ᠬᠤᠰᠢᠭᠤ ᠠᠷᠠᠳ ᠤᠨ ᠡᠮᠨᠡᠯᠭᠡ ᠶᠢᠨ ᠬᠤᠷᠢᠶ᠎ᠠ《 ᠡᠮ ᠡᠮᠴᠢᠯᠡᠭᠡᠨ ᠤ ᠦᠶᠯᠡᠴᠢᠯᠡᠭᠡᠨ ᠤ ᠶᠠᠰᠤ ᠴᠢᠨᠠᠷ ᠪᠠ ᠦᠶᠯᠡᠴᠢᠯᠡᠭᠡᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠬᠦ  ᠵᠢᠯ 》 ᠤᠨ ᠡᠬᠢᠯᠡᠯᠲᠡ ᠶᠢᠨ ᠶᠣᠰᠣᠯᠠᠯ ᠶᠠᠪᠤᠭᠳᠠᠭᠤᠯᠪᠠ
ᠨᠡᠶᠢᠲᠡᠯᠡᠭᠰᠡᠨ ᠴᠠᠭ᠄
2025/4/21
      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠳᠣᠭᠤᠰᠢᠯᠠᠭᠤᠯᠵᠦ᠂《ᠡᠷᠡᠭᠦᠯ ᠡᠩᠬᠡ ᠳᠤᠮᠳᠠᠳᠤ ᠤᠯᠤᠰ 2030 》ᠲᠥᠯᠥᠪᠵᠢᠭᠦᠯᠭᠡ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ 4 ᠰᠠᠷ᠎ᠠ  ᠶᠢᠨ 2 ᠤᠨ ᠡᠳᠦᠷ᠂ ᠬᠤᠰᠢᠭᠤ ᠠᠷᠠᠳ ᠤᠨ ᠡᠮᠨᠡᠯᠭᠡ ᠶᠢᠨ ᠬᠤᠷᠢᠶ᠎ᠠ《ᠡᠮ ᠡᠮᠴᠢᠯᠡᠭᠡᠨ ᠤ ᠦᠶᠯᠡᠴᠢᠯᠡᠭᠡᠨ ᠤ ᠶᠠᠰᠤ ᠴᠢᠨᠠᠷ ᠪᠠ ᠦᠶᠯᠡᠴᠢᠯᠡᠭᠡᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠵᠢᠯ 》 ᠤᠨ ᠡᠬᠢᠯᠡᠯᠲᠡ ᠶᠢᠨ  ᠶᠣᠰᠣᠯᠠᠯ  ᠶᠠᠪᠤᠭᠳᠠᠭᠤᠯᠪᠠ  ᠃      ᠡᠬᠢᠯᠡᠯᠲᠡ ᠶᠢᠨ ᠶᠣᠰᠣᠯᠠᠯ  ᠳᠤ᠂ ᠬᠤᠰᠢᠭᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠠᠷᠢᠭᠤᠴᠠᠯᠭᠠᠲᠠᠨ ᠠᠴᠠ ᠡᠮ ᠡᠮᠴᠢᠯᠡᠭᠡᠨ ᠤ ᠦᠶᠯᠡᠴᠢᠯᠡᠭᠡ ᠶᠢᠨ ᠶᠠᠰᠤ ᠴᠢᠨᠠᠷ ᠢ ᠳᠡᠭᠡᠭᠰᠢᠯᠡᠭᠦᠯᠬᠦ ᠨᠢ ᠣᠯᠠᠨ ᠲᠦᠮᠡᠨ ᠤ ᠡᠷᠡᠭᠦᠯ ᠮᠡᠨᠳᠦ ᠶᠢ ᠪᠠᠲᠤᠯᠠᠬᠤ᠂ ᠭᠠᠵᠠᠷ ᠣᠷᠣᠨ ᠤ ᠡᠮᠴᠢᠯᠡᠭᠡᠨ ᠤ ᠦᠶᠯᠡᠰ ᠤᠨ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠭᠡᠵᠦ ᠴᠢᠬᠤᠯᠠᠴᠢᠯᠠᠪᠠ᠃ ᠬᠤᠰᠢᠭᠤ ᠠᠷᠠᠳ ᠤᠨ ᠡᠮᠨᠡᠯᠭᠡ ᠶᠢᠨ ᠬᠤᠷᠢᠶᠠᠨ ᠤ ᠬᠠᠷᠢᠭᠤᠴᠠᠯᠭᠠᠲᠠᠨ ᠠᠴᠠ ᠡᠮ ᠡᠮᠴᠢᠯᠡᠭᠡᠨ ᠤ ᠦᠶᠯᠡᠴᠢᠯᠡᠭᠡᠨ ᠤ ᠶᠠᠰᠤ ᠴᠢᠨᠠᠷ ᠪᠠ ᠦᠶᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠲᠤᠬᠠᠶ ᠵᠡᠭᠦᠨ ᠦᠵᠦᠮᠦᠴᠢᠨ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠬᠡᠷᠡᠭᠵᠢᠭᠦᠯᠬᠦ ᠲᠥᠰᠦᠯ ᠳᠤ ᠨᠠᠷᠢᠨ ᠲᠠᠶᠢᠯᠤᠮᠵᠢ ᠬᠢᠪᠠ᠃ ᠨᠡᠶᠢᠭᠡᠮ ᠤᠨ ᠬᠢᠨᠠᠯᠲᠠ ᠲᠠᠯᠪᠢᠭᠴᠢ ᠶᠢᠨ ᠲᠥᠯᠥᠭᠡᠯᠡᠭᠴᠢ ᠪᠣᠯᠤᠨ ᠡᠮᠨᠡᠯᠭᠡ ᠶᠢᠨ ᠬᠤᠷᠢᠶᠠᠨ ᠤ ᠰᠠᠯᠠᠭ᠎ᠠ ᠲᠠᠰᠤᠭ ᠤᠨ ᠬᠠᠷᠢᠭᠤᠴᠠᠯᠭᠠᠲᠠᠨ ᠤ ᠲᠥᠯᠥᠭᠡᠯᠡᠭᠴᠢ ᠲᠣᠰ ᠲᠣᠰ ᠣᠪᠣᠷ ᠢᠶᠠᠨ ᠢᠯᠡᠳᠬᠡᠬᠦ ᠦᠭᠡ ᠬᠡᠯᠡᠪᠡ  ᠃      ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ ᠪᠠᠰᠠ ᠪᠡᠶ᠎ᠡ ᠶᠢᠨ ᠬᠦᠨᠳᠦ ᠶᠢᠨ ᠬᠠᠮᠢᠶᠠᠷᠤᠯᠲᠠ ᠶᠢᠨ ᠡᠭᠦᠳᠡᠨ ᠡᠮᠨᠡᠯᠭᠡ ᠶᠢᠨ ᠫᠠᠶᠢᠰᠠ ᠰᠡᠬᠦᠬᠦ ᠶᠣᠰᠣᠯᠠᠯ ᠶᠠᠪᠤᠭᠤᠯᠵᠤ᠂ ᠬᠤᠷᠠᠯ ᠳᠤ ᠣᠷᠣᠯᠴᠠᠭᠰᠠᠳ ᠠᠴᠠ ᠡᠭᠦᠳᠡᠨ ᠡᠮᠨᠡᠯᠭᠡ ᠶᠢ ᠲᠣᠭᠤᠷᠢᠨ ᠦᠵᠡᠵᠦ᠂ ᠲᠡᠭᠦᠨ ᠤ ᠴᠢᠳᠠᠮᠵᠢ ᠶᠢᠨ ᠪᠠᠶᠢᠷᠢᠰᠢᠭᠤᠯᠤᠯᠲᠠ ᠪᠠ ᠦᠶᠯᠡᠴᠢᠯᠡᠭᠡᠨ ᠤ ᠣᠶᠢᠯᠠᠭᠠᠭᠳᠠᠬᠤᠨ ᠢ ᠭᠦᠶᠴᠡᠳ ᠨᠤᠲᠠᠯᠠᠬᠤ ᠶᠢᠨ ᠬᠠᠮᠲᠤ ᠦᠶᠯᠡᠴᠢᠯᠡᠭᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠲᠤᠬᠠᠶ ᠰᠠᠨᠠᠭᠤᠯᠭ᠎ᠠ ᠳᠤᠷᠠᠳᠴᠠᠶ᠃ ᠡᠮᠨᠡᠯᠭᠡ ᠶᠢᠨ ᠬᠤᠷᠢᠶᠠᠨ ᠤ ᠠᠵᠢᠯᠲᠠᠨ ᠠᠴᠠ ᠪᠠᠰᠠ ᠲᠤᠬᠠᠶ ᠶᠢᠨ ᠲᠠᠯᠠᠪᠠᠶ ᠳᠤ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠵᠤ᠂ ᠣᠯᠠᠨ ᠲᠦᠮᠡᠨ ᠳᠤ ᠰᠢᠨᠵᠢᠯᠡᠬᠦ ᠤᠬᠠᠭᠠᠨᠴᠢ ᠪᠡᠶ᠎ᠡ ᠶᠢᠨ ᠬᠦᠨᠳᠦ ᠶᠢᠨ ᠬᠠᠮᠢᠶᠠᠷᠤᠯᠲᠠ ᠶᠢᠨ ᠮᠡᠳᠡᠯᠭᠡ ᠶᠢ ᠲᠦᠭᠡᠮᠡᠯᠵᠢᠭᠦᠯᠪᠡ᠃      ᠲᠠᠷᠠᠭᠠᠴᠢ ᠶᠢᠨ ᠠᠯᠬᠤᠮ ᠳᠤ᠂ ᠬᠤᠰᠢᠭᠤ ᠠᠷᠠᠳ ᠤᠨ ᠡᠮᠨᠡᠯᠭᠡ ᠶᠢᠨ ᠬᠤᠷᠢᠶ᠎ᠠ ᠲᠣᠰ ᠤᠳᠠᠭᠠᠨ ᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠦᠵᠡᠯ ᠰᠠᠨᠠᠭ᠎ᠠ ᠪᠠᠨ ᠨᠢᠭᠡᠳᠬᠡᠨ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠦᠨᠡᠨ ᠬᠦ ᠠᠳᠬᠤᠨ ᠪᠣᠳᠠᠲᠠᠶ ᠠᠵᠢᠯᠯᠠᠵᠤ᠂ ᠡᠮᠴᠢᠯᠡᠭᠡᠨ ᠤ ᠶᠠᠰᠤ ᠴᠢᠨᠠᠷ ᠪᠠ ᠦᠶᠯᠡᠴᠢᠯᠡᠭᠡᠨ ᠤ ᠬᠢᠷᠢ ᠲᠦᠪᠰᠢᠨ ᠢᠶᠠᠨ ᠴᠢᠷᠮᠠᠶᠢᠨ ᠳᠡᠭᠡᠭᠰᠢᠯᠡᠭᠦᠯᠵᠦ᠂ ᠡᠮᠨᠡᠯᠭᠡ ᠶᠢᠨ ᠬᠤᠷᠢᠶᠠᠨ ᠤ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠵᠦ᠂ ᠵᠡᠭᠦᠨ ᠦᠵᠦᠮᠦᠴᠢᠨ ᠬᠤᠰᠢᠭᠤᠨ ᠤ ᠠᠷᠠᠳ ᠣᠯᠠᠨ ᠤ ᠡᠷᠡᠭᠦᠯ ᠮᠡᠨᠳᠦ ᠶᠢ ᠬᠠᠮᠠᠭᠠᠯᠠᠬᠤ ᠪᠣᠯᠤᠨ᠎ᠠ  ᠃      ᠬᠤᠰᠢᠭᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠠᠷᠢᠭᠤᠴᠠᠯᠭᠠᠲᠠᠨ᠂ ᠨᠡᠶᠢᠭᠡᠮ ᠤᠨ ᠬᠢᠨᠠᠯᠲᠠ ᠲᠠᠯᠪᠢᠭᠴᠢ᠂ ᠡᠮᠨᠡᠯᠭᠡ ᠶᠢᠨ ᠬᠤᠷᠢᠶᠠᠨ ᠤ ᠤᠳᠤᠷᠢᠳᠬᠤ ᠪᠠᠭ ᠵᠢᠴᠢ ᠬᠡᠰᠡᠭ ᠺᠠᠳ᠋ᠷ ᠠᠵᠢᠯᠲᠠᠨ ᠶᠣᠰᠣᠯᠠᠯ  ᠳᠤ ᠣᠷᠣᠯᠴᠠᠪᠠ  ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号