ᠵᠡᠭᠦᠨ ᠦᠵᠦᠮᠦᠴᠢᠨ ᠬᠤᠰᠢᠭᠤᠨ ᠤ ᠮᠠᠯ ᠡᠮᠨᠡᠯᠭᠡ ᠶᠢᠨ ᠦᠶᠯᠡᠴᠢᠯᠡᠭᠡᠨ ᠤ ᠲᠥᠪ ᠨᠢ ᠥᠷᠭᠡᠨ ᠣᠯᠠᠨ ᠮᠠᠯᠴᠢᠳ ᠲᠤ ᠪᠠᠨ ᠳᠦᠭᠦᠮ ᠦᠵᠡᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2025/4/21
      ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡ ᠨᠢ ᠣᠳᠤ ᠦᠶ᠎ᠡ ᠶᠢᠨ ᠮᠠᠯ ᠠᠵᠤ ᠠᠬᠤᠢ ᠶᠢᠨ ᠬᠦᠭᠵᠢᠯᠲᠡ ᠶᠢᠨ ᠬᠡᠷᠡᠭᠴᠡᠭᠡ ᠳᠤ ᠵᠣᠬᠢᠴᠠᠭᠰᠠᠨ ᠦᠢᠯᠡᠴᠢᠯᠡᠭᠡᠨ ᠤ ᠬᠡᠪ ᠵᠠᠭᠪᠤᠷ ᠪᠣᠯᠬᠤ ᠶᠤᠮ᠃ ᠵᠡᠭᠦᠨ ᠦᠵᠦᠮᠦᠴᠢᠨ ᠬᠤᠰᠢᠭᠤᠨ ᠤ ᠮᠠᠯ ᠡᠮᠨᠡᠯᠭᠡ ᠶᠢᠨ ᠦᠶᠯᠡᠴᠢᠯᠡᠭᠡᠨ ᠤ ᠲᠥᠪ ᠨᠢ ᠡᠵᠡᠩᠨᠡᠯᠲᠡ ᠪᠠᠨ ᠡᠬᠢᠯᠡᠭᠦᠯᠦᠭᠰᠡᠨ ᠠᠴᠠ ᠨᠠᠭᠠᠰᠢ ᠨᠡᠶᠢᠲᠡ 140 ᠭᠠᠷᠤᠢ ᠣᠳᠠᠭ᠎ᠠ ᠮᠠᠯ ᠤᠨ ᠡᠮᠴᠢᠯᠡᠭᠡ ᠶᠢ ᠲᠣᠰᠴᠦ᠂ 80 %  ᠠᠴᠠ ᠳᠡᠭᠡᠭᠰᠢᠬᠢ ᠡᠳᠡᠭᠡᠷᠡᠯᠲᠡ ᠶᠢᠨ ᠨᠤᠷᠮ᠎ᠠ ᠶᠢ ᠪᠡᠶᠡᠯᠡᠭᠦᠯᠵᠦ᠂ ᠮᠠᠯᠴᠢᠨ ᠲᠦᠮᠡᠨ ᠳᠤ ᠪᠠᠨ ᠠᠰᠢᠭ ᠬᠦᠷᠲᠡᠭᠡᠵᠦ᠂ ᠳᠦᠭᠦᠮ ᠲᠦᠲᠡ ᠦᠢᠯᠡᠴᠢᠯᠡᠭᠡ ᠶᠢ ᠬᠠᠩᠭᠠᠨ᠎ᠠ᠃      ᠲᠣᠰ ᠦᠶᠯᠡᠴᠢᠯᠡᠭᠡᠨ ᠤ ᠲᠥᠪ ᠨᠢ ᠤᠯᠢᠶᠠᠰᠤᠲᠠᠢ ᠪᠠᠯᠭᠠᠰᠤᠨ ᠤ ᠠᠵᠤ ᠦᠶᠯᠡᠳᠪᠦᠷᠢ ᠶᠢᠨ ᠬᠦᠷᠢᠶᠡᠯᠡᠩ  ᠳᠤ ᠪᠠᠶᠢᠷᠢᠯᠠᠵᠤ᠂ ︽ᠵᠡᠭᠦᠨ ᠦᠵᠦᠮᠦᠴᠢᠨ ᠬᠤᠰᠢᠭᠤᠨ ᠤ ᠪᠠᠳᠤᠵᠢᠷᠭᠠᠯ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ︾ ᠠᠴᠠ ᠳᠠᠭᠠᠭᠠᠴᠢᠯᠠᠨ ᠡᠵᠡᠩᠨᠡᠵᠦ᠂ 10 ᠭᠠᠷᠤᠶ ᠬᠥᠮᠦᠨ ᠤ ᠦᠶᠯᠡᠴᠢᠯᠡᠭᠡᠨ ᠤ ᠪᠦᠯᠬᠦᠮ ᠢᠶᠠᠷ ᠪᠦᠷᠢᠯᠳᠦᠵᠦ᠂ ᠮᠠᠯ ᠡᠮᠨᠡᠯᠭᠡ ᠶᠢᠨ ᠮᠡᠷᠭᠡᠵᠢᠯᠲᠡᠨ ᠢ ᠵᠠᠯᠠᠵᠦ᠂ ᠮᠠᠯ ᠤᠨ ᠡᠮᠴᠢ ᠶᠢᠨ ᠬᠢᠷᠢ ᠬᠡᠮ ᠤᠨ ᠦᠨᠡᠮᠯᠡᠯ ᠲᠠᠢ ᠡᠮᠴᠢ ᠠᠴᠠ ᠤᠨᠤᠰᠢᠯᠠᠨ          ᠡᠮᠴᠢᠯᠡᠵᠦ᠂ ᠪᠥᠬᠦ ᠬᠤᠰᠢᠭᠤᠨ ᠤ ᠥᠷᠭᠡᠨ ᠣᠯᠠᠨ ᠮᠠᠯᠴᠢᠳ ᠲᠤ ᠪᠥᠬᠦ ᠲᠠᠯ᠎ᠠ ᠶᠢᠨ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠶᠯᠡᠴᠢᠯᠡᠭᠡ ᠬᠠᠩᠭᠠᠵᠤ ᠪᠠᠶᠢᠨ᠎ᠠ᠃ ᠲᠣᠰ ᠲᠥᠪ ᠨᠢ ᠪᠠᠰᠠ ᠮᠠᠯᠴᠢᠳ ᠤᠨ ᠬᠡᠷᠡᠭᠴᠡᠭᠡ ᠶᠢ ᠭᠦᠶᠴᠡᠳ ᠪᠣᠳᠣᠯᠬᠢᠯᠠᠵᠤ᠂ ᠠᠮᠢᠳᠤᠯᠢᠭ ᠪᠥᠭᠡᠳ ᠣᠯᠠᠨ ᠶᠠᠩᠵᠤ ᠶᠢᠨ ᠡᠪᠡᠳᠴᠢᠨ ᠦᠵᠡᠭᠦᠯᠬᠦ ᠵᠠᠭᠪᠤᠷ ᠢ ᠠᠪᠴᠤ᠂ ᠮᠠᠯ ᠤᠨ ᠡᠪᠡᠳᠴᠢᠨ ᠡᠮᠭᠡᠭ ᠢ ᠣᠨᠣᠰᠢᠯᠠᠬᠤ᠂ ᠮᠡᠰᠡ ᠵᠠᠰᠠᠯ ᠬᠢᠬᠦ᠂ ᠠᠯᠤᠰ ᠠᠴᠠ ᠣᠨᠣᠰᠢᠯᠠᠨ ᠡᠮᠨᠡᠬᠦ ᠪᠤᠶᠤ ᠲᠤᠬᠠᠶ  ᠶᠢᠨ ᠲᠠᠯᠠᠪᠤᠷ ᠲᠤ ᠠᠰᠠᠭᠤᠨ ᠡᠮᠨᠡᠬᠦ ᠶᠢᠨ ᠬᠠᠮᠳᠤ᠂ ᠪᠥᠬᠦ ᠬᠤᠰᠢᠭᠤᠨ ᠤ ᠡᠯ᠎ᠡ ᠰᠤᠮᠤ ᠪᠠᠯᠭᠠᠰᠤᠨ ᠳᠤ ᠬᠦᠷᠴᠦ ᠣᠨᠣᠰᠢᠯᠠᠨ ᠡᠮᠨᠡᠵᠦ᠂ ᠵᠡᠭᠦᠦ ᠳᠠᠷᠢᠵᠤ ᠬᠤᠷᠣᠬᠠᠶ ᠬᠥᠭᠡᠭᠡᠬᠦ᠂ B ᠬᠡᠲᠦ ᠳᠣᠯᠭᠢᠶᠠᠨ ᠤ ᠪᠠᠶᠢᠴᠠᠭᠠᠯᠲᠠ᠂ ᠬᠡᠭᠡᠯᠲᠦᠭᠦᠯᠭᠡ ᠵᠡᠷᠭᠡ ᠣᠯᠠᠨ ᠲᠠᠯ᠎ᠠ ᠶᠢᠨ ᠦᠶᠯᠡᠴᠢᠯᠡᠭᠡ ᠬᠠᠩᠭᠠᠵᠤ ᠪᠠᠶᠢᠨ᠎ᠠ᠃        ᠰᠦᠢᠳᠬᠡᠯ ᠬᠤᠷᠢᠶᠠᠬᠤ ᠠᠵᠢᠯᠯᠠᠭ᠎ᠠ ᠶᠢ ᠳᠦᠷᠢᠮᠵᠢᠭᠦᠯᠵᠦ᠂ ᠮᠠᠯᠴᠢᠳ ᠤᠨ ᠡᠷᠬᠡ ᠠᠰᠢᠭ ᠢ ᠪᠠᠲᠤᠯᠠᠬᠤ ᠶᠢᠨ ᠲᠥᠯᠥᠭᠡ᠂ ᠮᠠᠯ ᠡᠮᠨᠡᠯᠭᠡ ᠶᠢᠨ ᠦᠢᠯᠡᠴᠢᠯᠡᠭᠡᠨ ᠤ ᠲᠥᠪ ᠨᠢ ᠲᠥᠯᠥᠪᠦᠷᠢᠲᠦ ᠦᠢᠯᠡᠴᠢᠯᠡᠭᠡᠨ ᠤ ᠰᠦᠢᠳᠬᠡᠯ ᠬᠤᠷᠢᠶᠠᠬᠤ ᠰᠠᠨᠠᠭᠤᠯᠭ᠎ᠠ ᠶᠢᠨ ᠦᠨ᠎ᠡ ᠶᠢ ᠦᠨᠳᠦᠰᠦᠯᠡᠵᠦ᠂ ᠵᠦᠢ ᠵᠣᠬᠢᠰᠲᠠᠢ ᠰᠦᠢᠳᠬᠡᠯ ᠬᠤᠷᠢᠶᠠᠬᠤ ᠪᠠᠷᠢᠮᠵᠢᠶ᠎ᠠ  ᠶᠢ ᠲᠣᠭᠲᠠᠭᠠᠪᠠ᠃ ᠡᠭᠦᠨ ᠤ ᠬᠠᠮᠲᠤ᠂ ᠵᠡᠭᠦᠨ ᠦᠵᠦᠮᠦᠴᠢᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠴᠤ ᠬᠠᠮᠢᠶ᠎ᠠ ᠪᠥᠬᠦᠶ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠢᠳᠡᠪᠬᠢᠲᠡᠶ ᠨᠠᠶᠢᠳᠠᠪᠤᠷᠢᠵᠢᠭᠤᠯᠵᠤ᠂ ᠺᠣᠮᠫᠠᠨᠢ ᠶᠢᠨ ᠳᠠᠭᠠᠭᠠᠴᠢᠯᠠᠯᠲᠠ ᠶᠢᠨ ᠰᠦᠶᠳᠬᠡᠯ ᠢ ᠨᠥᠬᠦᠪᠥᠷᠢ ᠶᠢᠨ ᠬᠡᠯᠪᠡᠷᠢ ᠪᠠᠷ ᠮᠠᠯ ᠡᠮᠨᠡᠭᠦᠯᠦᠭᠰᠡᠨ ᠮᠠᠯᠴᠢᠨ ᠡᠷᠦᠬᠡ ᠳᠤ ᠣᠯᠭᠤᠪᠠ᠃ ᠵᠢᠱᠢᠶᠡᠯᠡᠪᠡᠯ᠂ ᠮᠠᠯᠴᠢᠳ 100 ᠲᠥᠭᠦᠷᠢᠭ ᠤᠨ ᠮᠠᠯ ᠤᠨ ᠡᠮ ᠬᠤᠳᠠᠯᠳᠤᠨ ᠠᠪᠬᠤ ᠳᠤ᠂ ᠵᠥᠪᠬᠡᠨ 80 ᠲᠥᠭᠦᠷᠢᠭ ᠵᠠᠷᠤᠴᠠᠭᠤᠯᠵᠤ᠂ ᠪᠤᠰᠤᠳ ᠮᠡᠰᠡ ᠵᠠᠰᠠᠯ ᠤᠨ ᠡᠮᠴᠢᠯᠡᠭᠡ ᠵᠡᠷᠭᠡ ᠳᠤ ᠴᠥᠮ ᠬᠠᠷᠠᠭᠠᠯᠵᠠᠯ ᠦᠵᠡᠭᠦᠯᠵᠦ᠂ ᠮᠠᠯᠴᠢᠳ ᠤᠨ ᠠᠵᠤ ᠠᠬᠤᠶ ᠶᠢᠨ ᠳᠠᠷᠤᠭᠠᠰᠤ ᠶᠢ ᠬᠥᠩᠭᠡᠷᠡᠭᠦᠯᠪᠡ᠃      ᠰᠤᠷᠪᠤᠯᠵᠢᠯᠠᠭ᠎ᠠ᠄  ᠵᠡᠭᠦᠨ ᠦᠵᠦᠮᠦᠴᠢᠨ ᠬᠤᠰᠢᠭᠤᠨ ᠤ ᠮᠠᠯ ᠡᠮᠨᠡᠯᠭᠡ ᠶᠢᠨ ᠦᠢᠯᠡᠴᠢᠯᠡᠭᠡᠨ ᠤ ᠲᠥᠪ ᠤᠨ ᠬᠠᠷᠢᠭᠤᠴᠠᠯᠭᠠᠲᠠᠨ:  ᠪᠠᠲᠤᠵᠢᠷᠭᠠᠯ      ᠲᠣᠰ ᠦᠶᠯᠡᠴᠢᠯᠡᠭᠡᠨ ᠤ ᠲᠥᠪ ᠤᠨ ᠪᠠᠷᠢᠯᠭ᠎ᠠ ᠶᠢᠨ ᠲᠠᠯᠠᠪᠠᠶ ᠨᠢ 3899 ᠲᠡᠭᠰᠢ ᠳᠥᠷᠪᠡᠯᠵᠢᠨ ᠮᠧᠲᠷ᠂18 ᠲᠠᠰᠤᠯᠭ᠎ᠠ ᠪᠣᠳᠠ ᠪᠣᠭ ᠮᠠᠯ ᠤᠨ ᠬᠠᠰᠢᠶ᠎ᠠ ᠰᠠᠷᠠᠪᠴᠢ᠂ ᠰᠢᠨᠵᠢᠯᠡᠨ ᠰᠢᠯᠭᠠᠬᠤ ᠲᠠᠰᠤᠭ᠂ ᠮᠡᠰᠡ ᠵᠠᠰᠠᠯ ᠤᠨ ᠲᠠᠰᠤᠭ᠂ ᠮᠠᠯ ᠡᠮᠨᠡᠯᠭᠡ ᠶᠢᠨ ᠲᠠᠰᠤᠭ ᠵᠡᠷᠭᠡ ᠣᠨᠣᠰᠢᠯᠠᠨ ᠡᠮᠨᠡᠬᠦ ᠴᠢᠳᠠᠮᠵᠢ ᠶᠢᠨ ᠲᠠᠰᠤᠭ ᠲᠠᠢ ᠪᠠᠶᠢᠵᠤ᠂ ᠪᠠᠰᠠ PCR ᠪᠠᠶᠢᠴᠠᠭᠠᠨ ᠰᠢᠯᠭᠠᠬᠤ ᠬᠡᠮᠵᠢᠭᠦᠷᠯᠢᠭ᠂ X ᠰᠠᠴᠤᠷᠠᠭ ᠤᠨ ᠮᠠᠰᠢᠨ᠂ B ᠬᠡᠲᠦ ᠳᠣᠯᠭᠢᠶᠠᠨ ᠤ ᠬᠡᠮᠵᠢᠭᠦᠷᠯᠢᠭ ᠵᠡᠷᠭᠡ 40 ᠭᠠᠷᠤᠶ ᠵᠦᠶᠯ ᠤᠨ ᠲᠡᠷᠢᠭᠦᠨ ᠤ ᠬᠡᠮᠵᠢᠭᠦᠷᠯᠢᠭ ᠲᠥᠬᠦᠭᠡᠷᠦᠮᠵᠢ ᠶᠢ ᠳᠣᠭᠢᠷᠠᠭᠤᠯᠵᠤ᠂ ᠡᠪᠡᠳᠴᠢᠨ ᠡᠮᠭᠡᠭ ᠢ ᠣᠨᠣᠰᠢᠯᠠᠬᠤ᠂ ᠡᠩ ᠤᠨ ᠡᠪᠡᠳᠴᠢᠨ ᠢ ᠣᠨᠣᠰᠢᠯᠠᠨ ᠡᠮᠨᠡᠬᠦ᠂ ᠮᠡᠰᠡ ᠵᠠᠰᠠᠯ ᠬᠢᠬᠦ᠂ ᠪᠢᠴᠢᠯ ᠡᠯᠧᠮᠧᠨ᠋ᠲ ᠤᠨ ᠪᠠᠶᠢᠴᠠᠭᠠᠨ ᠰᠢᠯᠭᠠᠬᠤ ᠵᠡᠷᠭᠡ ᠲᠥᠷᠥᠯ ᠵᠦᠶᠯ ᠢ ᠬᠠᠮᠤᠷᠴᠤ᠂ ᠨᠢᠭᠡ ᠤᠳᠠᠭ᠎ᠠ ᠳᠤ 20 — 30 ᠮᠠᠯ ᠢ ᠡᠮᠨᠡᠵᠦ ᠳᠡᠶᠢᠯᠦᠨ᠎ᠡ᠃      ᠰᠤᠷᠪᠤᠯᠵᠢᠯᠠᠭ᠎ᠠ᠄  ᠬᠤᠰᠢᠭᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶᠠᠨ ᠤ ᠠᠵᠢᠯᠲᠠᠨ᠄ ᠴᠡᠯᠡᠭᠡᠷᠰᠠᠶᠢᠬᠠᠨ      ᠵᠡᠭᠦᠨ ᠦᠵᠦᠮᠦᠴᠢᠨ ᠬᠤᠰᠢᠭᠤᠨ ᠤ ᠮᠠᠯ ᠡᠮᠨᠡᠯᠭᠡ ᠶᠢᠨ ᠦᠢᠯᠡᠴᠢᠯᠡᠭᠡᠨ ᠤ ᠲᠥᠪ ᠢ ᠪᠠᠶᠢᠭᠤᠯᠤᠭᠰᠠᠨ ᠨᠢ ᠮᠠᠨ ᠤ ᠬᠤᠰᠢᠭᠤᠨ ᠤ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠮᠠᠯ ᠡᠮᠨᠡᠯᠭᠡ ᠶᠢᠨ ᠦᠢᠯᠡᠴᠢᠯᠡᠭᠡᠨ ᠤ ᠴᠢᠨᠠᠷ ᠴᠢᠨᠰᠠᠭ᠎ᠠ ᠶᠢ ᠪᠦᠲᠦᠮᠵᠢᠲᠡᠢ ᠳᠡᠭᠡᠭᠰᠢᠯᠡᠭᠦᠯᠪᠡ᠃ ᠬᠤᠶᠢᠰᠢᠳᠠ᠂ ᠮᠠᠨ ᠤ ᠬᠤᠰᠢᠭᠤ ᠨᠢ ᠡᠬᠢ ᠪᠠᠶᠠᠯᠢᠭ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠮᠠᠯ ᠡᠮᠨᠡᠯᠭᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠦᠬᠦ ᠬᠤᠰᠢᠭᠤᠨ ᠤ ᠥᠷᠭᠡᠨ ᠣᠯᠠᠨ ᠮᠠᠯᠴᠢᠳ ᠲᠤ ᠲᠤᠰᠬᠠᠢ᠂ ᠰᠢᠯᠢᠳᠡᠭ᠂ ᠪᠦᠬᠦ ᠲᠠᠯ᠎ᠠ ᠶᠢᠨ ᠦᠢᠯᠡᠴᠢᠯᠡᠭᠡ ᠬᠠᠩᠭᠠᠵᠤ᠂ ᠪᠦᠬᠦ ᠬᠤᠰᠢᠭᠤᠨ ᠤ ᠮᠠᠯ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ  ᠶᠢ ᠪᠠᠲᠤᠯᠠᠬᠤ ᠪᠤᠯᠤᠨ᠎ᠠ  ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号