠤ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ᠃ ᠦᠨᠳᠦᠰᠦᠨ ᠱᠠᠲᠤᠨ ᠤ ᠵᠣᠬᠢᠶᠠᠨ | ᠪᠠᠶᠢᠭᠤᠯᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠵᠣᠬᠢᠶᠠᠨ ᠪᠠᠶᠢᠭᠤᠯᠬᠤ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠣᠳᠣᠨ | ᠲᠠᠰ ᠤᠨ ︽ᠢᠯᠡ ᠲᠣᠳᠣ ᠠᠳᠠᠯᠢᠳᠬᠠᠬᠤ︾ ᠠᠵᠢᠯᠯᠠᠭ᠎ᠠ ᠪᠠ ᠪᠠᠲᠤ ᠴᠢᠩᠭ᠎ᠠ ᠪᠠᠬᠢᠯᠡᠯᠲᠡ ᠶᠢ ᠴᠢᠷᠮᠠᠶᠢᠨ ᠡᠭᠦᠳᠬᠦ | ︽ᠵᠢᠱᠢᠶᠡᠴᠢ︾ ᠶᠢᠨ ᠨᠠᠮ ᠤᠨ ᠡᠭᠦᠷ ᠢᠶᠠᠷ ᠭᠠᠷᠳᠠᠴᠠ ᠪᠣᠯᠭᠠᠵᠤ᠂ ᠡᠯ᠎ᠡ ᠬᠦᠷᠢᠶᠡᠨ ᠤ ᠦᠨᠳᠦᠰᠦᠨ ᠱᠠᠲᠤᠨ ᠤ | ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭ᠎ᠠ ᠪᠣᠳᠠᠲᠠᠶ ᠨᠠᠷᠢᠯᠢᠭ ᠰᠠᠶᠢᠲᠤᠷ ᠠᠳᠬᠤᠵᠤ᠂ | ᠵᠡᠭᠦᠨ ᠦᠵᠦᠮᠦᠴᠢᠨ ᠬᠤᠰᠢᠭᠤᠨ ᠤ ᠣᠨᠴᠠᠯᠢᠭ ᠲᠠᠢ ᠤᠮᠠᠷᠠᠲᠤ ᠬᠢᠯᠢ ᠶᠢᠨ ᠨᠠᠮ ᠤᠨ ᠪᠠᠶᠢᠭᠤᠯᠤᠯᠲᠠ ᠶᠢᠨ ᠨᠠᠷᠠᠲᠤ | ᠲᠡᠮᠳᠡᠭ ᠢ ᠦᠷᠭᠦᠯᠵᠢᠯᠡᠨ ᠡᠭᠦᠳᠴᠦ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠳᠠᠬᠢᠨ | ᠰᠢᠨ᠎ᠡ ᠳᠡᠭᠲᠡᠷ ᠲᠤ ᠭᠠᠷᠭᠠᠬᠤ ᠶᠢ ᠪᠥᠬᠦ ᠲᠠᠯ᠎ᠠ ᠪᠠᠷ ᠠᠬᠢᠭᠤᠯᠵᠤ᠂ ᠵᠡᠭᠦᠨ ᠦᠵᠦᠮᠦᠴᠢᠨ ᠬᠤᠰᠢᠭᠤᠨ ᠤ | ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠪᠠᠲᠤ ᠴᠢᠩᠭ᠎ᠠ | ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ ᠬᠡᠷᠡᠭᠲᠡᠢ᠃ | 12 ᠰᠠᠷ᠎ᠠ ᠶᠢᠨ 17 ᠤ ᠡᠳᠦᠷ᠂ ᠬᠤᠰᠢᠭᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠷᠪᠠᠨ ᠨᠠᠢᠮᠠᠳᠤᠭᠠᠷ ᠤᠳᠠᠭᠠᠨ ᠤ ᠬᠤᠷᠠᠯ | ᠬᠤᠷᠠᠯᠳᠤᠭᠤᠯᠵᠤ᠂ ᠴᠠᠩ ᠱᠧᠩ ᠨᠥᠬᠦᠷ ᠢ ᠬᠤᠰᠢᠭᠤ ᠠᠷᠠᠳ ᠤᠨ ᠵᠠᠰᠠᠭ ᠤᠨ ᠣᠷᠳᠣᠨ ᠤ ᠣᠷᠣᠯᠠᠭᠴᠢ ᠬᠤᠰᠢᠭᠤ | ᠳᠠᠷᠤᠭ᠎ᠠ ᠶᠢᠨ ᠲᠤᠰᠢᠶᠠᠯ ᠳᠤ ᠲᠣᠮᠢᠯᠠᠬᠤ ᠪᠠᠷ ᠲᠣᠭᠲᠠᠪᠠ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ | ᠪᠠᠭᠠᠲᠤᠷ ᠬᠤᠷᠠᠯ ᠢ ᠡᠷᠭᠢᠯᠡᠪᠡ᠃ ᠬᠤᠷᠠᠯ ᠠᠴᠠ ᠴᠢᠬᠤᠯᠠᠴᠢᠯᠠᠭᠰᠠᠨ ᠨᠢ᠂ ᠲᠥᠯᠥᠭᠡᠯᠡᠭᠴᠢᠳ ᠤᠨ ᠰᠠᠨᠠᠭᠤᠯᠭ᠎ᠠ ᠶᠢᠨ | ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠪᠠ ᠠᠷᠠᠳ ᠤᠨ ᠠᠮᠢᠳᠤᠷᠠᠯ ᠤᠨ | ᠰᠠᠶᠢᠵᠢᠷᠠᠯᠲᠠ ᠶᠢ ᠠᠬᠢᠭᠤᠯᠬᠤ ᠳᠤᠮᠳᠠᠬᠢ ᠴᠢᠬᠤᠯᠠ ᠦᠢᠯᠡᠳᠦᠯ ᠢ ᠨᠠᠩ ᠰᠠᠶᠢᠲᠤᠷ ᠪᠠᠳᠠᠷᠠᠭᠤᠯᠬᠤ ᠬᠡᠷᠡᠭᠲᠡᠶ᠃ | ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠦᠢᠯᠡᠳᠦᠯᠭᠡᠵᠢᠭᠦᠯᠵᠦ᠂ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ | ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ | ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷ ᠢ ᠰᠡᠷᠭᠦᠭᠡᠬᠦ ᠲᠦᠷᠢᠮ︾ ᠵᠡᠷᠭᠡ ᠶᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠶᠢ ︽ᠲᠠᠪᠤᠨ ᠶᠡᠭᠡ ᠡᠭᠦᠷᠭᠡ︾ ᠶᠢ ᠰᠠᠶᠢᠲᠤᠷ ᠪᠡᠶᠡᠯᠡᠭᠦᠯᠬᠦ ᠴᠢᠬᠤᠯᠠ ᠭᠠᠷᠳᠠᠴᠠ ᠪᠣᠯᠭᠠᠵᠤ᠂ | ᠤᠮᠠᠷᠠᠲᠤ ᠬᠢᠯᠢ ᠶᠢᠨ ᠪᠣᠬᠢᠷᠲᠤᠯ ᠥᠬᠡᠶ ᠠᠮᠢ ᠠᠬᠤᠶ ᠶᠢᠨ ᠬᠠᠯᠬᠠᠪᠴᠢ ᠶᠢᠨ ᠪᠥᠲᠥᠭᠡᠨ ᠪᠠᠶᠢᠭᠤᠯᠤᠯᠲᠠ ᠶᠢ | ᠠᠬᠢᠭᠤᠯᠬᠤ ᠬᠡᠷᠡᠭᠲᠡᠶ᠃ ᠬᠢᠯᠢ ᠬᠢᠵᠠᠭᠠᠷ ᠣᠷᠣᠨ ᠤ ᠣᠨᠴᠠᠯᠢᠭ ᠪᠣᠯᠤᠨ ᠳᠠᠪᠠᠭᠤᠯᠢᠭ ᠲᠠᠭᠠᠨ ᠰᠠᠭᠤᠷᠢᠯᠠᠵᠤ᠂ | ᠣᠨᠴᠠᠯᠢᠭᠲᠤ ᠠᠵᠤ ᠦᠢᠯᠡᠰ ᠢ ᠬᠥᠭᠵᠢᠭᠦᠯᠵᠦ᠂ ᠬᠢᠯᠢ ᠬᠢᠵᠠᠭᠠᠷ ᠣᠷᠣᠨ ᠤ ᠴᠡᠴᠡᠭᠯᠡᠨ ᠬᠥᠭᠵᠢᠵᠦ ᠲᠣᠭᠲᠠᠭᠤᠨ | ᠪᠠᠶᠢᠬᠤ ᠶᠢ ᠠᠬᠢᠭᠤᠯᠬᠤ ᠬᠡᠷᠡᠭᠲᠡᠶ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠪᠣᠭᠤᠮᠲᠠ ᠶᠢᠨ | ᠠᠵᠤ ᠠᠬᠤᠢ ᠶᠢᠨ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ | ᠡᠭᠦᠷᠭᠡᠯᠡᠵᠦ᠂ ᠢᠳᠡᠪᠬᠢᠲᠡᠢ ᠠᠵᠢᠯᠯᠠᠵᠤ᠂ ᠵᠡᠭᠦᠨ ᠦᠵᠦᠮᠦᠴᠢᠨ ᠤ ᠠᠵᠤ ᠠᠬᠤᠢ ᠶᠢᠨ ᠪᠦᠳᠦᠭᠡᠨ ᠪᠠᠶᠢᠭᠤᠯᠤᠯᠲᠠ ᠶᠢ | ᠠᠬᠢᠭᠤᠯᠬᠤ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠤᠶᠤᠨ ᠤᠬᠠᠭᠠᠨ ᠪᠠ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠪᠡ᠃ | 12 ᠰᠠᠷ᠎ᠠ ᠶᠢᠨ 17 ᠤ ᠡᠳᠦᠷ ᠬᠤᠰᠢᠭᠤ ᠨᠠᠮ ᠤᠨ ᠬᠤᠷᠢᠶᠠᠨ ᠤ ᠴᠡᠷᠢᠭ ᠤᠨ ᠶᠠᠪᠤᠳᠠᠯ ᠢ ᠵᠥᠪᠯᠡᠬᠦ | ᠬᠤᠷᠠᠯ ᠵᠢᠴᠢ ᠰᠤᠮᠤ ᠪᠠᠯᠭᠠᠰᠤᠨ ᠤ ᠵᠡᠪᠰᠡᠭᠲᠦ ᠬᠦᠴᠦᠨ ᠢ ᠨᠠᠮ ᠠᠴᠠ ᠬᠠᠮᠢᠶᠠᠷᠬᠤ ᠠᠵᠢᠯ ᠤᠨ ᠲᠤᠰᠢᠶᠠᠯ ᠤᠨ | ᠮᠡᠳᠡᠭᠦᠯᠦᠯᠲᠡ ᠶᠢᠨ ᠬᠤᠷᠠᠯ ᠬᠤᠷᠠᠯᠳᠤᠭᠤᠯᠵᠤ᠂ ᠬᠤᠰᠢᠭᠤ ᠨᠠᠮ ᠤᠨ ᠬᠤᠷᠢᠶᠠᠨ ᠤ ᠱᠦᠵᠢ᠂ ᠠᠷᠠᠳ ᠤᠨ ᠵᠡᠪᠰᠡᠭᠲᠦ | ᠬᠦᠴᠦᠨ ᠤ ᠬᠡᠯᠲᠡᠰ ᠤᠨ ᠨᠠᠮ ᠤᠨ ᠬᠤᠷᠢᠶᠠᠨ ᠤ ᠨᠢᠭᠡᠳᠦᠭᠡᠷ ᠱᠦᠵᠢ ᠵᠧᠦ ᠢᠦᠢ ᠯᠦᠩ ᠬᠤᠷᠠᠯ ᠡᠷᠭᠢᠯᠡᠵᠦ ᠶᠠᠷᠢᠶ᠎ᠠ | ᠲᠠᠯᠪᠢᠪᠠ᠃ ᠬᠤᠷᠠᠯ ᠠᠴᠠ᠂ ᠰᠢᠨ᠎ᠡ ᠴᠠᠭ ᠦᠶ᠎ᠡ ᠶᠢᠨ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠠᠵᠢᠯ ᠢ | ᠴᠢᠩᠭᠠᠳᠬᠠᠬᠤ ᠳᠤ ᠬᠦᠨᠳᠦ ᠡᠭᠦᠷᠭᠡ ᠶᠢ ᠡᠭᠦᠷᠭᠡᠯᠡᠵᠦ᠂ ᠡᠭᠦᠷᠭᠡ ᠦᠩᠬᠡ ᠬᠡᠷᠡᠯᠳᠡᠢ ᠶᠤᠮ᠃ ᠴᠡᠷᠢᠭ ᠠᠩᠭᠢ ᠪᠠ | ᠣᠷᠣᠨ ᠨᠤᠲᠤᠭ ᠤᠨ ᠡᠯ᠎ᠡ ᠱᠠᠲᠤᠨ ᠤ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠰᠢ ᠶᠢᠨ | ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠪᠥᠬᠦ ᠲᠠᠯ᠎ᠠ ᠪᠠᠷ ᠰᠤᠷᠤᠯᠴᠠᠨ ᠲᠤᠤᠱᠯᠠᠭᠤᠯᠵᠤ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠠᠶᠢᠮᠠᠭ ᠤᠨ ᠨᠠᠮ ᠤᠨ ᠬᠤᠷᠢᠶ᠎ᠠ ᠶᠢᠨ ᠴᠡᠷᠢᠭ ᠤᠨ | ᠶᠠᠪᠤᠳᠠᠯ ᠢ ᠵᠥᠪᠯᠡᠬᠦ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠠᠵᠢᠯ ᠤᠨ ᠰᠢᠨ᠎ᠡ ᠠᠷᠭ᠎ᠠ ᠵᠠᠮ ᠢ ᠢᠳᠡᠪᠬᠢᠲᠡᠶ ᠰᠦᠪᠡᠭᠴᠢᠯᠡᠵᠦ᠂ | ᠪᠥᠬᠦ ᠬᠤᠰᠢᠭᠤᠨ ᠤ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠠᠵᠢᠯ ᠢ ᠳᠠᠬᠢᠨ ᠰᠢᠨ᠎ᠡ ᠳᠡᠭᠲᠡᠷ ᠲᠤ | ᠭᠠᠷᠭᠠᠬᠤ ᠶᠢ ᠠᠬᠢᠭᠤᠯᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ | ᠪᠠᠶᠢᠭᠤᠯᠬᠤ ᠳᠤ ᠨᠠᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠡᠶ᠃ | 12 ᠰᠠᠷ᠎ᠠ ᠶᠢᠨ 18 ᠤ ᠡᠳᠦᠷ ᠬᠤᠰᠢᠭᠤ ᠨᠠᠮ ᠤᠨ ᠬᠤᠷᠢᠶᠠᠨ ᠤ ᠱᠦᠵᠢ ᠵᠧᠤ ᠢᠦᠶ ᠯᠦᠩ ᠠᠷᠪᠠᠨ | ᠳᠥᠷᠪᠡᠳᠦᠭᠡᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ 78 ᠳ᠋ᠤᠭᠠᠷ ︵2024 ᠣᠨ ᠤ 30 ᠳ᠋ᠤᠭᠠᠷ | ᠤᠳᠠᠭ᠎ᠠ︶ ᠤᠨ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ | ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ | ᠪᠥᠬᠦ ᠬᠤᠰᠢᠭᠤᠨ ᠤ ᠬᠠᠮᠢᠶ᠎ᠠ ᠪᠥᠬᠦᠶ ᠠᠵᠢᠯ ᠥᠷᠨᠢᠭᠦᠯᠦᠭᠰᠡᠨ ᠪᠠᠶᠢᠳᠠᠯ ᠢ ᠰᠣᠨᠣᠰᠤᠭᠰᠠᠨ ᠪᠥᠭᠡᠳ ᠪᠣᠳᠠᠲᠠᠶ | ᠠᠵᠢᠯ ᠤᠨ ᠱᠠᠭᠠᠷᠳᠠᠯᠭ᠎ᠠ ᠳᠤᠷᠠᠳᠪᠠ᠃ ᠬᠤᠷᠠᠯ ᠠᠴᠠ᠂ ᠠᠵᠤ ᠠᠬᠤᠢ ᠶᠢᠨ ᠠᠵᠢᠯᠯᠠᠭᠠᠨ ᠤ ᠡᠯ᠎ᠡ ᠵᠦᠢᠯ ᠤᠨ | ᠠᠵᠢᠯ ᠢ ᠪᠣᠳᠠᠲᠠᠢ ᠠᠳᠬᠤᠨ ᠰᠠᠶᠢᠲᠤᠷ ᠠᠳᠬᠤᠵᠤ᠂ ᠪᠦᠬᠦ ᠵᠢᠯ ᠤᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠶᠠᠰᠤ | ᠴᠢᠨᠠᠷ ᠲᠤᠭ᠎ᠠ ᠬᠡᠮᠵᠢᠶ᠎ᠡ ᠶᠢ ᠪᠠᠲᠤᠯᠠᠨ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠰᠢᠨ᠎ᠡ ᠴᠠᠭ ᠦᠶ᠎ᠡ ᠶᠢᠨ ᠨᠠᠮ ᠤᠨ | ᠣᠯᠠᠨ ᠲᠦᠮᠡᠨᠴᠢ ᠱᠤᠭᠤᠮ ᠢᠶᠠᠷ ᠰᠠᠶᠢᠲᠤᠷ ᠵᠠᠮᠨᠠᠬᠤ ᠶᠢ ᠪᠠᠷᠢᠮᠲᠠᠯᠠᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ | ᠬᠠᠮᠲᠤᠳᠬᠠᠵᠤ᠂ ᠪᠦᠯᠬᠦᠮᠳᠡᠨ ᠲᠡᠮᠡᠴᠡᠵᠦ᠂ ᠴᠢᠨᠠᠷ ᠰᠠᠶᠢᠲᠠᠶ ᠨᠠᠮ ᠤᠨ ᠪᠠᠶᠢᠭᠤᠯᠤᠯᠲᠠ ᠶᠢᠨ ᠠᠵᠢᠯ ᠢᠶᠠᠷ | ᠥᠭᠡᠷᠡᠴᠢᠯᠡᠯᠲᠡ ᠬᠥᠭᠵᠢᠯᠲᠡ ᠶᠢᠨ ᠡᠭᠦᠷᠭᠡ ᠶᠢ ᠨᠠᠶᠢᠳᠠᠪᠤᠷᠢᠵᠢᠭᠤᠯᠬᠤ ᠶᠢ ᠬᠥᠲᠥᠯᠥᠨ ᠳᠠᠭᠠᠭᠤᠯᠵᠤ᠂ ᠰᠢᠨ᠎ᠡ ᠴᠠᠭ | ᠦᠶ᠎ᠡ ᠶᠢᠨ ᠵᠡᠭᠦᠨ ᠦᠵᠦᠮᠦᠴᠢᠨ ᠬᠤᠰᠢᠭᠤᠨ ᠤ ᠨᠡᠶᠢᠭᠡᠮ ᠤᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ | ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠶ ᠭᠡᠵᠡᠢ᠃ ᠣᠳᠣᠬᠠᠨ ᠤ ᠬᠥᠮᠦᠨ ᠠᠮᠠ ᠶᠢᠨ ᠬᠥᠭᠵᠢᠯᠲᠡ ᠶᠢᠨ ᠰᠢᠨ᠎ᠡ | ᠪᠠᠶᠢᠳᠠᠯ ᠰᠢᠨ᠎ᠡ ᠬᠠᠨᠳᠤᠰᠢ ᠰᠢᠨ᠎ᠡ ᠣᠨᠴᠠᠯᠢᠭ ᠢ ᠣᠨᠣᠪᠴᠢᠲᠠᠶ ᠡᠵᠡᠮᠳᠡᠵᠦ᠂ ᠲᠥᠷᠥ ᠶᠢᠨ ᠪᠣᠳᠣᠯᠭ᠎ᠠ ᠶᠢᠨ | ᠬᠠᠩᠭᠠᠯᠭ᠎ᠠ ᠶᠢ ᠬᠠᠨᠳᠤᠯᠭᠠᠲᠤ ᠴᠢᠨᠠᠷᠲᠠᠶ ᠪᠠᠷ ᠰᠢᠯᠢᠳᠡᠭᠵᠢᠭᠦᠯᠵᠦ᠂ ᠰᠠᠭᠤᠷᠢ ᠲᠥᠬᠦᠭᠡᠷᠦᠮᠵᠢ ᠶᠢᠨ ᠪᠥᠲᠥᠭᠡᠨ | ᠪᠠᠶᠢᠭᠤᠯᠤᠯᠲᠠ᠂ ᠴᠢᠳᠠᠪᠤᠷᠢᠲᠠᠨ ᠤ ᠦᠢᠯᠡᠴᠢᠯᠡᠭᠡᠨ ᠤ ᠪᠠᠲᠤᠯᠠᠭ᠎ᠠ ᠵᠡᠷᠭᠡ ᠡᠯ᠎ᠡ ᠵᠦᠢᠯ ᠤᠨ ᠠᠵᠢᠯ ᠢ ᠨᠢᠭᠡᠳᠦᠯᠲᠡᠶ | ᠲᠥᠯᠥᠪᠯᠡᠨ ᠰᠠᠶᠢᠲᠤᠷ ᠬᠢᠵᠦ᠂ ᠰᠤᠷᠭᠠᠨ ᠬᠥᠮᠦᠵᠢᠯ᠂ ᠡᠮ ᠡᠮᠨᠡᠯᠭᠡ᠂ ᠠᠵᠢᠯ ᠣᠯᠭᠤᠯᠲᠠ ᠵᠡᠷᠭᠡ ᠬᠦᠷᠢᠶᠡᠨ ᠳᠠᠬᠢ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠦᠷᠭᠦᠯᠵᠢᠯᠡᠨ ᠰᠠᠶᠢᠲᠤᠷ ᠠᠳᠬᠤᠵᠤ᠂ ᠦᠢᠯᠡᠴᠢᠯᠡᠭᠡᠨ ᠤ | ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠥᠮᠦᠨ ᠠᠮᠠ ᠶᠢᠨ ᠴᠢᠨᠠᠷ ᠰᠠᠶᠢᠲᠠᠶ | ᠬᠥᠭᠵᠢᠯᠲᠡ ᠳᠤ ᠦᠨᠡᠨ ᠬᠦ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠶ᠃ | 12 ᠰᠠᠷ᠎ᠠ ᠶᠢᠨ 19 ᠤ ᠡᠳᠦᠷ ᠬᠤᠰᠢᠭᠤ ᠨᠠᠮ ᠤᠨ ᠬᠤᠷᠢᠶᠠᠨ ᠤ ᠱᠦᠵᠢ ᠵᠧᠦ ᠢᠦᠢ ᠯᠦᠩ ᠳᠤᠮᠳᠠᠳᠤ | ᠤᠯᠤᠰ ᠤᠨ ᠡᠪ ᠬᠠᠮᠲᠤ ᠨᠠᠮ ᠤᠨ ᠵᠡᠭᠦᠨ ᠦᠵᠦᠮᠦᠴᠢᠨ ᠬᠤᠰᠢᠭᠤᠨ ᠤ ᠬᠤᠷᠢᠶᠠᠨ ᠤ ᠣᠨᠣᠯ ᠰᠤᠷᠤᠯᠴᠠᠬᠤ ᠭᠤᠣᠯ | ᠳᠤᠭᠤᠶᠢᠯᠠᠩ ᠤᠨ 2024 ᠣᠨ ᠤ 13 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠬᠢᠯᠡᠨ | ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ | ᠭᠡᠰᠢᠭᠦᠳ ᠬᠤᠷᠠᠯ ᠳᠤ ᠣᠷᠣᠯᠴᠠᠵᠠᠶ᠃ ᠬᠤᠷᠠᠯ ᠠᠴᠠ᠂ ᠠᠵᠤ ᠠᠬᠤᠢ ᠶᠢᠨ ᠠᠵᠢᠯ ᠳᠠᠬᠢ ᠨᠠᠮ ᠤᠨ | ᠤᠳᠤᠷᠢᠳᠤᠯᠭ᠎ᠠ ᠶᠢ ᠴᠢᠩᠭᠠᠳᠬᠠᠵᠤ᠂ ᠠᠵᠢᠯᠯᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠢᠲᠡᠭᠡᠯ | ᠵᠣᠷᠢᠭ ᠢᠶᠠᠨ ᠨᠡᠮᠡᠭᠳᠡᠭᠦᠯᠵᠦ᠂ ᠬᠦᠴᠢᠷ ᠢ ᠰᠦᠷᠦᠨ ᠤᠷᠤᠭᠰᠢᠯᠠᠵᠤ᠂ ᠬᠦᠴᠦᠯᠡᠨ ᠴᠢᠷᠮᠠᠶᠢᠵᠤ ᠦᠢᠯᠡᠰ ᠪᠦᠲᠦᠭᠡᠵᠦ᠂ | ᠨᠠᠮ ᠤᠨ ᠲᠥᠪ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ | ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠤᠳᠤᠷᠢᠳᠬᠤ ᠺᠠᠳ᠋ᠷᠴᠤᠳ ᠥᠭᠡᠷᠡᠴᠢᠯᠡᠯᠲᠡ ᠶᠢ ᠠᠬᠢᠭᠤᠯᠬᠤ | ᠴᠢᠬᠤᠯᠠ ᠲᠤᠰᠢᠶᠠᠯ ᠬᠠᠷᠢᠭᠤᠴᠠᠯᠭ᠎ᠠ ᠪᠠᠨ ᠡᠭᠦᠷᠭᠡᠯᠡᠵᠦ᠂ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠵᠤ᠂ | ᠢᠳᠡᠪᠬᠢ ᠬᠦᠴᠦᠨ ᠵᠦᠢᠯ ᠢ ᠭᠦᠢᠴᠡᠳ ᠳᠠᠶᠢᠴᠢᠯᠠᠨ ᠥᠭᠡᠷᠡᠴᠢᠯᠡᠯᠲᠡ ᠶᠢ ᠠᠬᠢᠭᠤᠯᠬᠤ ᠬᠡᠷᠡᠭᠲᠡᠢ᠃ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠶᠠᠪᠤᠳᠠᠯ ᠢ ᠬᠢᠯᠢ ᠬᠢᠵᠠᠭᠠᠷ ᠤᠨ | ᠦᠨᠳᠦᠰᠦᠲᠡᠨ ᠤ ᠭᠠᠵᠠᠷ ᠣᠷᠣᠨ ᠤ ᠠᠵᠢᠯ ᠤᠨ ᠭᠤᠣᠯ ᠱᠤᠭᠤᠮ ᠪᠣᠯᠭᠠᠬᠤ ᠶᠢ ᠪᠠᠷᠢᠮᠲᠠᠯᠠᠵᠤ᠂ ᠤᠯᠤᠰ ᠤᠨ ᠠᠮᠤᠷ | ᠲᠦᠪᠰᠢᠨ ᠪᠠ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠶᠢ ᠬᠢᠯᠢ ᠬᠢᠵᠠᠭᠠᠷ ᠤᠨ ᠵᠠᠰᠠᠯᠲᠠ ᠶᠢᠨ ᠬᠤᠷᠢᠭ᠎ᠠ | ᠱᠤᠭᠤᠮ ᠤᠨ ᠱᠠᠭᠠᠷᠳᠠᠯᠭ᠎ᠠ ᠪᠣᠯᠭᠠᠬᠤ ᠶᠢ ᠪᠠᠷᠢᠮᠲᠠᠯᠠᠬᠤ ᠬᠡᠷᠡᠭᠲᠡᠢ᠃ ᠤᠮᠠᠷᠠᠲᠤ ᠬᠢᠯᠢ ᠶᠢᠨ ᠰᠣᠶᠣᠯ ᠤᠨ | ᠰᠤᠳᠤᠯᠭᠠᠨ ᠢ ᠭᠦᠨᠵᠡᠭᠡᠢ ᠪᠣᠳᠠᠲᠠᠢ ᠬᠢᠵᠦ᠂ ᠤᠳᠬ᠎ᠠ ᠤᠷᠠᠯᠢᠭ ᠤᠨ ᠰᠣᠳᠣᠨ ᠪᠦᠲᠦᠭᠡᠯ ᠢ ᠵᠣᠬᠢᠶᠠᠨ ᠪᠦᠲᠦᠭᠡᠬᠦ ᠳᠤ | ᠠᠩᠬᠠᠷᠤᠯ ᠢᠶᠠᠨ ᠲᠥᠪᠯᠡᠷᠡᠭᠦᠯᠵᠦ᠂ ᠤᠮᠠᠷᠠᠲᠤ ᠬᠢᠯᠢ ᠶᠢᠨ ᠰᠣᠶᠣᠯ ᠤᠨ ᠦᠵᠡᠭᠦᠯᠭᠡ ᠶᠢ ᠢᠳᠡᠪᠬᠢᠲᠡᠢ ᠥᠷᠨᠢᠭᠦᠯᠵᠦ᠂ | ᠤᠮᠠᠷᠠᠲᠤ ᠬᠢᠯᠢ ᠶᠢᠨ ᠰᠣᠶᠣᠯ ᠤᠨ ᠲᠦᠷᠦᠯ ᠲᠡᠮᠳᠡᠭ ᠢ ᠦᠷᠭᠦᠯᠵᠢᠯᠡᠨ ᠭᠡᠷᠡᠯᠳᠦᠬᠦᠯᠬᠦ ᠬᠡᠷᠡᠭᠲᠡᠢ᠃ ᠦᠨᠳᠦᠰᠦᠲᠡᠨ ᠤ | ᠪᠦᠯᠬᠦᠮᠳᠡᠯ ᠪᠣᠯ ᠮᠠᠨ ᠤ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠠᠮᠢᠨ ᠰᠤᠳᠠᠰᠤ ᠮᠥᠨ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠦᠨᠳᠦᠰᠦᠨ ᠴᠢᠭᠯᠡᠯ | ᠪᠣᠯᠭᠠᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠴᠢᠩᠭᠠᠳᠬᠠᠬᠤ ᠪᠠᠷ | ᠦᠨᠳᠦᠰᠦᠨ ᠠᠷᠭ᠎ᠠ ᠵᠠᠮ ᠪᠣᠯᠭᠠᠵᠤ᠂ ︽ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠦᠨ ᠮᠡᠲᠦ ᠳᠣᠲᠣᠨᠣ | ᠪᠠᠶᠢᠵᠤ᠂ ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠶᠢ ᠬᠠᠮᠲᠤᠪᠠᠷ ᠲᠡᠷᠭᠡᠯᠰᠢᠭᠦᠯᠬᠦ︾ ᠪᠠᠷ ᠶᠡᠷᠦᠩᠬᠡᠢ ᠬᠠᠷᠠᠯᠲᠠ | ᠪᠣᠯᠭᠠᠵᠤ᠂ ᠬᠠᠮᠲᠤᠪᠠᠷ ᠪᠦᠯᠬᠦᠮᠳᠡᠨ ᠲᠡᠮᠡᠴᠡᠵᠦ᠂ ᠬᠠᠮᠲᠤᠪᠠᠷ ᠴᠡᠴᠡᠭᠯᠡᠨ ᠬᠥᠭᠵᠢᠬᠦ ᠬᠡᠷᠡᠭᠲᠡᠢ᠃ | 12 ᠰᠠᠷ᠎ᠠ ᠶᠢᠨ 20 ᠤ ᠡᠳᠦᠷ ᠪᠡᠭᠡᠵᠢᠩ ᠬᠤᠲᠠ ᠶᠢᠨ ᠸᠠᠩ ᠹᠦ᠋ ᠵᠢᠩ ᠶᠠᠪᠠᠭᠠᠨ ᠵᠡᠭᠡᠯᠢ ᠳᠤ ᠨᠢᠭᠡᠨ | ᠴᠡᠪᠡᠷ ᠴᠠᠭᠠᠨ ᠮᠣᠩᠭᠤᠯ ᠭᠡᠷ ᠰᠦᠨᠳᠡᠷᠯᠡᠵᠦ᠂ ᠳᠣᠲᠣᠷ᠎ᠠ ᠨᠢ ᠤᠶᠠᠩᠭᠠᠲᠤ ᠳᠠᠭᠤᠤ ᠪᠠ ᠢᠨᠢᠶᠡᠯᠴᠡᠬᠦ ᠳᠠᠭᠤᠨ | ᠭᠠᠷᠤᠨ᠎ᠠ᠃ ᠦᠵᠡᠰᠬᠦᠯᠡᠩᠲᠦ ᠰᠠᠶᠢᠬᠠᠨ ᠬᠤᠪᠴᠠᠰᠤ ᠡᠮᠦᠰᠦᠭᠰᠡᠨ ᠤᠯᠠᠭᠠᠨᠮᠥ᠋ᠴᠢᠷ ᠤᠨ ᠲᠣᠭᠯᠠᠭᠴᠢᠳ ᠳᠠᠭᠤᠯᠠᠨ | ᠪᠥᠵᠢᠭᠯᠡᠵᠦ᠂ ᠬᠥᠮᠦᠰ ᠲᠤ ᠭᠤᠶᠢᠳᠠ ᠰᠠᠶᠢᠬᠠᠨ ᠲᠣᠭᠯᠠᠯᠲᠠ ᠠᠪᠴᠢᠷᠠᠵᠤ ᠥᠭᠪᠡ᠃ ᠵᠤᠭᠠᠴᠠᠭᠰᠠᠳ ᠬᠤᠲᠠ ᠶᠢᠨ | ᠠᠷᠠᠳ ᠲᠠᠢ ᠰᠦᠯᠵᠢᠯᠳᠦᠵᠦ᠂ ᠥᠪᠥᠷ ᠮᠣᠩᠭᠤᠯ ᠤᠨ ᠰᠢᠯᠢ ᠶᠢᠨ ᠭᠤᠣᠯ ᠠᠶᠢᠮᠠᠭ ᠤᠨ ᠵᠡᠭᠦᠨ ᠦᠵᠦᠮᠦᠴᠢᠨ | ᠬᠤᠰᠢᠭᠤᠨ ᠤ ᠣᠨᠴᠠᠯᠢᠭᠲᠤ ᠠᠮᠲᠠᠲᠤ ᠢᠳᠡᠭᠡᠨ - ᠦᠵᠦᠮᠦᠴᠢᠨ ᠬᠤᠨᠢᠨ ᠮᠢᠬ᠎ᠠ ᠶᠢ ᠠᠮᠲᠠᠯᠠᠵᠤ᠂ ᠪᠠᠰᠠ ᠪᠠᠶᠢᠨ | ᠪᠠᠶᠢᠨ ᠭᠡᠷᠡᠯ ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠪᠡ᠃ ᠭᠡᠷ᠎ᠡ ᠲᠣᠭᠲᠠᠬᠤ ᠶᠣᠰᠣᠯᠠᠯ ᠳᠡᠭᠡᠷ᠎ᠡ᠂ ᠲᠤᠬᠠᠶ ᠶᠢᠨ | ᠭᠠᠵᠠᠷ ᠤᠨ ᠵᠠᠰᠠᠭ ᠤᠨ ᠣᠷᠳᠣᠨ ᠪᠣᠯᠤᠨ ᠪᠡᠭᠡᠵᠢᠩ ᠳᠤ ᠬᠤᠷᠰᠢᠭᠰᠠᠨ ᠠᠵᠤ ᠠᠬᠤᠶᠢᠯᠠᠯ ᠪᠠᠰᠠ ︽ᠪᠡᠭᠡᠵᠢᠩ | ᠥᠪᠥᠷ ᠮᠣᠩᠭᠤᠯ ᠤᠨ ᠬᠤᠨᠢᠨ ᠤ ᠦᠢᠯᠡᠰ ᠤᠨ ᠬᠡᠯᠬᠢᠶᠡᠵᠢᠭᠰᠡᠨ ᠮᠠᠯ ᠤᠨ ᠠᠰᠢᠭ ᠰᠢᠮ᠎ᠡ ᠶᠢᠨ ᠬᠠᠮᠵᠢᠯᠴᠠᠭᠠᠨ ᠤ | ᠴᠣᠭᠴᠠ︾ ᠪᠠᠶᠢᠭᠤᠯᠵᠤ᠂ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠴᠢᠩᠭᠠᠳᠬᠠᠬᠤ ᠪᠠᠷ ᠳᠠᠮᠵᠢᠭᠤᠯᠤᠨ᠂ ᠠᠵᠤ | ᠦᠢᠯᠡᠰ ᠤᠨ ᠳᠡᠭᠡᠭᠰᠢᠯᠡᠯᠲᠡ ᠠᠴᠠ ᠨᠠᠷᠠᠲᠤ ᠲᠡᠮᠳᠡᠭᠲᠦ ᠶᠢ ᠨᠠᠶᠢᠳᠠᠪᠤᠷᠢᠵᠢᠭᠤᠯᠬᠤ ᠬᠦᠷᠲᠡᠯᠡᠬᠢ ᠪᠦᠷᠢᠨ ᠪᠦᠲᠦᠨ | ᠵᠠᠮ ᠢ ᠨᠡᠪᠲᠡᠷᠡᠭᠦᠯᠵᠦ᠂ ᠠᠷᠠᠳ ᠣᠯᠠᠨ ᠤ ᠢᠳᠡᠰᠢᠨ ᠨᠣᠭᠤᠭ᠎ᠠ ᠶᠢᠨ ᠬᠠᠩᠭᠠᠯᠭ᠎ᠠ ᠶᠢ ᠦᠨᠡᠨ ᠬᠦ ᠪᠠᠲᠤᠯᠠᠪᠠ᠃ | ᠪᠡᠭᠡᠵᠢᠩ ᠤᠨ ᠵᠢᠩ ᠼᠢ ᠶᠠᠨ ᠰᠢᠨ ᠢᠳᠡᠭᠡᠨ ᠤᠮᠳᠠᠭᠠᠨ ᠤ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠶᠢᠨ | ᠬᠠᠷᠢᠭᠤᠴᠠᠯᠭᠠᠲᠠᠨ ᠼᠤᠤ ᠰᠢ ᠲᠠᠩ᠂ ᠵᠡᠭᠦᠨ ᠦᠵᠦᠮᠦᠴᠢᠨ ᠬᠤᠰᠢᠭᠤᠨ ᠤ ᠲᠤᠬᠠᠶ ᠶᠢᠨ ᠭᠠᠵᠠᠷ ᠤᠨ ᠠᠵᠤ | ᠠᠬᠤᠶᠢᠯᠠᠯ ᠠᠴᠠ ᠦᠵᠦᠮᠦᠴᠢᠨ ᠬᠤᠨᠢ ᠬᠤᠳᠠᠯᠳᠤᠨ ᠠᠪᠣᠭᠰᠠᠭᠠᠷ ᠢᠷᠡᠵᠡᠶ᠂ ᠥᠩᠭᠡᠷᠡᠭᠰᠡᠨ ᠳᠤ ᠬᠤᠨᠢᠨ ᠮᠢᠬᠠᠨ ᠤ | ᠦᠨ᠎ᠡ ᠪᠠᠶᠢᠩᠭᠤ ᠬᠡᠯᠪᠡᠯᠵᠡᠳᠡᠭ᠂ ᠣᠲᠣ ᠬᠤᠨᠢᠨ ᠤ ᠢᠷᠡᠯᠲᠡ ᠶᠢ ᠤᠷᠢᠳᠴᠢᠯᠠᠨ ᠲᠣᠭᠲᠠᠭᠠᠵᠤ᠂ ᠲᠣᠭᠲᠠᠭᠤᠨ | ᠬᠠᠩᠭᠠᠯᠭ᠎ᠠ ᠶᠢ ᠦᠨᠡᠨ ᠬᠦ ᠪᠠᠲᠤᠯᠠᠵᠤ᠂ ᠠᠵᠤ ᠠᠬᠤᠶᠢᠯᠠᠯ ᠪᠠ ᠮᠠᠯᠴᠢᠳ ᠲᠤ ᠠᠪᠴᠤ ᠬᠡᠯᠡᠪᠡᠯ ᠬᠤᠤᠰ ᠠᠮᠵᠢᠯᠲᠠ | ᠪᠣᠯᠤᠨ᠎ᠠ᠃ | 12 ᠰᠠᠷ᠎ᠠ ᠶᠢᠨ 23 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠵᠧᠦ ᠢᠦᠢ ᠯᠦᠩ ᠵᠡᠭᠦᠨ | ᠬᠠᠲᠠᠪᠴᠢ ᠪᠣᠭᠤᠮᠲᠠ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ᠃ ᠬᠤᠰᠢᠭᠤᠨ ᠤ ᠪᠣᠭᠤᠮᠲᠠ ᠶᠢᠨ | ᠵᠥᠪᠯᠡᠯ᠂ ᠪᠣᠭᠤᠮᠲᠠ᠂ ᠵᠡᠭᠦᠨ ᠬᠠᠲᠠᠪᠴᠢ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ | ᠥᠷᠲᠡᠭᠡ ᠵᠡᠷᠭᠡ ᠰᠠᠯᠠᠭ᠎ᠠ ᠮᠥᠴᠢᠷ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ | ᠰᠤᠳᠤᠯᠤᠯᠲᠠ ᠬᠢᠪᠠ᠃ ᠵᠧᠦ ᠢᠦᠢ ᠯᠦᠩᠴᠢᠬᠤᠯᠠᠴᠢᠯᠠᠬᠤ ᠳᠠᠭᠠᠨ᠂ ᠤᠯᠤᠰ ᠤᠨ ᠬᠢᠯᠢ ᠳᠠᠭᠠᠤ ᠨᠡᠭᠡᠭᠡᠯᠲᠡ ᠬᠢᠬᠦ ᠶᠢ | ᠥᠷᠭᠡᠳᠬᠡᠬᠦ ᠪᠠ ᠥᠪᠡᠷᠲᠡᠭᠡᠨ ᠵᠠᠰᠠᠬᠤ ᠣᠷᠣᠨ ᠤ ᠤᠮᠠᠷᠠᠰᠢ ᠨᠡᠭᠡᠭᠡᠯᠲᠡ ᠬᠢᠬᠦ ᠪᠠᠶᠢᠯᠳᠤᠬᠤ ᠪᠣᠳᠣᠯᠭ᠎ᠠ ᠶᠢᠨ | ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠴᠢᠩᠭ᠎ᠠ ᠠᠳᠬᠤᠵᠤ᠂ ︽ᠲᠠᠪᠤᠨ ᠶᠡᠭᠡ ᠡᠭᠦᠷᠭᠡ︾ ᠪᠠᠷ | ᠶᠡᠷᠦᠩᠬᠡᠶᠢᠯᠡᠨ ᠵᠢᠯᠣᠭᠤᠳᠤᠭᠤᠯᠵᠤ᠂ ᠣᠶᠤᠨᠴᠢ ᠪᠣᠭᠤᠮᠲᠠ᠂ ᠬᠢᠯᠢ ᠠᠯᠤᠰᠯᠠᠭᠰᠠᠨ ᠠᠯᠤᠰ ᠡᠵᠡᠮᠰᠢᠯᠲᠦ ᠲᠡᠭᠡᠭᠡᠪᠦᠷᠢ | ᠵᠡᠷᠭᠡ ᠬᠤᠯᠪᠣᠯᠳᠤᠨ ᠨᠡᠪᠲᠡᠷᠡᠯᠴᠡᠬᠦ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠴᠢᠩᠭ᠎ᠠ ᠠᠳᠬᠤᠵᠤ᠂ | ᠪᠣᠭᠤᠮᠲᠠ ᠪᠠᠷ ᠥᠩᠭᠡᠷᠡᠬᠦ ᠴᠤᠪᠤᠷᠠᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠪᠠᠷᠠᠭᠠᠨ ᠤ ᠭᠦᠢᠯᠭᠡᠭᠡᠨ ᠤ | ᠥᠪᠡᠷ ᠤᠨ ᠥᠷᠲᠡᠭ ᠢ ᠪᠠᠭᠤᠷᠠᠭᠤᠯᠵᠤ᠂ ᠬᠢᠯᠢ ᠠᠯᠤᠰᠯᠠᠭᠰᠠᠨ ᠠᠷᠠᠯᠵᠢᠶᠠᠨ ᠤ ᠳᠥᠭᠦᠮᠴᠢᠯᠡᠯᠲᠡ ᠪᠠ ᠪᠣᠭᠤᠮᠲᠠ ᠶᠢᠨ | ᠥᠷᠢᠰᠦᠯᠳᠦᠬᠦ ᠬᠦᠴᠦᠨ ᠢ ᠳᠡᠭᠡᠭᠰᠢᠯᠡᠭᠦᠯᠬᠦ ᠬᠡᠷᠡᠭᠲᠡᠶ᠃ ᠪᠣᠭᠤᠮᠲᠠ ᠶᠢᠨ ᠪᠠᠷᠠᠭᠠᠨ ᠤ ᠭᠦᠢᠯᠭᠡᠭᠡᠨ ᠤ ᠬᠦᠷᠢᠶᠡᠯᠡᠩ | ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ | ᠲᠡᠭᠦᠯᠳᠡᠷᠵᠢᠭᠦᠯᠵᠦ᠂ ᠪᠣᠭᠤᠮᠲᠠ ᠶᠢᠨ ᠪᠠᠷᠠᠭᠠᠨ ᠤ ᠭᠦᠢᠯᠭᠡᠭᠡᠨ ᠤ ᠬᠥᠮᠥᠷᠭᠡᠯᠡᠨ ᠬᠠᠳᠠᠭᠠᠯᠠᠬᠤ ᠴᠢᠳᠠᠪᠤᠷᠢ᠂ | ᠪᠣᠭᠤᠮᠲᠠ ᠶᠢᠨ ᠡᠳ᠋ ᠪᠠᠷᠠᠭ᠎ᠠ ᠣᠷᠣᠭᠤᠯᠵᠤ ᠭᠠᠷᠭᠠᠬᠤ ᠴᠢᠳᠠᠪᠤᠷᠢ ᠵᠢᠴᠢ ᠪᠣᠭᠤᠮᠲᠠ ᠪᠠᠷ ᠥᠩᠭᠡᠷᠡᠬᠦ ᠦᠷ᠎ᠡ | ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠵᠦ᠂ ᠪᠣᠭᠤᠮᠲᠠ ᠶᠢᠨ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠦᠨ | ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠶ᠃ ᠪᠣᠭᠤᠮᠲᠠ ᠶᠢᠨ ᠭᠠᠳᠠᠭᠠᠳᠤ ᠠᠴᠠ ᠣᠷᠣᠭᠤᠯᠬᠤ | ᠲᠠᠸᠠᠷ ᠤᠨ ᠲᠦᠷᠦᠯ ᠵᠦᠢᠯ ᠢ ᠤᠯᠠᠮ ᠴᠢᠨᠠᠭᠰᠢᠳᠠ ᠥᠷᠭᠡᠳᠬᠡᠵᠦ᠂ ᠪᠣᠳᠠᠲᠠᠢ ᠭᠠᠵᠠᠷ ᠲᠤᠨᠢ ᠡᠳ᠋ᠰᠢᠭᠦᠯᠬᠦ᠂ ᠭᠠᠶᠢᠯᠢ | ᠪᠠᠲᠤᠯᠠᠬᠤ ᠪᠠᠷᠠᠭᠠᠨ ᠤ ᠭᠦᠢᠯᠭᠡᠭᠡ ᠵᠡᠷᠭᠡ ᠭᠠᠳᠠᠭᠰᠢ ᠴᠢᠭᠯᠡᠭᠦᠯᠦᠭᠰᠡᠨ ᠠᠵᠤ ᠠᠬᠤᠶᠢᠯᠠᠯ ᠢ ᠭᠤᠣᠯᠳᠠᠯᠭ᠎ᠠ ᠲᠠᠢ | ᠪᠤᠶᠢᠵᠢᠭᠤᠯᠵᠤ᠂ ᠪᠣᠭᠤᠮᠲᠠ ᠶᠢᠨ ︽ᠵᠠᠮ ᠥᠩᠭᠡᠷᠡᠬᠦ ᠠᠵᠤ ᠠᠬᠤᠢ︾ ᠠᠴᠠ ︽ᠨᠠᠶᠢᠳᠠᠪᠤᠷᠢᠵᠢᠭᠰᠠᠨ ᠠᠵᠤ ᠠᠬᠤᠢ︾ | ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠪᠣᠭᠤᠮᠲᠠ ᠶᠢᠨ ᠳᠠᠪᠠᠭᠤᠯᠢᠭ ᠢ ᠦᠨᠡᠨᠬᠦ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠬᠡᠷᠡᠭᠲᠡᠢ᠃ | 12 ᠰᠠᠷ᠎ᠠ ᠶᠢᠨ 25 ᠤ ᠡᠳᠦᠷ ᠠᠴᠠ 26 ᠤ ᠡᠳᠦᠷ ᠪᠣᠯᠲᠠᠯ᠎ᠠ ᠬᠤᠰᠢᠭᠤᠨ ᠤ ᠨᠠᠮ ᠤᠨ ᠬᠤᠷᠢᠶᠠᠨ ᠤ ᠳᠡᠳ᠋ | ᠱᠦᠵᠢ᠂ ᠵᠠᠰᠠᠭ ᠤᠨ ᠣᠷᠳᠣᠨ ᠤ ᠣᠷᠣᠯᠠᠭᠴᠢ ᠬᠤᠰᠢᠭᠤᠨ ᠳᠠᠷᠤᠭ᠎ᠠ ᠴᠠᠩ ᠱᠧᠩ ᠠᠭᠤᠷᠬᠠᠶ ᠶᠢᠨ ᠠᠵᠤ | ᠠᠬᠤᠶᠢᠯᠠᠯ ᠪᠠ ᠵᠡᠭᠦᠨ ᠬᠡᠰᠡᠭ ᠤᠨ ᠰᠤᠮᠤ ᠪᠠᠯᠭᠠᠰᠤᠨ ᠳᠤ ᠭᠦᠨᠵᠡᠭᠡᠶᠢᠷᠡᠨ ᠠᠭᠤᠷᠬᠠᠶ ᠶᠢᠨ ᠠᠵᠤ ᠠᠬᠤᠶᠢᠯᠠᠯ ᠤᠨ | ᠠᠵᠢᠯᠯᠠᠭᠠᠨ ᠵᠢᠴᠢ ᠠᠶᠤᠯᠭᠦᠶ ᠦᠢᠯᠡᠳᠪᠦᠷᠢᠯᠡᠯ ᠪᠠ ᠮᠠᠯᠵᠢᠬᠤ ᠣᠷᠣᠨ ᠤ ᠡᠪᠦᠯ ᠤᠨ ᠤᠯᠠᠷᠢᠯ ᠤᠨ ᠮᠠᠯ ᠠᠵᠤ | ᠠᠬᠤᠶ ᠶᠢᠨ ᠦᠢᠯᠡᠳᠪᠦᠷᠢᠯᠡᠯ ᠠᠮᠢᠳᠤᠷᠠᠯ ᠵᠡᠷᠭᠡ ᠪᠠᠶᠢᠳᠠᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠵᠦ ᠬᠢᠨᠠᠨ | ᠵᠢᠯᠣᠭᠤᠳᠪᠠ᠃ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠡᠷᠬᠢᠯᠡᠭᠴᠢ ᠪᠠᠭᠠᠲᠤᠷ᠂ ᠬᠤᠰᠢᠭᠤ ᠵᠠᠰᠠᠭ ᠤᠨ ᠣᠷᠳᠣᠨ ᠤ ᠳᠡᠳ᠋ ᠳᠠᠷᠤᠭ᠎ᠠ ᠰᠡᠴᠡᠨ | ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃ | ᠰᠠᠮᠠᠢ ᠰᠤᠮᠤ᠂ ᠭᠠᠬᠢᠯ ᠰᠤᠮᠤ᠂ ᠮᠠᠨᠳᠣᠬᠤᠪᠤᠯᠠᠭ ᠪᠠᠯᠭᠠᠰᠤ᠂ ᠬᠦᠷᠢᠶᠡᠲᠦᠨᠠᠭᠤᠷ ᠰᠤᠮᠤ ᠳᠤ ᠪᠠᠶᠢᠴᠠᠭᠠᠨ | ᠰᠤᠳᠤᠯᠤᠯᠲᠠ ᠬᠢᠬᠦ ᠳᠡᠭᠡᠨ᠂ ᠴᠠᠩ ᠱᠧᠩ ᠨᠡᠷ ᠤᠷᠢᠳ ᠬᠤᠵᠢᠳ ᠡᠯ᠎ᠡ ᠰᠤᠮᠤ ᠪᠠᠯᠭᠠᠰᠤᠨ ᠤ ᠭᠤᠤᠯᠳᠠᠯᠭ᠎ᠠ ᠲᠠᠢ | ᠠᠵᠢᠯ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠡᠰᠡᠭ ᠭᠠᠴᠠᠭᠠᠨ ᠤ ᠲᠡᠵᠢᠭᠡᠨ | ᠦᠷᠡᠵᠢᠭᠦᠯᠬᠦ ᠰᠠᠭᠤᠷᠢᠨ ᠭᠠᠵᠠᠷ᠂ ᠮᠠᠯᠵᠢᠬᠤ ᠡᠷᠦᠬᠡ ᠳᠤ ᠭᠦᠨᠵᠡᠭᠡᠶᠢᠷᠡᠨ᠂ ᠮᠠᠯᠵᠢᠬᠤ ᠣᠷᠣᠨ ᠤ ᠡᠪᠦᠯ ᠤᠨ | ᠤᠯᠠᠷᠢᠯ ᠤᠨ ᠮᠠᠯ ᠠᠵᠤ ᠠᠬᠤᠶ ᠶᠢᠨ ᠦᠢᠯᠡᠳᠪᠦᠷᠢᠯᠡᠯ ᠠᠮᠢᠳᠤᠷᠠᠯ᠂ ᠠᠵᠤ ᠠᠬᠤᠶ ᠶᠢᠨ ᠠᠵᠢᠯᠯᠠᠭᠠᠨ ᠵᠡᠷᠭᠡ | ᠪᠠᠶᠢᠳᠠᠯ ᠢ ᠨᠠᠷᠢᠨ ᠣᠶᠢᠯᠠᠭᠠᠪᠠ᠃ ᠴᠠᠩ ᠱᠧᠩ ᠵᠢᠭᠠᠬᠤ ᠳᠠᠭᠠᠨ᠂ ᠵᠡᠭᠦᠨ ᠦᠵᠦᠮᠦᠴᠢᠨ ᠬᠤᠰᠢᠭᠤ ᠪᠣᠯ ᠮᠠᠯ ᠠᠵᠤ | ᠠᠬᠤᠢ ᠶᠢᠨ ᠲᠤᠮᠤ ᠬᠤᠰᠢᠭᠤ ᠪᠣᠯᠤᠨ᠎ᠠ᠂ ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠬᠤ ᠶᠢ ᠪᠠᠷᠢᠮᠲᠠᠯᠠᠵᠤ᠂ | ᠲᠤᠬᠠᠢ ᠶᠢᠨ ᠭᠠᠵᠠᠷ ᠤᠨ ᠪᠣᠳᠠᠲᠤ ᠪᠠᠶᠢᠳᠠᠯ ᠳᠠᠭᠠᠨ ᠰᠠᠭᠤᠷᠢᠯᠠᠵᠤ᠂ ᠬᠠᠮᠲᠤ ᠶᠢᠨ ᠠᠵᠤ ᠠᠬᠤᠢ ᠶᠢᠨ | ᠬᠥᠭᠵᠢᠯᠲᠡ ᠶᠢᠨ ᠠᠷᠭ᠎ᠠ ᠵᠠᠮ ᠢ ᠨᠠᠷᠢᠨ ᠨᠢᠮᠪᠠᠢ ᠲᠥᠯᠥᠪᠵᠢᠭᠦᠯᠵᠦ᠂ ᠬᠠᠮᠲᠤ ᠶᠢᠨ ᠠᠵᠤ ᠠᠬᠤᠢ ᠶᠢ | ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠦᠷᠭᠦᠯᠵᠢᠯᠡᠨ ᠠᠬᠢᠭᠤᠯᠵᠤ᠂ ᠬᠥᠭᠵᠢᠯᠲᠡ ᠶᠢᠨ ᠦᠷ᠎ᠡ ᠪᠦᠲᠦᠭᠡᠯ ᠢ | ᠥᠷᠭᠡᠨ ᠤᠯᠠᠨ ᠮᠠᠯᠴᠢᠳ ᠲᠤ ᠬᠦᠷᠲᠡᠭᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠷᠬᠡᠭ | ᠶᠡᠭᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ᠃ ᠦᠢᠯᠡᠴᠢᠯᠡᠭᠡᠨ ᠤ ᠭᠤᠤᠯᠳᠠᠯᠭ᠎ᠠ ᠪᠠᠨ ᠮᠠᠯᠵᠢᠬᠤ ᠣᠷᠣᠨ ᠤ | ᠦᠢᠯᠡᠳᠪᠦᠷᠢᠯᠡᠯ ᠠᠮᠢᠳᠤᠷᠠᠯ ᠤᠨ ᠨᠢᠭᠡᠳᠦᠭᠡᠷ ᠹᠷᠣᠨᠲ ᠲᠤ ᠲᠠᠯᠪᠢᠵᠤ᠂ ᠮᠠᠯ ᠠᠵᠤ ᠠᠬᠤᠶ ᠶᠢᠨ ᠠᠵᠢᠯ ᠤᠨ | ᠵᠢᠯᠣᠭᠤᠳᠬᠤ ᠡᠷᠴᠢᠮ ᠢᠶᠠᠨ ᠴᠢᠩᠭᠠᠷᠠᠭᠤᠯᠤᠨ᠂ ᠴᠠᠭ ᠠᠭᠤᠷ ᠤᠨ ᠬᠤᠪᠢᠷᠠᠯᠲᠠ ᠶᠢ ᠨᠢᠭᠲᠠ ᠠᠩᠬᠠᠷᠴᠤ᠂ | ᠮᠠᠯᠴᠢᠳ ᠤᠨ ᠬᠦᠴᠢᠷᠳᠡᠯ ᠬᠦᠰᠡᠯ ᠱᠠᠭᠠᠷᠳᠠᠯᠭ᠎ᠠ ᠶᠢ ᠴᠠᠭ ᠲᠤᠬᠠᠶ ᠳᠤᠨᠢ ᠰᠢᠢᠳᠪᠦᠷᠢᠯᠡᠨ᠂ ᠮᠠᠯᠴᠢᠳ ᠤᠨ | ᠠᠮᠢᠳᠤᠷᠠᠯ ᠤᠨ ᠠᠮᠤᠷ ᠲᠣᠭᠲᠠᠭᠤᠨ᠂ ᠦᠢᠯᠡᠳᠪᠦᠷᠢᠯᠡᠯ ᠤᠨ ᠡᠮᠬᠢ ᠵᠢᠷᠤᠮ ᠲᠠᠢ ᠪᠠᠶᠢᠬᠤ ᠶᠢ ᠪᠥᠬᠦ ᠲᠠᠯ᠎ᠠ ᠪᠠᠷ | ᠪᠠᠲᠤᠯᠠᠬᠤ ᠬᠡᠷᠡᠭᠲᠡᠶ᠃ | 12 ᠰᠠᠷ᠎ᠠ ᠶᠢᠨ 25 — 27 ᠤ ᠡᠳᠦᠷ ᠬᠤᠰᠢᠭᠤ ᠨᠠᠮ ᠤᠨ ᠬᠤᠷᠢᠶᠠᠨ ᠤ ᠱᠦᠵᠢ ᠵᠧᠦ ᠢᠦᠢ | ᠯᠦᠩ ᠪᠦᠯᠬᠦᠮ ᠳᠠᠭᠠᠭᠤᠯᠤᠨ ᠭᠦᠢᠵᠧᠦ᠂ ᠰᠧᠴᠤᠸᠠᠨ ᠵᠡᠷᠭᠡ ᠭᠠᠵᠠᠷ ᠲᠤ ᠬᠦᠷᠴᠦ ᠠᠷᠠᠯᠵᠢᠶᠠᠴᠢᠨ ᠤᠷᠢᠬᠤ ᠶᠢ | ᠵᠣᠯᠭᠠᠭᠤᠯᠬᠤ ᠠᠵᠢᠯ ᠥᠷᠨᠢᠭᠦᠯᠵᠦ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤ | ᠨᠠᠮ ᠤᠨ ᠬᠤᠷᠢᠶᠠᠨ ᠤ ᠠᠯᠪᠠᠨ ᠬᠡᠷ ᠤᠨ ᠡᠷᠬᠢᠯᠡᠭᠴᠢ ᠳᠠᠶᠢᠴᠢᠨ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠪᠠᠷ᠎ᠠ ᠪᠣᠯᠪᠠ᠃ | 12 ᠰᠠᠷ᠎ᠠ ᠶᠢᠨ 30 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠵᠧᠤ ᠢᠦᠶ ᠯᠦᠩ ᠠᠷᠪᠠᠨ | ᠳᠥᠷᠪᠡᠳᠦᠭᠡᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ 79 ᠳ᠋ᠤᠭᠡᠷ ᠤᠳᠠᠭ᠎ᠠ ᠶᠢᠨ ︵2024 ᠣᠨ ᠤ | 31 ᠳ᠋ᠤᠭᠡᠷ ᠤᠳᠠᠭ᠎ᠠ︶ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ᠂ | ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠳᠡᠭᠡᠷᠡᠬᠢ ᠴᠢᠬᠤᠯᠠ | ᠶᠠᠷᠢᠶᠠᠨ ᠤ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ | ᠬᠤᠷᠢᠶᠠᠨ ᠤ ᠶᠢᠰᠦᠳᠦᠭᠡᠷ ᠪᠦᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ | ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠢᠷᠡᠬᠦ ᠵᠢᠯ ᠤᠨ ᠠᠵᠤ ᠠᠬᠤᠢ ᠶᠢᠨ ᠠᠵᠢᠯ ᠤᠨ | ᠶᠡᠷᠦᠩᠬᠡᠢ ᠱᠠᠭᠠᠷᠳᠠᠯᠭ᠎ᠠ᠂ ᠲᠦᠷᠦ ᠶᠢᠨ ᠪᠤᠳᠤᠯᠭ᠎ᠠ ᠶᠢᠨ ᠤᠳᠤᠷᠢᠳᠤᠮᠵᠢ ᠪᠣᠯᠤᠨ ᠭᠤᠣᠯᠳᠠᠯᠭ᠎ᠠ ᠲᠠᠢ ᠡᠭᠦᠷᠭᠡ ᠶᠢ | ᠭᠦᠨᠵᠡᠭᠡᠢ ᠤᠢᠢᠯᠠᠭᠠᠨ ᠣᠨᠣᠪᠴᠢᠲᠠᠢ ᠡᠵᠡᠮᠳᠡᠵᠦ᠂ ᠠᠵᠢᠯ ᠤᠨ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠵᠦ᠂ | ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠴᠢᠨᠠᠷ ᠰᠠᠶᠢᠲᠠᠢ ᠬᠥᠭᠵᠢᠯᠲᠡ ᠪᠠᠷ ᠲᠡᠷᠢᠭᠦᠨ ᠴᠢᠬᠤᠯᠠ ᠡᠭᠦᠷᠭᠡ | ᠪᠣᠯᠭᠠᠵᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠠᠷ ᠦᠨᠳᠦᠰᠦᠨ | ᠵᠣᠷᠢᠯᠭ᠎ᠠ ᠪᠣᠯᠭᠠᠵᠤ᠂ ᠠᠵᠤ ᠠᠬᠤᠢ ᠶᠢᠨ ᠲᠣᠭᠲᠠᠭᠤᠨ ᠤ ᠳᠤᠮᠳᠠ ᠰᠠᠶᠢᠵᠢᠷᠠᠬᠤ᠂ ᠨᠡᠶᠢᠭᠡᠮ ᠤᠨ ᠶᠡᠭᠡ ᠲᠠᠯ᠎ᠠ ᠶᠢᠨ | ᠡᠶ᠎ᠡ ᠵᠣᠬᠢᠴᠠᠩᠭᠤᠢ ᠲᠣᠭᠲᠠᠭᠤᠨ ᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠪᠦᠬᠦ ᠲᠠᠯ᠎ᠠ ᠪᠠᠷ ᠨᠠᠮ ᠢ | ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠨᠠᠮ ᠤᠨ ᠤᠯᠤᠰ ᠲᠦᠷᠦ ᠶᠢᠨ | ᠪᠠᠶᠢᠭᠤᠯᠤᠯᠲᠠ᠂ ᠦᠵᠡᠯ ᠰᠠᠨᠠᠭᠠᠨ ᠤ ᠪᠠᠶᠢᠭᠤᠯᠤᠯᠲᠠ᠂ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ᠂ ᠰᠠᠬᠢᠯᠭ᠎ᠠ | ᠪᠠᠲᠤ ᠣᠪᠣᠷ ᠰᠤᠷᠲᠠᠯ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠲᠦᠷᠢᠮ ᠢ ᠡᠭᠦᠨ ᠳᠤ | ᠲᠤᠭᠤᠰᠢᠯᠠᠭᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠦᠬᠦ ᠲᠠᠯ᠎ᠠ ᠪᠠᠷ ᠲᠠᠪᠰᠢᠬᠤ᠂ | ᠪᠦᠬᠦ ᠲᠠᠯ᠎ᠠ ᠪᠠᠷ ᠴᠠᠭᠠᠷᠠᠬᠤ ᠶᠢ ᠠᠬᠢᠭᠤᠯᠬᠤ ᠬᠡᠷᠡᠭᠲᠡᠢ᠃ ᠪᠥᠬᠦ ᠣᠷᠣᠨ᠂ ᠪᠥᠬᠦ ᠠᠶᠢᠮᠠᠭ ᠤᠨ ᠰᠤᠷᠭᠠᠨ | ᠬᠥᠮᠦᠵᠢᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠳᠣᠣᠱᠯᠠᠭᠤᠯᠵᠦ᠂ ᠰᠤᠷᠭᠠᠨ | ᠬᠥᠮᠦᠵᠢᠯ ᠢ ᠤᠷᠢᠳ ᠢᠶᠠᠷ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠡᠷᠡᠰ ᠭᠤᠶᠢᠪᠢᠰᠢ ᠥᠬᠡᠶ | ᠨᠠᠶᠢᠳᠠᠪᠤᠷᠢᠵᠢᠭᠤᠯᠵᠤ᠂ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠪᠥᠬᠦ ᠬᠦᠴᠦᠨ ᠢᠶᠠᠷ ᠢᠶᠠᠨ | ᠰᠠᠶᠢᠲᠤᠷ ᠡᠷᠭᠢᠯᠡᠬᠦ ᠬᠡᠷᠡᠭᠲᠡᠶ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ︾ ᠶᠢ ᠰᠤᠷᠤᠯᠴᠠᠬᠤ ᠪᠠ ᠴᠢᠨᠠᠷ ᠰᠠᠶᠢᠲᠠᠶ ᠬᠥᠭᠵᠢᠭᠦᠯᠬᠦ ᠶᠢ | ᠤᠶᠠᠯᠳᠤᠭᠤᠯᠵᠤ᠂ ᠲᠤᠭ᠎ᠠ ᠪᠦᠷᠢᠳᠬᠡᠯ ᠤᠨ ᠪᠠᠶᠢᠴᠠᠭᠠᠯᠲᠠ ᠪᠠ ᠵᠠᠳᠠᠯᠤᠯᠲᠠ ᠰᠤᠳᠤᠯᠤᠯᠲᠠ ᠶᠢ ᠴᠢᠩᠭᠠᠳᠬᠠᠵᠤ᠂ | ᠲᠤᠭ᠎ᠠ ᠪᠠᠷᠢᠮᠲᠠ ᠶᠢᠨ ᠦᠨᠡᠨ ᠪᠣᠳᠠᠲᠠᠶ ᠢᠲᠡᠭᠡᠮᠵᠢ ᠪᠠᠷ ᠬᠤᠰᠢᠭᠤᠨ ᠤ ᠨᠠᠮ ᠤᠨ ᠬᠤᠷᠢᠶᠠᠨ ᠤ ᠰᠢᠢᠳᠪᠦᠷᠢᠲᠦ | ᠪᠣᠳᠣᠯᠭ᠎ᠠ ᠲᠣᠭᠲᠠᠭᠠᠬᠤ ᠳᠤ ᠰᠢᠨᠵᠢᠯᠡᠬᠦ ᠤᠬᠠᠭᠠᠨᠴᠢ ᠪᠦᠲᠦᠮᠵᠢᠲᠡᠶ ᠯᠠᠪᠯᠠᠯᠲᠠ ᠬᠠᠩᠭᠠᠬᠤ ᠬᠡᠷᠡᠭᠲᠡᠶ᠃ | 12 ᠰᠠᠷ᠎ᠠ ᠶᠢᠨ 31 ᠤ ᠡᠳᠦᠷ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ | ᠣᠷᠳᠣᠨ ᠤ ᠣᠷᠣᠯᠠᠭᠴᠢ ᠳᠠᠷᠤᠭ᠎ᠠ ᠴᠠᠩ ᠱᠧᠩ ᠬᠤᠰᠢᠭᠤ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ 2024 | ᠣᠨ ᠤ ᠠᠷᠪᠠᠨ ᠬᠤᠶᠠᠳᠤᠭᠠᠷ ᠤᠳᠠᠭᠠᠨ ᠤ ᠠᠶᠤᠯᠭᠦᠶ ᠦᠢᠯᠡᠳᠪᠦᠷᠢᠯᠡᠯ ᠤᠨ ᠠᠵᠢᠯ ᠤᠨ ᠵᠤᠷᠰᠢᠯᠲᠤ ᠬᠤᠷᠠᠯ ᠵᠢᠴᠢ | ᠪᠥᠬᠦ ᠬᠤᠰᠢᠭᠤᠨ ᠤ ᠵᠢᠯ ᠤᠨ ᠰᠡᠭᠦᠯᠴᠢ ᠵᠢᠯ ᠤᠨ ᠡᠬᠢᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠤᠨ | ᠪᠠᠶᠢᠷᠢᠯᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ᠂ ᠡᠯ᠎ᠡ ᠭᠠᠵᠠᠷ ᠡᠯ᠎ᠡ ᠰᠠᠯᠠᠭ᠎ᠠ | ᠮᠥᠴᠢᠷ ᠤᠨ ᠬᠢᠨ ᠣᠳᠣᠬᠠᠨ ᠤ ᠠᠶᠤᠯᠭᠦᠢ ᠦᠢᠯᠡᠳᠪᠦᠷᠢᠯᠡᠯ ᠤᠨ ᠬᠦᠨᠳᠦ ᠨᠣᠴᠢᠲᠠᠢ ᠪᠠᠶᠢᠳᠠᠯ ᠢ ᠭᠦᠢᠴᠡᠳ | ᠲᠠᠨᠢᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ | ᠦᠢᠯᠡᠳᠪᠦᠷᠢᠯᠡᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠲᠠᠢ | ᠦᠨᠡᠨ ᠬᠦ ᠨᠢᠭᠡᠳᠬᠡᠵᠦ᠂ ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠠᠶᠢᠮᠠᠭ ᠤᠨ ᠨᠠᠮ ᠤᠨ ᠬᠤᠷᠢᠶ᠎ᠠ᠂ | ᠵᠠᠬᠢᠷᠭ᠎ᠠ ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠵᠢᠮ᠎ᠡ ᠶᠣᠰᠣ ᠶᠢ ᠵᠠᠳᠠᠯᠵᠤ᠂ ᠤᠷᠢᠳᠴᠢᠯᠠᠨ ᠰᠤᠳᠤᠯᠤᠨ ᠮᠠᠭᠠᠳᠯᠠᠵᠤ᠂ ᠠᠰᠠᠭᠤᠳᠠᠯ ᠢ | ᠴᠤᠬᠤᠶᠢᠵᠤ ᠪᠠᠶᠢᠭ᠎ᠠ ᠪᠠᠶᠢᠳᠠᠯ ᠳᠤᠨᠢ ᠦᠨᠡᠨ ᠬᠦ ᠰᠢᠢᠳᠪᠦᠷᠢᠯᠡᠬᠦ ᠬᠡᠷᠡᠭᠲᠡᠢ᠃ ᠭᠠᠮᠰᠢᠭ ᠢ ᠰᠡᠷᠭᠡᠶᠢᠯᠡᠨ ᠠᠷᠭᠠᠴᠠᠬᠤ | ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ | ᠴᠢᠩᠭᠠᠳᠬᠠᠨ᠂ ᠵᠠᠮ ᠬᠠᠷᠢᠯᠴᠠᠭ᠎ᠠ ᠴᠠᠬᠢᠯᠭᠠᠨ ᠤ ᠲᠣᠣᠷ ᠤᠨ ᠠᠮᠤᠷ ᠲᠦᠪᠰᠢᠨ ᠢ ᠠᠩᠬᠠᠷᠴᠤ᠂ ᠠᠶᠤᠯ ᠠᠴᠠ | ᠠᠪᠤᠷᠠᠨ ᠲᠤᠰᠠᠯᠠᠬᠤ ᠪᠠ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠰᠠᠶᠢᠲᠤᠷ ᠬᠢᠵᠦ᠂ ᠠᠷᠠᠳ ᠤᠯᠠᠨ ᠤ ᠠᠮᠤᠷ | ᠲᠦᠪᠰᠢᠨ ᠳᠤᠯᠠᠭᠠᠨ ᠪᠦᠯᠢᠶᠡᠨ ᠡᠪᠦᠯᠵᠢᠬᠦ ᠶᠢ ᠪᠠᠲᠤᠯᠠᠬᠤ ᠬᠡᠷᠡᠭᠲᠡᠢ᠃ ᠭᠤᠣᠯᠳᠠᠯᠭ᠎ᠠ ᠲᠠᠢ ᠬᠦᠷᠢᠶᠡᠨ ᠤ ᠬᠢᠨᠠᠯᠲᠠ | ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠤᠯᠠᠨ ᠨᠡᠶᠢᠲᠡ ᠶᠢᠨ ᠲᠠᠯᠠᠪᠤᠷ᠂ ᠠᠭᠤᠷᠬᠠᠢ᠂ ᠠᠶᠤᠯᠲᠠᠢ | ᠬᠢᠮᠢ ᠶᠢᠨ ᠪᠣᠳᠠᠰ ᠵᠡᠷᠭᠡ ᠡᠯ᠎ᠡ ᠬᠦᠷᠢᠶᠡᠨ ᠳᠤ ᠭᠡᠮ ᠰᠣᠭᠤᠭ ᠢ ᠵᠢᠭᠰᠠᠭᠠᠨ ᠪᠠᠶᠢᠴᠠᠭᠠᠵᠤ ᠲᠤᠰᠬᠠᠢ ᠴᠡᠭᠴᠡᠯᠡᠨ | ᠵᠠᠰᠠᠬᠤ ᠠᠵᠢᠯ ᠪᠣᠯᠤᠨ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ | ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ | ᠪᠠᠯᠠᠢ ᠣᠷᠣᠨ ᠢ ᠦᠨᠡᠨᠬᠦ ᠠᠷᠢᠯᠭᠠᠬᠤ ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠨ ᠰᠠᠬᠢᠬᠤ ᠶᠢ ᠤᠯᠠᠮ | ᠨᠢᠭᠡ ᠠᠯᠬᠤᠮ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠤᠨ ᠬᠦᠴᠦᠨ ᠢ ᠭᠦᠢᠴᠡᠳ | ᠪᠡᠯᠡᠳᠬᠡᠵᠦ᠂ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠲᠡᠭᠦᠯᠳᠡᠷᠵᠢᠭᠦᠯᠵᠦ᠂ ᠮᠡᠳᠡᠭᠡ ᠵᠠᠩᠭᠢ ᠶᠢ ᠬᠢᠨᠠᠨ | ᠬᠠᠷᠭᠤᠭᠤᠯᠬᠤ᠂ ᠳᠡᠭᠡᠭᠰᠢ ᠮᠡᠳᠡᠭᠦᠯᠬᠦ ᠵᠡᠷᠭᠡ ᠲᠦᠷᠢᠮ ᠢ ᠰᠠᠶᠢᠲᠤᠷ ᠬᠢᠬᠦ ᠶᠢᠨ ᠬᠠᠮᠲᠤ ᠠᠶᠤᠯᠭᠦᠢ | ᠦᠢᠯᠡᠳᠪᠦᠷᠢᠯᠡᠯ ᠤᠨ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠡᠯ᠎ᠡ ᠲᠦᠷᠦᠯ ᠤᠨ ᠭᠡᠨᠡᠳᠲᠡ ᠶᠢᠨ ᠬᠡᠷᠡᠭ ᠢ | ᠥᠨᠳᠥᠷ ᠪᠦᠲᠦᠮᠵᠢᠲᠡᠢ ᠠᠷᠭᠠᠴᠠᠬᠤ ᠶᠢ ᠪᠠᠲᠤᠯᠠᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ | ᠲᠦᠪᠰᠢᠨ ᠪᠣᠯᠤᠨ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠢ ᠪᠦᠬᠦ ᠬᠦᠴᠦᠨ ᠢᠶᠠᠷ ᠢᠶᠠᠨ | ᠪᠠᠲᠤᠯᠠᠬᠤ ᠬᠡᠷᠡᠭᠲᠡᠢ᠃ | |