ᠤᠳᠤᠷᠢᠳᠤᠯᠭ᠎ᠠ ᠶᠢᠨ ᠠᠵᠢᠯ ᠤᠨ ᠬᠤᠪᠢᠶᠠᠷᠢᠯᠠᠯ | ᠲᠡᠷᠢᠭᠦᠯᠡᠭᠴᠢ ᠶᠢᠨ ᠠᠵᠢᠯ ᠢ ᠬᠠᠪᠰᠤᠷᠴᠤ᠂ ᠰᠠᠨᠠᠯ ᠵᠥᠪᠯᠡᠯᠭᠡ ᠶᠢᠨ ᠵᠥᠪᠯᠡᠯ᠂ ᠭᠡᠰᠢᠭᠦᠳ ᠤᠨ ᠰᠤᠷᠤᠯᠴᠠᠬᠤ | ᠪᠠ ᠬᠠᠷᠢᠯᠴᠠᠬᠤ ᠠᠵᠢᠯ ᠤᠨ ᠵᠥᠪᠯᠡᠯ ᠢ ᠬᠤᠪᠢᠳᠠᠨ ᠬᠠᠮᠢᠶᠠᠷᠤᠨ᠎ᠠ᠃ ᠵᠣᠬᠢᠶᠠᠨ ᠪᠠᠶᠢᠭᠤᠯᠬᠤ ᠬᠡᠯᠲᠡᠰ᠂ ᠤᠬᠠᠭᠤᠯᠬᠤ | ᠬᠡᠯᠲᠡᠰ᠂ ᠣᠷᠣᠨ ᠲᠤᠭ᠎ᠠ ᠶᠢᠨ ᠠᠯᠪᠠᠨ ᠬᠡᠷ᠂ ᠨᠡᠶᠢᠭᠡᠮ ᠤᠨ ᠠᠵᠢᠯ ᠤᠨ ᠬᠡᠯᠲᠡᠰ᠂ ᠬᠥᠮᠦᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠢᠨᠠᠨ ᠪᠤᠳᠤᠬᠤ ᠲᠣᠪᠴᠢᠶ᠎ᠠ᠂ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠲᠣᠪᠴᠢᠶ᠎ᠠ︶᠂ ᠲᠤᠭ᠎ᠠ ᠪᠦᠷᠢᠳᠬᠡᠯ ᠤᠨ ᠲᠣᠪᠴᠢᠶ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ | ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ | ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠬᠠᠮ ᠵᠠᠭᠤᠴᠢᠯᠠᠭᠤᠷ ᠤᠨ ᠲᠥᠪ᠂ ᠣᠷᠣᠨ ᠰᠠᠭᠤᠴᠠ ᠶᠢᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠲᠥᠪ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ | ᠠᠵᠢᠯᠴᠢᠨ ᠤ ᠡᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠡᠪᠯᠡᠯ ᠤᠨ ᠬᠤᠷᠢᠶ᠎ᠠ᠂ ᠵᠡᠮᠳᠡᠭᠴᠦᠳ ᠤᠨ | ᠬᠤᠯᠪᠣᠭᠠᠲᠤ ᠬᠤᠷᠠᠯ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠤᠳᠬ᠎ᠠ ᠤᠷᠠᠯᠢᠭ ᠤᠨ ᠬᠢᠨ ᠤ ᠬᠤᠯᠪᠣᠭᠠᠲᠤ | ᠬᠤᠷᠠᠯ ᠲᠠᠢ ᠬᠠᠷᠢᠯᠴᠠᠨ᠎ᠠ᠃ | ᠬᠤᠪᠢ ᠬᠦᠮᠦᠨ ᠤ ᠲᠤᠪᠴᠢ ᠨᠠᠮᠲᠠᠷ | ᠬᠠᠢ ᠵᠦ᠂ ᠡᠷᠡᠭᠲᠡᠢ᠂ ᠮᠣᠩᠭᠤᠯ ᠦᠨᠳᠦᠰᠦᠲᠡᠨ᠂ 1971 ᠣᠨ ᠤ 2 ᠰᠠᠷ᠎ᠠ ᠳᠤ ᠲᠦᠷᠦᠵᠠᠢ᠂ ᠶᠡᠭᠡ | ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠤᠳᠬ᠎ᠠ ᠵᠣᠬᠢᠶᠠᠯ ᠤᠨ ᠣᠶᠤᠲᠠᠨ ᠴᠣᠯᠠ ᠲᠠᠢ᠂ ᠳᠤᠮᠳᠠᠳᠤ | ᠤᠯᠤᠰ ᠤᠨ ᠡᠪ ᠬᠠᠮᠲᠤ ᠨᠠᠮ ᠤᠨ ᠭᠡᠰᠢᠭᠦᠨ᠃ ᠣᠲᠣ ᠵᠡᠭᠦᠨ ᠦᠵᠦᠮᠦᠴᠢᠨ ᠬᠤᠰᠢᠭᠤᠨ ᠤ ᠤᠯᠤᠰ ᠲᠥᠷᠥ ᠶᠢᠨ | ᠵᠥᠪᠯᠡᠯᠭᠡᠨ ᠤ ᠳᠡᠳ᠋ ᠲᠡᠷᠢᠭᠦᠯᠡᠭᠴᠢ ᠶᠢᠨ ᠵᠢᠱᠢᠭᠳᠡᠭᠴᠢ ᠶᠢᠨ ᠲᠤᠰᠢᠶᠠᠯ ᠢ ᠬᠠᠷᠢᠭᠤᠴᠠᠵᠤ ᠪᠠᠶᠢᠨ᠎ᠠ᠃ |