ᠥᠷᠭᠡᠨ ᠣᠯᠠᠨ ᠮᠠᠯᠴᠢᠨ ᠲᠦᠮᠡᠨ ᠳᠤ᠄ | ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠦᠨ | ᠥᠷᠭᠡᠳᠬᠡᠵᠦ᠂ ᠨᠤᠲᠤᠭ ᠪᠡᠯᠴᠢᠭᠡᠷ ᠤᠨ ᠠᠮᠢ ᠠᠬᠤᠶ ᠶᠢᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠵᠦᠶ | ᠵᠣᠬᠢᠰᠲᠠᠶ ᠬᠠᠮᠠᠭᠠᠯᠠᠨ ᠠᠰᠢᠭᠯᠠᠬᠤ ᠶᠢᠨ ᠲᠥᠯᠥᠭᠡ᠂ ᠪᠥᠬᠦ ᠠᠶᠢᠮᠠᠭ ᠤᠨ ᠨᠢᠭᠡᠳᠦᠯᠲᠡᠶ ᠪᠠᠶᠢᠷᠢᠯᠠᠭᠤᠯᠤᠯᠲᠠ | ᠶᠣᠰᠣᠭᠠᠷ᠂ 2025 ᠣᠨ ᠳᠤ ᠪᠥᠬᠦ ᠬᠤᠰᠢᠭᠤᠨ ᠤ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠣᠷᠣᠨ ᠳᠤ | ᠬᠠᠪᠤᠷ ᠤᠨ ᠤᠯᠠᠷᠢᠯ ᠤᠨ ᠤᠷᠭᠤᠯᠲᠠ ᠶᠢᠨ ᠬᠤᠭᠤᠴᠠᠭᠠᠨ ᠤ ᠪᠡᠯᠴᠢᠭᠡᠷ ᠰᠡᠷᠭᠦᠭᠡᠬᠦ ᠠᠵᠢᠯ ᠢ ᠦᠷᠭᠦᠯᠵᠢᠯᠡᠨ | ᠦᠷᠨᠢᠭᠦᠯᠬᠦ ᠪᠠᠷ ᠪᠤᠯᠪᠠ᠂ ᠡᠯ᠎ᠡ ᠲᠦᠷᠦᠯ ᠤᠨ ᠠᠵᠢᠯ ᠤᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ | ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠵᠠᠷᠯᠠᠶ᠎ᠠ᠄ | ᠨᠢᠭᠡ᠂ ᠪᠡᠯᠴᠢᠭᠡᠷ ᠰᠡᠷᠭᠦᠭᠡᠬᠦ ᠬᠡᠪᠴᠢᠶ᠎ᠡ ᠪᠣᠯᠤᠨ ᠴᠠᠭ ᠬᠤᠭᠤᠴᠠᠭ᠎ᠠ | ︵ᠨᠢᠭᠡ︶ ᠪᠡᠯᠴᠢᠭᠡᠷ ᠰᠡᠷᠭᠦᠭᠡᠬᠦ ᠬᠡᠪᠴᠢᠶ᠎ᠡ᠃ ᠪᠥᠬᠦ ᠬᠤᠰᠢᠭᠤᠨ ᠤ 10 ᠰᠤᠮᠤ ᠪᠠᠯᠭᠠᠰᠤ ︵ᠲᠠᠯᠠᠪᠠᠶ︶ | ᠶᠢᠨ 62 ᠭᠠᠴᠠᠭᠠᠨ ᠤ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠣᠷᠣᠨ ᠤ 4961.19 ᠲᠦᠮᠡᠨ ᠮᠥ | ᠨᠤᠲᠤᠭ ᠪᠡᠯᠴᠢᠭᠡᠷ ᠲᠤ ᠬᠠᠪᠤᠷ ᠤᠨ ᠤᠯᠠᠷᠢᠯ ᠤᠨ ᠤᠷᠭᠤᠯᠲᠠ ᠶᠢᠨ ᠬᠤᠭᠤᠴᠠᠭᠠᠨ ᠳᠤ ᠪᠡᠯᠴᠢᠭᠡᠷ ᠰᠡᠷᠭᠦᠭᠡᠬᠦ ᠶᠢ | ᠬᠡᠷᠡᠭᠵᠢᠭᠦᠯᠵᠦ᠂ ᠪᠡᠯᠴᠢᠭᠡᠷ ᠰᠡᠷᠭᠦᠭᠡᠬᠦ ᠬᠤᠭᠤᠴᠠᠭᠠᠨ ᠳᠤ ᠦᠬᠡᠷ᠂ ᠬᠤᠨᠢ᠂ ᠢᠮᠠᠭ᠎ᠠ ᠶᠢ ᠪᠡᠯᠴᠢᠭᠡᠷᠯᠡᠭᠦᠯᠵᠦ ᠪᠣᠯᠬᠤ | ᠦᠭᠡᠢ᠂ ᠮᠤᠷᠢ ᠪᠠ ᠲᠡᠮᠡᠭᠡ ᠶᠢ ᠪᠠᠭᠲᠠᠭᠠᠬᠤ ᠦᠭᠡᠢ᠃ | ︵ᠬᠤᠶᠠᠷ︶ ᠪᠡᠯᠴᠢᠭᠡᠷ ᠰᠡᠷᠭᠦᠭᠡᠬᠦ ᠬᠤᠭᠤᠴᠠᠭ᠎ᠠ᠃ ᠪᠥᠬᠦ ᠬᠤᠰᠢᠭᠤᠨ ᠤ ᠪᠡᠯᠴᠢᠭᠡᠷ ᠤᠨ ᠲᠥᠷᠥᠯ ᠬᠡᠯᠪᠡᠷᠢ᠂ | ᠬᠤᠷ᠎ᠠ ᠲᠤᠨᠳᠠᠰᠤᠨ ᠤ ᠬᠡᠮᠵᠢᠶ᠎ᠡ᠂ ᠠᠭᠠᠷ ᠤᠨ ᠳᠤᠯᠠᠭᠠᠨ ᠵᠢᠴᠢ ᠨᠤᠲᠤᠭ ᠪᠡᠯᠴᠢᠭᠡᠷ ᠤᠨ ᠤᠷᠭᠤᠯᠲᠠ ᠶᠢᠨ | ᠣᠨᠴᠠᠯᠢᠭ ᠢ ᠦᠨᠳᠦᠰᠦᠯᠡᠨ᠂ ᠬᠠᠪᠤᠷ ᠤᠨ ᠤᠯᠠᠷᠢᠯ ᠤᠨ ᠤᠷᠭᠤᠯᠲᠠ ᠶᠢᠨ ᠬᠤᠭᠤᠴᠠᠭᠠᠨ ᠳᠤ ᠪᠡᠯᠴᠢᠭᠡᠷ ᠰᠡᠷᠭᠦᠭᠡᠬᠦ | ᠬᠤᠭᠤᠴᠠᠭ᠎ᠠ ᠶᠢ 4 ᠰᠠᠷ᠎ᠠ ᠶᠢᠨ 5 ᠤ ᠡᠳᠦᠷ ᠠᠴᠠ 5 ᠰᠠᠷ᠎ᠠ ᠶᠢᠨ 19 ᠤ ᠡᠳᠦᠷ ᠪᠣᠯᠲᠠᠯ᠎ᠠ᠂ ᠨᠡᠶᠢᠲᠡ 45 | ᠡᠳᠦᠷ ᠢᠶᠠᠷ ᠲᠤᠭᠲᠠᠭᠠᠪᠠ᠃ | ᠬᠤᠶᠠᠷ᠂ ᠨᠥᠬᠦᠪᠥᠷᠢ ᠣᠯᠭᠤᠬᠤ ᠠᠷᠭ᠎ᠠ | ︵ᠨᠢᠭᠡ︶ ᠨᠦᠬᠦᠪᠦᠷᠢ ᠣᠯᠭᠤᠬᠤ ᠪᠠᠷᠢᠮᠵᠢᠶ᠎ᠠ᠃ ᠬᠠᠪᠤᠷ ᠤᠨ ᠤᠯᠠᠷᠢᠯ ᠤᠨ ᠤᠷᠭᠤᠯᠲᠠ ᠶᠢᠨ | ᠬᠤᠭᠤᠴᠠᠭᠠᠨ ᠳᠤ ᠪᠡᠯᠴᠢᠭᠡᠷ ᠰᠡᠷᠭᠦᠭᠡᠬᠦ ᠠᠵᠢᠯ ᠤᠨ ᠪᠣᠳᠠᠳᠤ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ ᠶᠢᠨ | ᠲᠦᠯᠦᠭᠡ᠂ ᠪᠡᠯᠴᠢᠭᠡᠷ ᠰᠡᠷᠭᠦᠭᠡᠬᠦ ᠶᠢ ᠬᠡᠷᠡᠭᠵᠢᠭᠦᠯᠦᠭᠰᠡᠨ ᠮᠠᠯᠵᠢᠬᠤ ᠡᠷᠦᠬᠡ ᠳᠤ ᠪᠡᠯᠴᠢᠭᠡᠷ ᠰᠡᠷᠭᠦᠭᠡᠭᠰᠡᠨ ᠨᠤᠲᠤᠭ | ᠪᠡᠯᠴᠢᠭᠡᠷ ᠤᠨ ᠲᠠᠯᠠᠪᠠᠢ ᠪᠠᠷ ᠪᠡᠯᠴᠢᠭᠡᠷ ᠰᠡᠷᠭᠦᠭᠡᠭᠰᠡᠨ ᠨᠦᠬᠦᠪᠦᠷᠢ ᠤᠯᠭᠤᠵᠤ᠂ ᠨᠦᠬᠦᠪᠦᠷᠢ ᠣᠯᠭᠤᠬᠤ ᠪᠠᠷᠢᠮᠵᠢᠶ᠎ᠠ | ᠨᠢ ᠮᠦ ᠪᠦᠷᠢ1.125 ᠲᠦᠭᠦᠷᠢᠭ ︵ᠡᠩ ᠤᠨ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠤᠨ ᠤ ᠪᠠᠷᠢᠮᠵᠢᠶ᠎ᠠ ᠪᠠᠷ | ᠯᠠᠪᠯᠠᠯᠲᠠ ᠪᠣᠯᠭᠠᠪᠠ︶ | ︵ᠬᠤᠶᠠᠷ︶ ᠨᠦᠬᠦᠪᠦᠷᠢ ᠲᠠᠷᠬᠠᠭᠠᠬᠤ ᠠᠯᠬᠤᠮ ᠳᠠᠷᠠᠭ᠎ᠠ᠃ ᠭᠠᠴᠠᠭ᠎ᠠ ᠪᠠᠷ ᠨᠢᠭᠡᠴᠢ ᠪᠣᠯᠭᠠᠨ ᠰᠤᠮᠤ | ᠪᠠᠯᠭᠠᠰᠤᠨ ᠳᠤ ᠪᠠᠨ ᠮᠡᠳᠡᠭᠦᠯᠵᠦ᠂ ᠰᠤᠮᠤ ᠪᠠᠯᠭᠠᠰᠤ ᠨᠢ ᠭᠠᠴᠠᠭ᠎ᠠ ᠪᠠᠷ ᠨᠢᠭᠡᠴᠢ ᠪᠣᠯᠭᠠᠨ ᠬᠢᠨᠠᠨ ᠬᠠᠷᠭᠤᠭᠤᠯᠵᠤ | ᠢᠯᠡ ᠨᠡᠶᠢᠲᠡᠯᠡᠡ᠂ ᠢᠯᠡ ᠨᠡᠶᠢᠲᠡᠯᠡᠬᠦ ᠬᠤᠭᠤᠴᠠᠭ᠎ᠠ ᠨᠢ 5 ᠡᠳᠦᠷ᠂ ᠵᠠᠷᠯᠠᠨ ᠨᠡᠶᠢᠲᠡᠯᠡᠬᠦ ᠬᠤᠭᠤᠴᠠᠭᠠᠨ ᠳᠤ ᠣᠨᠳᠣᠤ | ᠰᠠᠨᠠᠯ ᠥᠬᠡᠶ ᠪᠣᠯ ᠬᠤᠰᠢᠭᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠳᠤ ᠮᠡᠳᠡᠭᠦᠯᠵᠦ᠂ ᠬᠤᠰᠢᠭᠤ | ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠬᠠᠷᠭᠤᠭᠤᠯᠤᠨ ᠨᠤᠲᠠᠯᠠᠭᠰᠠᠨ ᠤ ᠰᠡᠭᠦᠯᠡᠷ ᠬᠤᠰᠢᠭᠤ ᠡᠳ᠋ ᠤᠨ | ᠵᠠᠰᠠᠭ ᠤᠨ ᠲᠣᠪᠴᠢᠶ᠎ᠠ ᠨᠢ ︽ᠨᠢᠭᠡ ᠺᠠᠷᠲ ᠪᠠᠷ ᠲᠠᠷᠬᠠᠭᠠᠬᠤ︾ ᠪᠠᠷ ᠳᠠᠮᠵᠢᠭᠤᠯᠤᠨ ᠲᠠᠷᠬᠠᠭᠠᠨ᠎ᠠ᠃ | ᠭᠤᠷᠪᠠ᠂ ᠬᠦᠳᠡᠯᠭᠡᠭᠡᠨ ᠤ ᠲᠠᠯᠠᠪᠠᠢ | ᠮᠠᠯᠵᠢᠬᠤ ᠡᠷᠦᠬᠡ ᠶᠢᠨ ᠬᠢᠨᠠᠨ ᠲᠣᠭᠲᠠᠭᠠᠭᠰᠠᠨ ᠲᠣᠬᠢᠷᠠᠬᠤ ᠪᠡᠯᠴᠢᠭᠡᠷ ᠤᠨ ᠪᠠᠭᠲᠠᠭᠠᠮᠵᠢ ᠪᠠᠷ ᠰᠠᠭᠤᠷᠢ ᠲᠤᠭ᠎ᠠ | ᠪᠣᠯᠭᠠᠵᠤ᠂ ᠬᠤᠨᠢ ᠪᠦᠷᠢ 20 ᠲᠡᠭᠰᠢ ᠳᠥᠷᠪᠡᠯᠵᠢᠨ ᠮᠧᠲᠷ ᠨᠤᠲᠤᠭ ᠪᠡᠯᠴᠢᠭᠡᠷ ᠢᠶᠠᠷ ᠪᠡᠯᠴᠢᠭᠡᠷ ᠰᠡᠷᠭᠦᠭᠡᠬᠦ | ᠬᠤᠭᠤᠴᠠᠭᠠᠨ ᠳᠠᠬᠢ ᠮᠠᠯ ᠤᠨ ᠬᠥᠳᠡᠯᠭᠡᠭᠡᠨ ᠤ ᠲᠠᠯᠠᠪᠠᠢ ᠲᠤᠬᠢᠷᠠᠭᠤᠯᠵᠤ᠂ ︵ᠨᠢᠭᠡ ᠦᠬᠡᠷ ᠢ 5 ᠬᠤᠨᠢᠴᠢᠯᠠᠭᠰᠠᠨ | ᠨᠢᠭᠡᠴᠢ ᠪᠠᠷ ᠪᠤᠳᠤᠵᠤ᠂ 100 ᠲᠡᠭᠰᠢ ᠳᠥᠷᠪᠡᠯᠵᠢᠨ ᠮᠧᠲᠷ ᠤᠨ ᠨᠤᠲᠤᠭ ᠪᠡᠯᠴᠢᠭᠡᠷ ᠤᠨ ᠪᠠᠷᠢᠮᠵᠢᠶ᠎ᠠ ᠪᠠᠷ ᠮᠠᠯ ᠤᠨ | ᠬᠦᠳᠡᠯᠭᠡᠭᠡᠨ ᠤ ᠲᠠᠯᠠᠪᠠᠢ ᠲᠤᠬᠢᠷᠠᠭᠤᠯᠤᠨ᠎ᠠ︶᠂ ᠮᠠᠯ ᠤᠨ ᠬᠦᠳᠡᠯᠭᠡᠭᠡᠨ ᠤ ᠲᠠᠯᠠᠪᠠᠢ ᠶᠢ ᠫᠧᠩ ᠬᠤᠷᠤᠭ᠎ᠠ ᠲᠠᠢ ᠪᠠᠨ | ᠣᠶᠢᠷᠠᠯᠴᠠᠭ᠎ᠠ ᠲᠤᠰᠬᠠᠶᠢᠷᠠᠭᠤᠯᠬᠤ ᠶᠢᠨ ᠬᠠᠮᠲᠤ᠂ ᠫᠠᠶᠢᠰᠠ ᠢᠯᠡᠷᠬᠡᠶᠢᠯᠡᠯ ᠡᠯᠭᠦᠬᠦ ᠬᠡᠷᠡᠭᠲᠡᠢ᠃ ᠮᠠᠨ ᠤ ᠬᠤᠰᠢᠭᠤᠨ ᠤ | ᠮᠠᠯᠵᠢᠬᠤ ᠦᠢᠯᠡᠳᠪᠦᠷᠢᠯᠡᠯ ᠤᠨ ᠬᠤᠷᠠᠭ᠎ᠠ ᠰᠠᠯᠭᠠᠬᠤ ᠪᠣᠳᠠᠲᠠᠶ ᠱᠠᠭᠠᠷᠳᠠᠯᠭ᠎ᠠ ᠲᠠᠢ ᠤᠶᠠᠯᠳᠤᠭᠤᠯᠤᠨ᠂ ᠬᠤᠷᠠᠭ᠎ᠠ | ᠬᠥᠬᠦᠭᠦᠯᠬᠦ ᠬᠦᠳᠡᠯᠭᠡᠭᠡᠨ ᠤ ᠲᠠᠯᠠᠪᠠᠢ ᠶᠢ ᠵᠣᠬᠢᠰᠲᠠᠢ ᠲᠣᠬᠢᠷᠠᠭᠤᠯᠵᠤ ᠪᠤᠯᠤᠨ᠎ᠠ᠂ ᠬᠤᠷᠠᠭ᠎ᠠ ᠲᠠᠢ ᠬᠤᠨᠢ ᠪᠦᠷᠢ | ︵ᠡᠬᠡ ᠮᠠᠯ ᠪᠠ ᠬᠤᠷᠠᠭ᠎ᠠ︶ 0.5 ᠮᠦ ᠠᠴᠠ ᠬᠡᠲᠦᠷᠡᠵᠦ ᠪᠣᠯᠬᠤ ᠥᠬᠡᠶ᠂ ᠡᠳᠦᠷ ᠪᠦᠷᠢ ᠶᠢᠨ ᠦᠳᠡ ᠶᠢᠨ | ᠡᠮᠦᠨᠡᠬᠢ 9᠄ 00 - 11᠄ 00᠂ ᠦᠳᠡ ᠶᠢᠨ ᠬᠤᠶᠢᠨᠠᠬᠢ 14᠄ 00 - 16᠄ 00 ᠴᠠᠭ ᠲᠤ ᠰᠠᠭᠠᠬᠤ | ᠲᠠᠭᠤᠵᠤ ᠪᠣᠯᠤᠨ᠎ᠠ᠃ ᠲᠥᠯ ᠮᠠᠯ ᠬᠦᠬᠦᠭᠦᠯᠬᠦ ᠴᠠᠭ ᠢ ᠴᠢᠩᠭ᠎ᠠ ᠬᠢᠵᠠᠭᠠᠷᠯᠠᠵᠤ᠂ ᠳᠥᠷᠪᠡᠨ ᠵᠠᠬ᠎ᠠ ᠶᠢᠨ ᠵᠠᠭᠠᠭ | ᠱᠤᠭᠤᠮ᠂ ᠮᠠᠯ ᠤᠰᠤᠯᠠᠬᠤ ᠵᠠᠮ ᠢ ᠵᠤᠬᠢᠰᠲᠠᠢ ᠲᠣᠬᠢᠷᠠᠭᠤᠯᠬᠤ ᠶᠢᠨ ᠬᠠᠮᠲᠤ᠂ ᠬᠦᠳᠡᠯᠭᠡᠭᠡᠨ ᠤ ᠲᠠᠯᠠᠪᠠᠢ ᠶᠢᠨ | ᠲᠡᠮᠳᠡᠭ ᠫᠠᠶᠢᠰᠠ ᠶᠢ ᠲᠤᠳᠤᠷᠬᠠᠢ ᠪᠠᠶᠢᠷᠢᠨ ᠳᠤ ᠬᠠᠳᠠᠬᠤ ᠬᠡᠷᠡᠭᠲᠡᠢ᠃ | ᠳᠥᠷᠪᠡ᠂ ᠬᠤᠯᠪᠣᠭᠳᠠᠯ ᠪᠦᠬᠦᠢ ᠱᠠᠭᠠᠷᠳᠠᠯᠭ᠎ᠠ | ︵ᠨᠢᠭᠡ︶ ᠪᠡᠯᠴᠢᠭᠡᠷ ᠰᠡᠷᠭᠦᠭᠡᠬᠦ ᠬᠤᠭᠤᠴᠠᠭᠠᠨ ᠳᠤ ᠥᠷᠭᠡᠨ ᠣᠯᠠᠨ ᠮᠠᠯᠴᠢᠨ ᠲᠦᠮᠡᠨ ᠨᠤᠲᠤᠭ | ᠪᠡᠯᠴᠢᠭᠡᠷ ᠤᠨ ᠠᠮᠢ ᠠᠬᠤᠶ ᠶᠢ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠪᠠᠨ ᠤᠬᠠᠮᠰᠠᠷ ᠠᠴᠠ ᠪᠠᠨ ᠭᠦᠢᠴᠡᠳᠬᠡᠵᠦ᠂ | ᠬᠠᠪᠤᠷ ᠤᠨ ᠤᠯᠠᠷᠢᠯ ᠤᠨ ᠤᠷᠭᠤᠯᠲᠠ ᠶᠢᠨ ᠬᠤᠭᠤᠴᠠᠭᠠᠨ ᠳᠤ ᠪᠡᠯᠴᠢᠭᠡᠷ ᠰᠡᠷᠭᠦᠭᠡᠬᠦ ᠠᠵᠢᠯ ᠳᠤ ᠢᠳᠡᠪᠬᠢᠲᠡᠶ | ᠬᠠᠮᠵᠢᠯᠴᠠᠨ᠂ ᠳᠡᠭᠡᠳᠦ ᠱᠠᠲᠤᠨ ᠤ ᠬᠤᠯᠪᠤᠭᠳᠠᠯ ᠪᠥᠬᠦᠶ ᠰᠠᠯᠠᠭ᠎ᠠ ᠮᠥᠴᠢᠷ ᠪᠠ ᠰᠤᠮᠤ ᠪᠠᠯᠭᠠᠰᠤ ︵ᠲᠠᠯᠠᠪᠠᠶ︶᠂ | ᠭᠠᠴᠠᠭᠠᠨ ᠤ ᠬᠢᠨᠠᠯᠲᠠ ᠬᠠᠮᠢᠶᠠᠷᠤᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠬᠦ ᠬᠡᠷᠡᠭᠲᠡᠶ᠃ | ︵ᠬᠤᠶᠠᠷ︶ ᠡᠯ᠎ᠡ ᠰᠤᠮᠤ ᠪᠠᠯᠭᠠᠰᠤ ︵ᠲᠠᠯᠠᠪᠠᠶ︶ ᠨᠢ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠮᠠᠯᠵᠢᠬᠤ ᠡᠷᠦᠬᠡ ᠶᠢ ᠵᠢᠯᠣᠭᠤᠳᠤᠨ ᠮᠠᠯ ᠤᠨ ᠬᠦᠳᠡᠯᠭᠡᠭᠡᠨ ᠤ ᠲᠠᠯᠠᠪᠤᠷ᠂ ᠮᠠᠯ ᠤᠰᠤᠯᠠᠬᠤ | ᠵᠠᠮ ᠢ ᠵᠦᠶ ᠵᠣᠬᠢᠰᠲᠠᠶ ᠪᠠᠶᠢᠷᠢᠯᠠᠭᠤᠯᠵᠤ᠂ ᠫᠠᠶᠢᠰᠠ ᠢᠯᠡᠷᠬᠡᠶᠢᠯᠡᠯ ︵ᠫᠠᠶᠢᠰᠠ ᠢᠯᠡᠷᠬᠡᠶᠢᠯᠡᠯ ᠳᠤ ᠲᠤᠳᠤᠷᠬᠠᠶᠢᠯᠠᠬᠤ | ᠨᠢ᠄ ᠮᠠᠯᠵᠢᠬᠤ ᠡᠷᠦᠬᠡ ᠶᠢᠨ ᠣᠪᠣᠭ ᠨᠡᠷ᠎ᠡ᠂ ᠳᠥᠷᠪᠡᠨ ᠵᠠᠬ᠎ᠠ ᠶᠢᠨ ᠵᠠᠭᠠᠭ ᠱᠤᠭᠤᠮ᠂ ᠬᠠᠳᠤᠯᠠᠩ | ᠪᠡᠯᠴᠢᠭᠡᠷ ᠤᠨ ᠲᠠᠯᠠᠪᠠᠶ᠂ ᠮᠠᠯ ᠤᠨ ᠲᠤᠭ᠎ᠠ ᠲᠣᠯᠣᠭᠠᠶ ᠵᠡᠷᠭᠡ ᠪᠠᠶᠢᠳᠠᠯ︶ ᠡᠯᠭᠦᠬᠦ ᠬᠡᠷᠡᠭᠲᠡᠢ᠃ ᠭᠠᠴᠠᠭ᠎ᠠ ᠶᠢ ᠵᠣᠬᠢᠶᠠᠨ | ᠪᠠᠶᠢᠭᠤᠯᠤᠨ ᠮᠠᠯᠵᠢᠬᠤ ᠡᠷᠦᠬᠡ ᠲᠠᠢ ᠪᠡᠯᠴᠢᠭᠡᠷ ᠰᠡᠷᠭᠦᠭᠡᠬᠦ ᠬᠠᠷᠢᠭᠤᠴᠠᠯᠭ᠎ᠠ ᠶᠢᠨ ᠪᠢᠴᠢᠭ ᠲᠤᠭᠲᠠᠵᠤ᠂ ᠡᠪᠡᠰᠦ | ᠪᠣᠷᠳᠤᠭ᠎ᠠ ᠨᠦᠬᠡᠴᠡᠯᠡᠭᠰᠡᠨ ᠪᠠᠶᠢᠳᠠᠯ ᠢ ᠤᠷᠢᠳᠴᠢᠯᠠᠨ ᠤᠶᠢᠯᠠᠭᠠᠨ ᠡᠵᠡᠮᠰᠢᠬᠦ ᠶᠢᠨ ᠬᠠᠮᠲᠤ ᠡᠪᠡᠰᠦ ᠳᠤᠲᠠᠬᠤ | ᠮᠠᠯᠵᠢᠬᠤ ᠡᠷᠦᠬᠡ ᠶᠢ ᠬᠥᠲᠥᠯᠥᠨ ᠵᠢᠯᠣᠭᠤᠳᠴᠤ ᠡᠪᠡᠰᠦ ᠪᠣᠷᠳᠤᠭ᠎ᠠ ᠨᠥᠭᠡᠴᠡᠯᠡᠬᠦ ᠠᠵᠢᠯ ᠢ ᠰᠠᠶᠢᠲᠤᠷ ᠬᠢᠵᠦ᠂ | ᠪᠡᠯᠴᠢᠭᠡᠷ ᠰᠡᠷᠭᠦᠭᠡᠬᠦ ᠬᠤᠭᠤᠴᠠᠭᠠᠨ ᠳᠠᠬᠢ ᠡᠪᠡᠰᠦ ᠪᠣᠷᠳᠤᠭ᠎ᠠ ᠭᠦᠢᠴᠡᠳ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ | | ︵ᠭᠤᠷᠪᠠ︶ ᠬᠤᠰᠢᠭᠤ ᠣᠶ ᠰᠢᠭᠤᠶ ᠪᠠ ᠡᠪᠡᠰᠦ ᠪᠡᠯᠴᠢᠭᠡᠷ ᠤᠨ ᠲᠣᠪᠴᠢᠶ᠎ᠠ ᠨᠢ ᠡᠯ᠎ᠡ ᠰᠤᠮᠤ ᠪᠠᠯᠭᠠᠰᠤᠨ ᠤ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠤᠨ ᠵᠢᠯᠣᠭᠤᠳᠣᠯᠭ᠎ᠠ ᠪᠠᠨ ᠴᠢᠩᠭᠠᠳᠬᠠᠵᠤ᠂ ᠵᠣᠬᠢᠶᠠᠨ | ᠪᠠᠶᠢᠭᠤᠯᠤᠨ ᠵᠣᠬᠢᠴᠠᠭᠤᠯᠬᠤ᠂ ᠤᠬᠠᠭᠤᠯᠤᠨ ᠳᠠᠶᠢᠴᠢᠯᠠᠬᠤ ᠵᠢᠴᠢ ᠨᠤᠲᠤᠭ ᠪᠡᠯᠴᠢᠭᠡᠷ ᠤᠨ ᠬᠦᠳᠡᠯᠦᠩᠭᠦᠢ ᠪᠠᠶᠢᠳᠠᠯ ᠢ | ᠪᠠᠶᠢᠴᠠᠭᠠᠨ ᠬᠡᠮᠵᠢᠬᠦ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠶ︔ ᠬᠤᠰᠢᠭᠤ ᠲᠠᠷᠢᠶᠠᠯᠠᠩ ᠮᠠᠯ ᠠᠵᠤ ᠠᠬᠤᠢ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠨᠢ ᠡᠪᠡᠰᠦ ᠪᠣᠷᠳᠤᠭ᠎ᠠ ᠨᠥᠭᠡᠴᠡᠯᠡᠬᠦ᠂ ᠠᠮᠢᠲᠠᠨ ᠤ ᠬᠢᠵᠢᠭ | ᠡᠪᠡᠳᠴᠢᠨ ᠢ ᠰᠡᠷᠭᠡᠶᠢᠯᠡᠨ ᠵᠠᠰᠠᠬᠤ᠂ ᠤᠤᠭᠤᠬᠤ ᠤᠰᠤᠨ ᠤ ᠠᠮᠤᠷ ᠲᠦᠪᠰᠢᠨ ᠢ ᠪᠠᠲᠤᠯᠠᠬᠤ ᠵᠡᠷᠭᠡ ᠠᠵᠢᠯ ᠢ | ᠨᠢᠭᠡᠳᠦᠯᠲᠡᠶ ᠲᠥᠯᠥᠪᠯᠡᠬᠦ ᠶᠢ ᠬᠠᠷᠢᠭᠤᠴᠠᠬᠤ ᠬᠡᠷᠡᠭᠲᠡᠢ︔ ᠬᠤᠰᠢᠭᠤ ᠡᠳ᠋ ᠤᠨ ᠵᠠᠰᠠᠭ ᠤᠨ ᠲᠣᠪᠴᠢᠶ᠎ᠠ ᠪᠠᠯᠠ | ᠮᠥᠩᠭᠦ ᠶᠢ ᠬᠠᠮᠢᠶᠠᠷᠬᠤ ᠪᠠ ᠲᠠᠷᠬᠠᠭᠠᠬᠤ ᠠᠵᠢᠯ ᠢ ᠰᠠᠶᠢᠲᠤᠷ ᠬᠢᠬᠦ ᠬᠡᠷᠡᠭᠲᠡᠶ︔ ᠬᠤᠰᠢᠭᠤ ᠬᠠᠮ | ᠵᠠᠭᠤᠴᠢᠯᠠᠭᠤᠷ ᠤᠨ ᠲᠥᠪ ᠠᠴᠠ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷ ᠰᠡᠷᠭᠦᠭᠡᠬᠦ ᠠᠵᠢᠯ ᠢ ᠤᠬᠠᠭᠤᠯᠤᠨ | ᠮᠡᠳᠡᠭᠡᠯᠡᠬᠦ ᠶᠢ ᠬᠠᠷᠢᠭᠤᠴᠠᠬᠤ ᠬᠡᠷᠡᠭᠲᠡᠢ᠃ | ︵ᠳᠥᠷᠪᠡ︶ ᠬᠤᠰᠢᠭᠤ ᠣᠶ ᠰᠢᠭᠤᠶ ᠪᠠ ᠡᠪᠡᠰᠦ ᠪᠡᠯᠴᠢᠭᠡᠷ ᠤᠨ ᠬᠠᠤᠯᠢ ᠬᠡᠷᠡᠭᠵᠢᠭᠦᠯᠬᠦ ᠳᠤᠮᠳᠠ ᠠᠩᠭᠢ᠂ | ᠡᠯ᠎ᠡ ᠰᠤᠮᠤ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ ᠨᠢ ᠬᠠᠤᠯᠢ | ᠬᠡᠷᠡᠭᠵᠢᠭᠦᠯᠵᠦ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠬᠤᠯᠠᠭᠠᠶᠢᠯᠠᠨ ᠮᠠᠯᠵᠢᠬᠤ᠂ ᠳᠠᠯᠳᠠᠭᠤᠷ | ᠮᠠᠯᠵᠢᠬᠤ ᠵᠡᠷᠭᠡ ᠲᠣᠭᠲᠠᠭᠠᠯ ᠠᠴᠠ ᠵᠥᠷᠢᠴᠡᠨ ᠮᠠᠯᠵᠢᠬᠤ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ | ᠲᠣᠭᠲᠠᠭᠠᠯ ᠠᠴᠠ ᠵᠥᠷᠢᠴᠡᠨ ᠮᠠᠯᠵᠢᠬᠤ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠪᠠ | ᠪᠡᠯᠴᠢᠭᠡᠷᠯᠡᠭᠦᠯᠬᠦ ᠶᠢ ᠵᠤᠭᠰᠤᠭᠠᠵᠤ ᠪᠡᠯᠴᠢᠭᠡᠷ ᠰᠡᠷᠭᠦᠭᠡᠬᠦ ᠲᠦᠷᠢᠮ︾ ᠢ ᠦᠨᠳᠦᠰᠦᠯᠡᠨ ᠬᠠᠤᠯᠢ ᠶᠣᠰᠣᠭᠠᠷ ᠴᠢᠩᠭ᠎ᠠ | ᠪᠠᠶᠢᠴᠠᠭᠠᠨ ᠰᠢᠢᠳᠪᠦᠷᠢᠯᠡᠬᠦ ᠬᠡᠷᠡᠭᠲᠡᠶ᠃ ᠪᠡᠯᠴᠢᠭᠡᠷ ᠰᠡᠷᠭᠦᠭᠡᠬᠦ ᠬᠤᠭᠤᠴᠠᠭ᠎ᠠ ᠳᠠᠭᠤᠰᠤᠭᠰᠠᠨ ᠤ ᠳᠠᠷᠠᠭ᠎ᠠ᠂ ᠡᠯ᠎ᠡ | ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠤᠨ ᠡᠯ᠎ᠡ ᠰᠤᠮᠤ ᠪᠠᠯᠭᠠᠰᠤ ︵ᠲᠠᠯᠠᠪᠠᠢ︶ ᠪᠡᠯᠴᠢᠭᠡᠷ ᠰᠡᠷᠭᠦᠭᠡᠬᠦ ᠠᠵᠢᠯ ᠢ | ᠰᠢᠯᠭᠠᠨ ᠠᠪᠴᠤ᠂ ᠪᠡᠯᠴᠢᠭᠡᠷ ᠰᠡᠷᠭᠦᠭᠡᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠭᠰᠠᠨ ᠮᠠᠯᠵᠢᠬᠤ ᠡᠷᠦᠬᠡ ᠳᠤ | ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ︽ᠨᠢᠭᠡ ᠺᠠᠷᠲ ᠪᠠᠷ ᠲᠠᠷᠬᠠᠭᠠᠬᠤ︾ ᠬᠡᠯᠪᠡᠷᠢ ᠪᠠᠷ ᠪᠡᠯᠴᠢᠭᠡᠷ | ᠰᠡᠷᠭᠦᠭᠡᠬᠦ ᠨᠥᠬᠦᠪᠥᠷᠢ ᠣᠯᠭᠤᠨ᠎ᠠ᠃ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠭᠰᠠᠨ ᠦᠭᠡᠶ᠂ ᠳᠠᠯᠳᠠᠭᠤᠷ | ᠮᠠᠯᠵᠢᠭᠰᠠᠨ ᠵᠡᠷᠭᠡ ᠦᠢᠯᠡ ᠠᠵᠢᠯᠯᠠᠭ᠎ᠠ ᠲᠠᠢ ᠮᠠᠯᠵᠢᠬᠤ ᠡᠷᠦᠬᠡ ᠳᠤ᠂ ᠪᠡᠯᠴᠢᠭᠡᠷ ᠰᠡᠷᠭᠦᠭᠡᠬᠦ ᠨᠥᠬᠦᠪᠥᠷᠢ ᠶᠢ ᠨᠢ | ᠬᠠᠰᠤᠬᠤ ᠶᠢᠨ ᠬᠠᠮᠲᠤ ᠬᠠᠤᠯᠢ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃ | ︵ᠲᠠᠪᠤ︶ ᠢᠯᠡᠴᠢᠯᠡᠨ ᠮᠡᠳᠡᠭᠦᠯᠬᠦ ᠳᠦᠷᠢᠮ ᠢ ᠬᠡᠷᠡᠭᠵᠢᠭᠦᠯᠵᠦ᠂ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ᠂ ᠭᠤᠤᠯ ᠴᠣᠭᠴᠠ ᠶᠢᠨ ᠬᠢᠨᠠᠯᠲᠠ ᠲᠠᠯᠪᠢᠬᠤ᠂ ᠨᠡᠶᠢᠭᠡᠮ ᠤᠨ ᠬᠢᠨᠠᠯᠲᠠ | ᠲᠠᠯᠪᠢᠬᠤ᠂ ᠣᠯᠠᠨ ᠲᠦᠮᠡᠨ ᠤ ᠬᠢᠨᠠᠯᠲᠠ ᠲᠠᠯᠪᠢᠬᠤ ᠶᠢ ᠬᠡᠷᠡᠭᠵᠢᠭᠦᠯᠬᠦ ᠬᠢᠨᠠᠯᠲᠠ ᠬᠠᠮᠢᠶᠠᠷᠤᠯᠲᠠ ᠶᠢᠨ ᠠᠵᠢᠯ ᠤᠨ | ᠬᠠᠮᠲᠤ ᠶᠢᠨ ᠬᠦᠴᠦᠨ ᠢ ᠪᠤᠢ ᠪᠣᠯᠭᠠᠬᠤ ᠬᠡᠷᠡᠭᠲᠡᠶ᠃ ᠨᠡᠶᠢᠭᠡᠮ ᠤᠨ ᠡᠯ᠎ᠡ ᠡᠲᠡᠭᠡᠳ ᠤᠨ ᠬᠢᠨ ᠬᠢᠨᠠᠯᠲᠠ ᠲᠠᠯᠪᠢᠵᠤ᠂ | ᠲᠣᠭᠲᠠᠭᠠᠯ ᠠᠴᠠ ᠵᠥᠷᠢᠴᠡᠨ ᠮᠠᠯ ᠮᠠᠯᠵᠢᠬᠤ ᠦᠢᠯᠡ ᠠᠵᠢᠯᠯᠠᠭ᠎ᠠ ᠶᠢ ᠢᠳᠡᠪᠬᠢᠲᠡᠢ ᠪᠠᠷ ᠢᠯᠡᠴᠢᠯᠡᠨ ᠮᠡᠳᠡᠭᠦᠯᠬᠦ ᠶᠢ | ᠬᠦᠰᠡᠵᠦ ᠪᠠᠶᠢᠨ᠎ᠠ᠃ | ᠢᠯᠡᠴᠢᠯᠡᠨ ᠮᠡᠳᠡᠭᠦᠯᠬᠦ ᠤᠲᠠᠰᠤ᠄ | ᠬᠤᠰᠢᠭᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ 0479 — 3228393 | 13947945134 | ᠤᠯᠢᠶᠠᠰᠤᠲᠠᠢ ᠪᠠᠯᠭᠠᠰᠤ 0479—3223508 18747459991 | ᠳᠠᠭᠤᠳᠣᠨᠠᠭᠤᠷ ᠪᠠᠯᠭᠠᠰᠤ 0479—3358176 13947941534 | ᠬᠠᠳᠠᠪᠴᠢ ᠪᠠᠯᠭᠠᠰᠤ 0479—3363055 13644795444 | ᠡᠵᠢᠨᠠᠭᠤᠷ ᠪᠠᠯᠭᠠᠰᠤ 0479—3465005 15047948989 | ᠮᠠᠨᠳᠣᠬᠤᠪᠣᠯᠠᠭ ᠪᠠᠯᠭᠠᠰᠤ 0479—3361177 13947996273 | ᠬᠦᠷᠢᠶᠡᠳᠣᠨᠠᠭᠤᠷ ᠰᠤᠮᠤ 0479—3366014 13847908511 | ᠰᠠᠮᠠᠢ ᠰᠤᠮᠤ 0479—3366627 18647906292 | ᠠᠯᠳᠠᠨᠬᠢᠯᠢ ᠰᠤᠮᠤ 0479 — 3435021 15947198691 | ᠭᠠᠬᠢᠯ ᠰᠤᠮᠤ 0479 — 3220906 18804799590 | ᠪᠣᠭᠳᠠᠠᠭᠤᠯᠠ ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ 0479 — 2288075 | 13947972149 | ᠣᠨᠴᠠᠭᠠᠶᠢᠯᠠᠨ ᠵᠠᠷᠯᠠᠪᠠ | |