ᠵᠡᠭᠦᠨ ᠦᠵᠦᠮᠦᠴᠢᠨ ᠬᠤᠰᠢᠭᠤᠨ ᠤ ᠣᠷᠣᠰᠢᠭᠤᠯᠭ᠎ᠠ ᠶᠢᠨ ᠬᠦᠷᠢᠶᠡᠨ ᠳᠠᠬᠢ ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠲᠤᠷᠰᠢᠯᠲᠠ ᠶᠢᠨ ᠴᠡᠭ ᠤᠨ ᠠᠵᠢᠯ ᠤᠨ ᠲᠥᠰᠦᠯ
ᠨᠡᠶᠢᠲᠡᠯᠡᠭᠰᠡᠨ ᠴᠠᠭ᠄
2025/4/21
      ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢ ᠭᠦᠨᠵᠡᠭᠡᠶ ᠠᠬᠢᠭᠤᠯᠬᠤ ᠲᠤᠬᠠᠶ ᠵᠢᠯᠣᠭᠤᠳᠬᠤ ᠰᠠᠨᠠᠯ︾ ︵ᠲᠥᠷᠥ ᠠᠯᠪᠠᠨ ᠲᠠᠷᠬᠠᠭᠠᠭᠰᠠᠨ ﹇2020﹈ 1 ᠲᠣᠭᠠᠲᠤ︶᠂ ᠠᠷᠠᠳ ᠤᠨ ᠶᠠᠪᠤᠳᠠᠯ ᠤᠨ ᠶᠠᠮᠤᠨ ᠤ ᠠᠯᠪᠠᠨ ᠲᠢᠩᠬᠢᠮ ᠤᠨ ︽ᠪᠥᠬᠦ ᠤᠯᠤᠰ ᠤᠨ ᠣᠷᠣᠰᠢᠭᠤᠯᠭ᠎ᠠ ᠶᠢᠨ ᠬᠦᠷᠢᠶᠡᠨ ᠳᠠᠬᠢ ᠰᠠᠯᠠᠭ᠎ᠠ ᠮᠥᠴᠢᠷ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠲᠤᠷᠰᠢᠯᠲᠠ ᠶᠢᠨ ᠠᠵᠢᠯ ᠢ ᠥᠷᠨᠢᠭᠦᠯᠬᠦ ᠲᠤᠬᠠᠶ ᠮᠡᠳᠡᠭᠳᠡᠯ︾ ︵ᠠᠷᠠᠳ ᠠᠯᠪᠠᠨ ᠵᠠᠬᠢᠳᠠᠯ           ﹇2020﹈ 55 ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠣᠷᠣᠰᠢᠭᠤᠯᠭ᠎ᠠ ᠶᠢᠨ ᠬᠦᠷᠢᠶᠡᠨ ᠳᠠᠬᠢ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠣᠷᠣᠰᠢᠭᠤᠯᠭ᠎ᠠ ᠶᠢᠨ ᠬᠦᠷᠢᠶᠡᠨ ᠳᠠᠬᠢ ᠭᠤᠤᠯᠳᠠᠯᠭ᠎ᠠ ᠲᠠᠢ ᠬᠢᠨᠠᠯᠲᠠ ᠬᠠᠮᠢᠶᠠᠷᠤᠯᠲᠠ ᠶᠢᠨ ᠵᠦᠢᠯᠡᠰ ᠤᠨ ᠬᠠᠷᠢᠭᠤᠴᠠᠯᠭ᠎ᠠ ᠲᠣᠳᠣᠷᠬᠠᠶ ᠥᠬᠡᠶ᠂ ᠬᠠᠮᠵᠢᠯᠴᠠᠬᠤ ᠲᠣᠭᠲᠠᠴᠠ ᠲᠡᠭᠦᠯᠳᠡᠷ ᠪᠤᠰᠤ᠂ ᠲᠦᠭᠰᠢᠭᠦᠷᠢ ᠶᠢ ᠰᠡᠷᠭᠡᠶᠢᠯᠡᠬᠦ ᠴᠢᠳᠠᠪᠤᠷᠢ ᠴᠢᠩᠭ᠎ᠠ ᠪᠤᠰᠤ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ︽ᠨᠢᠭᠡ ᠰᠠᠯᠠᠭ᠎ᠠ ᠮᠥᠴᠢᠷ ᠬᠢᠨᠠᠨ ᠬᠠᠮᠢᠶᠠᠷᠴᠦ᠂ ᠠᠵᠢᠯ ᠬᠤᠪᠢᠶᠠᠷᠢᠯᠠᠨ ᠬᠠᠷᠢᠭᠤᠴᠠᠬᠤ》ᠰᠠᠯᠠᠭ᠎ᠠ ᠮᠦᠴᠢᠷ ᠠᠯᠤᠰᠯᠠᠭᠰᠠᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠡᠷᠬᠡ ᠲᠡᠭᠰᠢ ᠡᠮᠬᠢ ᠵᠢᠷᠤᠮ ᠲᠠᠢ ᠣᠷᠣᠰᠢᠭᠤᠯᠭ᠎ᠠ ᠶᠢᠨ ᠦᠢᠯᠡᠴᠢᠯᠡᠭᠡᠨ ᠤ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠪᠠ ᠣᠷᠣᠰᠢᠭᠤᠯᠭ᠎ᠠ ᠶᠢᠨ ᠬᠠᠮᠢᠶᠠᠷᠤᠯᠲᠠ ᠶᠢᠨ ᠡᠮᠬᠢ ᠳᠢᠭᠯᠢᠮ ᠢ ᠦᠨᠡᠨᠬᠦ ᠬᠠᠮᠠᠭᠠᠯᠠᠬᠤ ᠶᠢᠨ ᠲᠥᠯᠥᠭᠡ᠂ ᠮᠠᠨ ᠤ ᠬᠤᠰᠢᠭᠤᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠣᠨᠴᠠᠭᠠᠶᠢᠯᠠᠨ ᠠᠵᠢᠯ ᠤᠨ ᠲᠥᠰᠦᠯ ᠲᠣᠭᠲᠠᠭᠠᠪᠠ᠃      ᠨᠢᠭᠡ᠂ ᠠᠵᠢᠯ ᠤᠨ ᠬᠠᠷᠠᠯᠲᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠣᠣᠱᠯᠠᠭᠤᠯᠤᠨ ᠨᠠᠶᠢᠳᠠᠪᠤᠷᠢᠵᠢᠭᠤᠯᠵᠤ᠂ ᠬᠥᠭᠵᠢᠯᠲᠡ ᠪᠣᠯᠤᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠬᠦ ᠶᠢ ᠪᠠᠷᠢᠮᠲᠠᠯᠠᠨ᠂ ᠣᠷᠣᠰᠢᠭᠤᠯᠭ᠎ᠠ ᠶᠢᠨ ᠬᠦᠷᠢᠶᠡᠨ ᠳᠤ ᠣᠷᠣᠰᠢᠵᠤ ᠪᠠᠶᠢᠭ᠎ᠠ ᠲᠤᠪᠤᠶᠢᠮ᠎ᠠ ᠠᠰᠠᠭᠤᠳᠠᠯ ᠤᠨ ᠲᠣᠭᠤᠷᠢᠨ ᠳᠤ᠂ ᠤᠯᠠᠨ ᠰᠠᠯᠠᠭ᠎ᠠ ᠮᠥᠴᠢᠷ᠂ ᠬᠠᠮᠢᠶᠠᠷᠤᠯᠲᠠ ᠶᠢᠨ ᠬᠦᠴᠢᠷᠳᠡᠯ ᠶᠡᠭᠡ᠂ ᠠᠶᠤᠯ ᠲᠦᠭᠰᠢᠭᠦᠷᠢ ᠭᠡᠮ ᠰᠣᠭᠤᠭ ᠲᠤᠪᠤᠶᠢᠮ᠎ᠠ ᠣᠷᠣᠰᠢᠭᠤᠯᠭ᠎ᠠ ᠶᠢᠨ ᠬᠢᠨᠠᠯᠲᠠ ᠬᠠᠮᠢᠶᠠᠷᠤᠯᠲᠠ ᠶᠢᠨ ᠵᠦᠢᠯᠡᠰ ᠲᠤ ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠲᠦᠷᠢᠮ ᠢ ᠰᠦᠪᠡᠭᠴᠢᠯᠡᠨ ᠪᠠᠶᠢᠭᠤᠯᠵᠤ᠂ ᠬᠠᠮᠵᠢᠯᠴᠠᠨ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠦᠨ᠂ ᠬᠢᠨᠠᠯᠲᠠ ᠬᠠᠮᠢᠶᠠᠷᠤᠯᠲᠠ ᠶᠢᠨ ᠣᠨᠣᠪᠴᠢᠲᠤ ᠴᠢᠨᠠᠷ ᠪᠣᠯᠤᠨ ᠪᠦᠲᠦᠮᠵᠢᠲᠦ ᠴᠢᠨᠠᠷ ᠢ ᠳᠡᠭᠡᠭᠰᠢᠯᠡᠭᠦᠯᠵᠦ᠂ ᠵᠠᠰᠠᠭ ᠵᠠᠬᠢᠷᠭᠠᠨ ᠤ ᠡᠬᠢ ᠪᠠᠶᠠᠯᠢᠭ ᠢ ᠠᠷᠪᠢᠯᠠᠨ᠂ ᠵᠠᠰᠠᠭ ᠵᠠᠬᠢᠷᠭᠠᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠵᠦ᠂ ᠣᠷᠣᠰᠢᠭᠤᠯᠭ᠎ᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃      ᠬᠤᠶᠠᠷ᠂ ᠠᠵᠢᠯ ᠤᠨ ᠵᠠᠷᠴᠢᠮ      ︵ᠨᠢᠭᠡ︶ ᠨᠢᠭᠡᠳᠦᠯᠲᠡᠶ ᠲᠦᠯᠦᠪᠵᠢᠭᠦᠯᠦᠨ ᠠᠬᠢᠭᠤᠯᠬᠤ ᠶᠢ ᠪᠠᠷᠢᠮᠲᠠᠯᠠᠬᠤ ᠬᠡᠷᠡᠭᠲᠡᠢ᠃ ᠮᠠᠨ ᠤ ᠬᠤᠰᠢᠭᠤᠨ ᠤ ᠣᠷᠣᠰᠢᠭᠤᠯᠭ᠎ᠠ ᠶᠢᠨ ᠥᠭᠡᠷᠡᠴᠢᠯᠡᠯᠲᠡ ᠶᠢᠨ ᠠᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠭᠦᠨᠵᠡᠭᠡᠶᠢᠷᠡᠭᠦᠯᠦᠨ ᠪᠠᠬᠢᠵᠢᠭᠦᠯᠬᠦ ᠬᠡᠷᠡᠭᠲᠡᠶ᠃ ᠬᠤᠰᠢᠭᠤ᠂ ᠰᠤᠮᠤ ᠪᠠᠯᠭᠠᠰᠤ ᠬᠤᠶᠠᠷ ᠱᠠᠲᠤᠨ ᠤ ᠣᠷᠣᠰᠢᠭᠤᠯᠭ᠎ᠠ ᠶᠢᠨ ᠬᠦᠷᠢᠶᠡᠨ ᠳᠠᠬᠢ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠪᠠᠶᠢᠭᠤᠯᠤᠯ ᠲᠣᠭᠲᠠᠴᠠ ᠶᠢᠨ ᠪᠠᠶᠢᠭᠤᠯᠤᠯᠲᠠ ᠶᠢ ᠨᠢᠭᠡ ᠴᠣᠭᠴᠠᠵᠢᠭᠤᠯᠤᠨ ᠠᠬᠢᠭᠤᠯᠬᠤ ᠬᠡᠷᠡᠭᠲᠡᠢ᠃      ︵ᠬᠤᠶᠠᠷ︶ ᠬᠠᠮᠵᠢᠯᠴᠠᠨ ᠬᠠᠮᠲᠤᠷᠠᠯᠴᠠᠬᠤ ᠶᠢ ᠪᠠᠷᠢᠮᠲᠠᠯᠠᠬᠤ ᠬᠡᠷᠡᠭᠲᠡᠢ᠃ ᠣᠷᠣᠰᠢᠭᠤᠯᠭ᠎ᠠ ᠶᠢᠨ ᠬᠦᠷᠢᠶ᠎ᠡ ᠴᠠᠷᠠᠭ᠎ᠠ ᠶᠢᠨ ᠪᠣᠳᠠᠲᠠᠶ ᠬᠢᠨᠠᠨ ᠬᠠᠮᠢᠶᠠᠷᠬᠤ ᠵᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠬᠠᠷᠢᠭᠤᠴᠠᠯᠭ᠎ᠠ ᠶᠢᠨ ᠬᠡᠯᠬᠢᠶ᠎ᠡ ᠶᠢ ᠵᠦᠢᠯ ᠳᠠᠷᠠᠭᠠᠯᠠᠨ ᠲᠣᠳᠣᠷᠬᠠᠶᠢᠯᠠᠨ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ ᠰᠠᠯᠠᠭ᠎ᠠ ᠮᠥᠴᠢᠷ ᠠᠯᠤᠰᠯᠠᠭᠰᠠᠨ᠂ ᠱᠠᠲᠤ ᠳᠠᠪᠬᠤᠷᠭ᠎ᠠ ᠠᠯᠤᠰᠯᠠᠭᠰᠠᠨ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠶᠢ ᠴᠢᠩᠭᠠᠳᠬᠠᠨ᠂ ᠬᠢᠨᠠᠨ ᠬᠠᠮᠢᠶᠠᠷᠬᠤ ᠬᠠᠮᠲᠤ ᠶᠢᠨ ᠬᠦᠴᠦᠨ ᠢ ᠦᠨᠡᠨᠬᠦ            ᠴᠢᠩᠭᠠᠷᠠᠭᠤᠯᠵᠤ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ᠃      ︵ᠭᠤᠷᠪᠠ︶ ᠭᠤᠣᠯᠳᠠᠯᠭ᠎ᠠ ᠶᠢ ᠲᠣᠪᠤᠶᠢᠯᠭᠠᠬᠤ ᠶᠢ ᠪᠠᠷᠢᠮᠲᠠᠯᠠᠬᠤ ᠬᠡᠷᠡᠭᠲᠡᠢ᠃ ᠣᠷᠣᠰᠢᠭᠤᠯᠭ᠎ᠠ ᠶᠢᠨ ᠬᠠᠮᠢᠶᠠᠷᠤᠯᠲᠠ ᠶᠢᠨ ᠪᠠᠭᠤᠷᠠᠶ ᠲᠠᠯ᠎ᠠ ᠪᠠ ᠣᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠣᠷᠣᠰᠢᠭᠤᠯᠭ᠎ᠠ ᠶᠢᠨ ᠬᠦᠷᠢᠶᠡᠨ ᠳᠠᠬᠢ ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠲᠦᠷᠢᠮ ᠢ ᠪᠠᠶᠢᠭᠤᠯᠤᠨ᠂ ᠬᠢᠨᠠᠯᠲᠠ ᠬᠠᠮᠢᠶᠠᠷᠤᠯᠲᠠ ᠶᠢᠨ ᠳᠤᠲᠠᠭᠤᠳᠠᠯ ᠢ ᠨᠥᠬᠦᠪᠥᠷᠢᠯᠡᠵᠦ᠂ ᠬᠢᠨᠠᠯᠲᠠ ᠬᠠᠮᠢᠶᠠᠷᠤᠯᠲᠠ ᠶᠢᠨ ᠠᠯᠳᠠᠰᠢ ᠭᠠᠷᠬᠤ ᠶᠢ ᠬᠤᠷᠢᠭᠯᠠᠬᠤ ᠬᠡᠷᠡᠭᠲᠡᠢ᠃      ᠭᠤᠷᠪᠠ᠂ ᠠᠵᠢᠯ ᠤᠨ ᠡᠭᠦᠷᠭᠡ      ︵ᠨᠢᠭᠡ︶ ᠣᠷᠣᠰᠢᠭᠤᠯᠭ᠎ᠠ ᠶᠢᠨ ᠬᠦᠷᠢᠶ᠎ᠡ ᠴᠠᠷᠠᠭ᠎ᠠ ᠶᠢᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠶ᠃ ᠬᠤᠰᠢᠭᠤ ᠵᠠᠰᠠᠭ ᠤᠨ ᠣᠷᠳᠣᠨ ᠤ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ ᠢᠶᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ ᠲᠤᠰᠬᠠᠶ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠬᠤ ᠬᠡᠷᠡᠭᠲᠡᠢ᠃ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠠᠵᠢᠯ ᠤᠨ ᠬᠡᠷᠡᠭᠴᠡᠭᠡ ᠪᠠ ᠱᠠᠲᠤ ᠦᠶ᠎ᠡ ᠶᠢᠨ ᠠᠵᠢᠯ ᠤᠨ ᠭᠤᠣᠯᠳᠠᠯᠭ᠎ᠠ ᠪᠠᠨ ᠦᠨᠳᠦᠰᠦᠯᠡᠨ᠂ ᠤᠳᠤᠷᠢᠳᠬᠤ ᠳᠤᠭᠤᠶᠢᠯᠠᠩ ᠤᠨ ᠠᠵᠢᠯ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠠᠰᠠᠭᠤᠳᠠᠯ ᠤᠨ ᠰᠦᠪᠡᠭᠴᠢ ᠶᠢ ᠰᠢᠯᠵᠢᠭᠦᠯᠦᠨ ᠲᠤᠰᠢᠶᠠᠵᠤ᠂ ᠠᠵᠢᠯ ᠤᠨ ᠮᠡᠳᠡᠭᠡᠯᠡᠯ ᠢ ᠥᠷᠨᠢᠭᠦᠯᠬᠦ ᠬᠡᠷᠡᠭᠲᠡᠶ᠃ ᠮᠠᠨ ᠤ ᠬᠤᠰᠢᠭᠤᠨ ᠤ ᠣᠷᠣᠰᠢᠭᠤᠯᠭ᠎ᠠ ᠶᠢᠨ ᠬᠦᠷᠢᠶᠡᠨ ᠳᠠᠬᠢ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠵᠣᠬᠢᠴᠠᠭᠤᠯᠬᠤ ᠠᠵᠢᠯ ᠤᠨ ᠬᠤᠯᠪᠤᠭ᠎ᠠ ᠶᠢ ᠪᠠᠶᠢᠭᠤᠯᠵᠤ᠂ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠴᠡ᠂ ᠰᠤᠮᠤ ᠪᠠᠯᠭᠠᠰᠤᠨ ᠤ ᠬᠤᠪᠢᠳᠠᠨ ᠬᠠᠮᠢᠶᠠᠷᠬᠤ ᠤᠳᠤᠷᠢᠳᠤᠯᠭ᠎ᠠ ᠵᠢᠴᠢ ᠲᠤᠬᠠᠶᠢᠯᠠᠭᠰᠠᠨ ᠠᠵᠢᠯ ᠤᠨ ᠰᠠᠯᠠᠭ᠎ᠠ ᠲᠠᠰᠤᠭ ᠤᠨ ᠬᠠᠷᠢᠭᠤᠴᠠᠯᠭᠠᠲᠠᠨ ᠢᠶᠠᠷ ᠪᠦᠷᠢᠯᠳᠦᠵᠦ᠂ ᠠᠵᠢᠯ ᠤᠨ ᠮᠡᠳᠡᠭᠡ ᠵᠠᠩᠭᠢ ᠪᠠᠨ ᠴᠠᠭ ᠲᠤᠬᠠᠶ ᠳᠤᠨᠢ ᠨᠡᠪᠲᠡᠷᠡᠯᠴᠡᠨ᠂ ᠠᠵᠢᠯ ᠤᠨ ᠡᠭᠦᠷᠭᠡ ᠪᠠᠨ ᠨᠡᠶᠢᠲᠡᠯᠡᠵᠦ᠂ ᠨᠢᠭᠡᠳᠦᠯᠲᠡᠶ ᠤᠳᠤᠷᠢᠳᠤᠭᠰᠠᠨ᠂ ᠬᠠᠮᠲᠤ ᠪᠠᠷ ᠬᠦᠴᠦᠯᠡᠭᠰᠡᠨ ᠣᠷᠣᠰᠢᠭᠤᠯᠭ᠎ᠠ ᠶᠢᠨ ᠬᠠᠮᠢᠶᠠᠷᠤᠯᠲᠠ ᠶᠢᠨ ᠲᠣᠭᠲᠠᠴᠠ ᠶᠢ ᠬᠦᠴᠦᠯᠡᠨ ᠪᠣᠶ ᠪᠣᠯᠭᠠᠬᠤ ᠬᠡᠷᠡᠭᠲᠡᠢ᠃      ︵ᠬᠤᠶᠠᠷ︶ ᠣᠷᠣᠰᠢᠭᠤᠯᠭ᠎ᠠ ᠶᠢᠨ ᠬᠦᠷᠢᠶᠡᠨ ᠳᠠᠬᠢ ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠭᠤᠤᠯᠳᠠᠯᠭ᠎ᠠ ᠲᠠᠢ ᠵᠦᠢᠯᠡᠰ ᠢ ᠲᠣᠭᠲᠠᠭᠠᠬᠤ ᠬᠡᠷᠡᠭᠲᠡᠢ᠃ ᠣᠷᠣᠰᠢᠭᠤᠯᠭ᠎ᠠ ᠶᠢᠨ ᠲᠥᠬᠦᠭᠡᠷᠦᠮᠵᠢ ᠶᠢ ᠳᠤᠷ᠎ᠠ ᠪᠠᠷ ᠢᠶᠠᠨ ᠪᠠᠶᠢᠭᠤᠯᠵᠤ᠂ ᠣᠷᠣᠰᠢᠭᠤᠯᠭ᠎ᠠ ᠶᠢᠨ ᠦᠢᠯᠡᠴᠢᠯᠡᠭᠡᠨ ᠤ ᠲᠣᠭᠲᠠᠭᠠᠯ ᠠᠴᠠ ᠵᠥᠷᠢᠴᠡᠨ ᠰᠦᠢᠳᠬᠡᠯ ᠬᠤᠷᠢᠶᠠᠬᠤ᠂ ᠮᠠᠯᠵᠢᠬᠤ ᠲᠠᠷᠢᠶᠠᠯᠠᠬᠤ ᠣᠷᠣᠨ ᠤ ᠳᠤᠷ᠎ᠠ ᠪᠠᠷ ᠢᠶᠠᠨ ᠣᠷᠣᠰᠢᠭᠤᠯᠬᠤ ᠦᠢᠯᠡ ᠠᠵᠢᠯᠯᠠᠭ᠎ᠠ᠂ ᠣᠷᠣᠰᠢᠭᠤᠯᠭ᠎ᠠ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠵᠢᠴᠢ ᠨᠠᠮ ᠤᠨ ᠭᠡᠰᠢᠭᠦᠨ ᠤᠳᠤᠷᠢᠳᠬᠤ ᠺᠠᠳ᠋ᠷ ᠣᠷᠣᠰᠢᠭᠤᠯᠭ᠎ᠠ ᠶᠢᠨ ᠥᠭᠡᠷᠡᠴᠢᠯᠡᠯᠲᠡ ᠳᠤ ᠣᠷᠣᠯᠴᠠᠭᠰᠠᠨ ᠵᠡᠷᠭᠡ ᠪᠠᠶᠢᠳᠠᠯ ᠢ ᠮᠠᠨ ᠤ ᠬᠤᠰᠢᠭᠤᠨ ᠤ ᠣᠷᠣᠰᠢᠭᠤᠯᠭ᠎ᠠ ᠶᠢᠨ ᠬᠦᠷᠢᠶᠡᠨ ᠳᠠᠬᠢ ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠭᠤᠤᠯᠳᠠᠯᠭ᠎ᠠ ᠲᠠᠢ ᠵᠦᠢᠯᠡᠰ ᠪᠣᠯᠭᠠᠵᠤ᠂ ︽ᠵᠡᠭᠦᠨ ᠦᠵᠦᠮᠦᠴᠢᠨ ᠬᠤᠰᠢᠭᠤᠨ ᠤ ᠣᠷᠣᠰᠢᠭᠤᠯᠭ᠎ᠠ ᠶᠢᠨ ᠬᠦᠷᠢᠶᠡᠨ ᠳᠠᠬᠢ ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠭᠤᠤᠯᠳᠠᠯᠭ᠎ᠠ ᠲᠠᠢ ᠵᠦᠢᠯᠡᠰ ᠤᠨ ᠬᠡᠷᠡᠭᠵᠢᠭᠦᠯᠬᠦ ᠨᠠᠷᠢᠨ ᠲᠠᠩᠰᠠ︾ ᠶᠢ ᠲᠣᠭᠲᠠᠭᠠᠨ ᠲᠡᠭᠦᠯᠳᠡᠷᠵᠢᠭᠦᠯᠬᠦ ᠬᠡᠷᠡᠭᠲᠡᠶ᠃ ᠡᠭᠦᠨ ᠤ ᠬᠠᠮᠲᠤ ᠣᠷᠣᠰᠢᠭᠤᠯᠭ᠎ᠠ ᠶᠢᠨ ᠬᠦᠷᠢᠶᠡᠨ ᠳᠠᠬᠢ ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠭᠤᠤᠯᠳᠠᠯᠭ᠎ᠠ ᠲᠠᠢ ᠵᠦᠢᠯᠡᠰ ᠲᠤ ᠨᠠᠷᠢᠨ ᠬᠠᠭᠤᠳᠠᠰᠤ ᠶᠢᠨ ᠬᠠᠮᠢᠶᠠᠷᠤᠯᠲᠠ ᠪᠠ ᠬᠥᠳᠡᠯᠦᠩᠭᠦᠶ ᠰᠢᠨᠡᠴᠢᠯᠡᠯᠲᠡ ᠶᠢ ᠬᠡᠷᠡᠭᠵᠢᠭᠦᠯᠬᠦ ᠬᠡᠷᠡᠭᠲᠡᠶ᠃      ︵ᠭᠤᠷᠪᠠ︶ ᠣᠷᠣᠰᠢᠭᠤᠯᠭ᠎ᠠ ᠶᠢᠨ ᠬᠦᠷᠢᠶᠡᠨ ᠳᠠᠬᠢ ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠤᠷᠬᠠᠶᠢᠯᠠᠬᠤ ᠬᠡᠷᠡᠭᠲᠡᠢ᠃       ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠲᠡᠭᠡᠭᠡᠪᠦᠷᠢ ᠶᠢᠨ ᠳᠦᠷᠢᠮ︾᠂ ︽ᠲᠥᠷᠥ ᠶᠢᠨ ᠶᠠᠪᠤᠳᠠᠯ ᠤᠨ ᠬᠤᠷᠢᠶᠠᠨ ᠤ ᠣᠷᠣᠰᠢᠭᠤᠯᠭ᠎ᠠ ᠶᠢᠨ ᠬᠠᠮᠢᠶᠠᠷᠤᠯᠲᠠ ᠶᠢᠨ ᠳᠦᠷᠢᠮ︾᠂ ︽ᠲᠥᠷᠥ ᠶᠢᠨ ᠶᠠᠪᠤᠳᠠᠯ ᠤᠨ ᠬᠤᠷᠢᠶᠠᠨ ᠤ ᠨᠡᠶᠢᠲᠡ ᠶᠢᠨ ᠣᠩᠭᠤᠨ ᠤ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ᠵᠡᠷᠭᠡ ᠬᠠᠤᠯᠢ ᠲᠣᠭᠲᠠᠭᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠰᠠᠯᠠᠭ᠎ᠠ ᠮᠥᠴᠢᠷ ᠤᠨ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠲᠠᠢ ᠤᠶᠠᠯᠳᠤᠭᠤᠯᠤᠨ᠂ ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠵᠦᠢᠯᠡᠰ ᠤᠨ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠵᠦᠢᠯ ᠳᠠᠷᠠᠭᠠᠯᠠᠨ ᠲᠣᠳᠣᠷᠬᠠᠶᠢᠯᠠᠬᠤ ᠬᠡᠷᠡᠭᠲᠡᠢ᠃ ᠬᠢᠨᠠᠨ ᠬᠠᠮᠢᠶᠠᠷᠬᠤ ᠵᠠᠭᠠᠭ ᠬᠢᠵᠠᠭᠠᠷ ᠨᠢ ᠪᠠᠯᠠᠷᠬᠠᠶ᠂ ᠬᠢᠨᠠᠨ ᠬᠠᠮᠢᠶᠠᠷᠬᠤ ᠬᠠᠷᠢᠭᠤᠴᠠᠯᠭ᠎ᠠ ᠨᠢ ᠮᠠᠷᠭᠤᠭᠠᠨ ᠲᠠᠢ ᠠᠰᠠᠭᠤᠳᠠᠯ ᠢ ᠬᠦᠷᠢᠶ᠎ᠡ ᠴᠠᠷᠠᠭ᠎ᠠ ᠳᠤ ᠰᠢᠰᠲ᠋ᠧᠮᠵᠢᠭᠦᠯᠬᠦ᠂ ᠲᠤᠬᠠᠶᠢᠯᠠᠭᠰᠠᠨ ᠠᠵᠢᠯ ᠨᠢ ᠣᠶᠢᠷᠠᠯᠴᠠᠭ᠎ᠠ ᠪᠠᠶᠢᠬᠤ ᠵᠠᠷᠴᠢᠮ ᠶᠣᠰᠣᠭᠠᠷ᠂ ᠰᠤᠳᠤᠯᠤᠨ ᠮᠠᠭᠠᠳᠯᠠᠵᠤ ᠴᠢᠨᠠᠷ ᠲᠣᠭᠲᠠᠭᠠᠵᠤ᠂ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠬᠢᠨᠠᠨ ᠬᠠᠮᠢᠶᠠᠷᠬᠤ ᠲᠠᠯ᠎ᠠ ᠪᠠᠷ ᠬᠤᠭᠤᠰᠣᠨ ᠪᠠᠶᠢᠳᠠᠯ ᠭᠠᠷᠬᠤ ᠶᠢ ᠰᠡᠷᠭᠡᠶᠢᠯᠡᠬᠦ ᠬᠡᠷᠡᠭᠲᠡᠶ᠃      ︵ᠳᠥᠷᠪᠡ︶ ᠣᠷᠣᠰᠢᠭᠤᠯᠭ᠎ᠠ ᠶᠢᠨ ᠬᠦᠷᠢᠶ᠎ᠡ ᠬᠡᠪᠴᠢᠶᠡᠨ ᠤ ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠠᠵᠢᠯᠯᠠᠭ᠎ᠠ ᠶᠢ ᠶᠡᠬᠡᠪᠡᠷ ᠥᠷᠨᠢᠭᠦᠯᠬᠦ ᠬᠡᠷᠡᠭᠲᠡᠶ᠃ ᠬᠤᠰᠢᠭᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠣᠷᠣᠰᠢᠭᠤᠯᠭ᠎ᠠ ᠶᠢᠨ ᠬᠠᠮᠢᠶᠠᠷᠤᠯᠲᠠ ᠶᠢᠨ ᠭᠠᠵᠠᠷ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠦᠢᠯᠡᠳᠦᠯ ᠢ ᠬᠦᠴᠦᠯᠡᠨ ᠪᠠᠳᠠᠷᠠᠭᠤᠯᠵᠤ᠂ ᠣᠷᠣᠰᠢᠭᠤᠯᠭ᠎ᠠ ᠶᠢᠨ ᠬᠦᠷᠢᠶᠡᠨ ᠳᠠᠬᠢ ᠭᠤᠤᠯᠳᠠᠯᠭ᠎ᠠ ᠲᠠᠢ ᠬᠢᠨᠠᠯᠲᠠ ᠬᠠᠮᠢᠶᠠᠷᠤᠯᠲᠠ ᠶᠢᠨ ᠵᠦᠢᠯᠡᠰ ᠲᠤ ᠴᠢᠭᠯᠡᠭᠦᠯᠦᠨ᠂ ᠶᠡᠷᠦᠩᠬᠡᠶᠢᠯᠡᠨ ᠪᠠᠶᠢᠴᠠᠭᠠᠬᠤ ᠠᠵᠢᠯ ᠤᠨ ᠲᠣᠭᠲᠠᠴᠠ ᠶᠢ ᠪᠠᠶᠢᠭᠤᠯᠵᠤ᠂ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠠᠵᠢᠯᠯᠠᠭ᠎ᠠ ᠶᠢᠨ ᠳᠤᠮᠳᠠ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ ᠬᠠᠮᠵᠢᠯᠴᠠᠨ ᠰᠢᠢᠳᠪᠦᠷᠢᠯᠡᠬᠦ ᠲᠣᠭᠲᠠᠴᠠ ᠪᠠᠷ ᠳᠠᠮᠵᠢᠭᠤᠯᠤᠨ ᠬᠠᠷᠢᠭᠤᠴᠠᠯᠭᠠᠲᠤ ᠰᠠᠯᠠᠭ᠎ᠠ ᠮᠥᠴᠢᠷ ᠪᠠ ᠬᠠᠷᠢᠶ᠎ᠠ ᠭᠠᠵᠠᠷ ᠤᠨ ᠰᠤᠮᠤ ᠪᠠᠯᠭᠠᠰᠤᠨ ᠳᠤ ᠲᠤᠰᠢᠶᠠᠨ ᠰᠢᠢᠳᠪᠦᠷᠢᠯᠡᠭᠦᠯᠬᠦ ᠶᠢᠨ ᠬᠠᠮᠲᠤ ᠮᠥᠷᠳᠡᠨ ᠠᠰᠠᠭᠤᠬᠤ ᠦᠷ᠎ᠡ ᠪᠦᠲᠦᠮᠵᠢ ᠶᠢ ᠰᠠᠶᠢᠲᠤᠷ ᠬᠢᠬᠦ ᠬᠡᠷᠡᠭᠲᠡᠶ᠃ ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢᠨ ᠬᠡᠷᠡᠭᠵᠢᠭᠦᠯᠦᠭᠰᠡᠨ ᠪᠠᠶᠢᠳᠠᠯ ᠳᠤ ᠪᠥᠬᠦ ᠶᠠᠪᠤᠴᠠ ᠶᠢ ᠬᠢᠨᠠᠨ ᠬᠡᠮᠵᠢᠬᠦ᠂ ᠬᠢᠨᠠᠯᠲᠠ ᠲᠠᠯᠪᠢᠬᠤ ᠪᠠ ᠬᠥᠳᠡᠯᠦᠩᠭᠦᠶ ᠪᠠᠷ ᠦᠨᠡᠯᠡᠯᠲᠡ ᠬᠢᠬᠦ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ᠂ ᠡᠭᠦᠷᠭᠡ ᠶᠢ ᠵᠠᠳᠠᠯᠤᠭᠰᠠᠨ᠂ ᠦᠷ᠎ᠡ ᠳ᠋ᠦᠩ ᠢ ᠬᠡᠷᠡᠭᠯᠡᠭᠰᠡᠨ ᠵᠡᠷᠭᠡ ᠪᠠᠶᠢᠳᠠᠯ ᠢ ᠭᠦᠨᠵᠡᠭᠡᠶ ᠵᠠᠳᠠᠯᠵᠤ᠂ ᠬᠢᠨᠠᠯᠲᠠ ᠲᠠᠯᠪᠢᠵᠤ ᠪᠠᠶᠢᠴᠠᠭᠠᠬᠤ ᠶᠢᠨ ᠬᠦᠴᠢᠷ ᠠᠰᠠᠭᠤᠳᠠᠯ ᠢ ᠵᠢᠯᠣᠭᠤᠳᠤᠨ ᠰᠢᠢᠳᠪᠦᠷᠢᠯᠡᠵᠦ᠂ ᠪᠦᠷᠢᠯᠳᠦᠬᠦᠨ ᠨᠢᠭᠡᠴᠡ᠂ ᠬᠠᠷᠢᠶ᠎ᠠ ᠭᠠᠵᠠᠷ ᠤᠨ ᠰᠤᠮᠤ ᠪᠠᠯᠭᠠᠰᠤ ︵ᠲᠠᠯᠠᠪᠠᠶ︶ ᠶᠢ  ᠱᠠᠭᠠᠷᠳᠠᠬᠤ ᠬᠡᠷᠡᠭᠲᠡᠢ᠃ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠶᠢ ᠦᠨᠡᠨᠬᠦ ᠵᠢᠷᠤᠮᠵᠢᠭᠤᠯᠬᠤ ᠬᠡᠷᠡᠭᠲᠡᠢ᠃      ᠳᠥᠷᠪᠡ᠂ ᠠᠵᠢᠯ ᠤᠨ ᠪᠠᠲᠤᠯᠠᠭ᠎ᠠ      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠢ᠃ ᠬᠤᠪᠢᠳᠠᠨ ᠬᠠᠮᠢᠶᠠᠷᠴᠤ ᠪᠠᠶᠢᠭ᠎ᠠ ᠬᠤᠰᠢᠭᠤ ᠳᠡᠳ᠋ ᠳᠠᠷᠤᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ᠂ ᠬᠤᠰᠢᠭᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠵᠢᠴᠢ ᠰᠤᠮᠤ ᠪᠠᠯᠭᠠᠰᠤᠨ ᠤ ᠭᠤᠤᠯ ᠬᠠᠷᠢᠭᠤᠴᠠᠯᠭᠠᠲᠠᠳ ᠢᠶᠠᠷ ᠪᠦᠷᠢᠯᠳᠦᠬᠦᠨ ᠪᠣᠯᠭᠠᠭᠰᠠᠨ ᠬᠤᠰᠢᠭᠤᠨ ᠤ ᠣᠷᠣᠰᠢᠭᠤᠯᠭ᠎ᠠ ᠶᠢᠨ ᠦᠢᠯᠡᠴᠢᠯᠡᠭᠡᠨ ᠤ ᠬᠦᠷᠢᠶᠡᠨ ᠳᠠᠬᠢ ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠲᠤᠷᠰᠢᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠣᠷᠣᠰᠢᠭᠤᠯᠭ᠎ᠠ ᠶᠢᠨ ᠦᠢᠯᠡᠴᠢᠯᠡᠭᠡᠨ ᠤ ᠬᠦᠷᠢᠶᠡᠨ ᠳᠠᠬᠢ ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠲᠤᠷᠰᠢᠯᠲᠠ ᠶᠢᠨ ᠴᠡᠭ ᠤᠨ ᠠᠵᠢᠯ ᠢ ᠨᠢᠭᠡᠳᠦᠯᠲᠡᠶ ᠲᠥᠯᠥᠪᠯᠡᠨ ᠤᠳᠤᠷᠢᠳᠬᠤ᠂ ᠵᠣᠬᠢᠴᠠᠭᠤᠯᠤᠨ ᠵᠢᠯᠣᠭᠤᠳᠬᠤ ᠶᠢ ᠬᠠᠷᠢᠭᠤᠴᠠᠬᠤ ᠬᠡᠷᠡᠭᠳᠡᠢ᠃ ᠡᠯ᠎ᠡ ᠰᠤᠮᠤ ᠪᠠᠯᠭᠠᠰᠤ ᠨᠢ ᠵᠣᠬᠢᠴᠠᠩᠭᠤᠶ ᠠᠵᠢᠯ ᠤᠨ ᠲᠤᠰᠬᠠᠶ ᠠᠩᠭᠢ ᠪᠠᠶᠢᠭᠤᠯᠵᠤ᠂ ᠲᠣᠰ ᠬᠠᠷᠢᠶ᠎ᠠ ᠣᠷᠣᠨ ᠤ ᠪᠠᠨ ᠣᠷᠣᠰᠢᠭᠤᠯᠭ᠎ᠠ ᠶᠢᠨ ᠬᠦᠷᠢᠶᠡᠨ ᠳᠠᠬᠢ ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ ᠬᠡᠷᠡᠭᠲᠡᠶ᠃      ︵ᠬᠤᠶᠠᠷ︶ ᠬᠢᠨᠠᠨ ᠬᠠᠮᠢᠶᠠᠷᠬᠤ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠶ᠃ ᠬᠤᠰᠢᠭᠤ ᠠᠷᠠᠳ ᠤᠨ ᠶᠠᠪᠤᠳᠠᠯ ᠤᠨ ᠲᠣᠪᠴᠢᠶ᠎ᠠ ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠬᠡᠷᠡᠭᠴᠡᠭᠡ ᠶᠢ ᠦᠨᠳᠦᠰᠦᠯᠡᠨ᠂ ᠣᠷᠣᠰᠢᠭᠤᠯᠭ᠎ᠠ ᠶᠢᠨ ᠬᠠᠮᠢᠶᠠᠷᠤᠯᠲᠠ ᠶᠢᠨ ᠭᠠᠵᠠᠷ ᠢ ᠵᠢᠯᠣᠭᠤᠳᠤᠨ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ᠂ ᠲᠤᠬᠠᠶᠢᠯᠠᠭᠰᠠᠨ ᠠᠵᠢᠯ ᠤᠨ ᠶᠠᠪᠤᠴᠠ ᠶᠢᠨ ᠪᠣᠯᠪᠠᠰᠤᠷᠠᠭᠤᠯᠤᠯ ᠬᠥᠮᠦᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠠᠵᠢᠯᠲᠠᠨ ᠤ ᠬᠠᠮᠢᠶᠠᠷᠤᠯᠲᠠ ᠶᠢ ᠴᠢᠩᠭᠠᠳᠬᠠᠨ᠂ ᠠᠵᠢᠯᠲᠠᠨ ᠤ ᠲᠤᠰᠬᠠᠶ ᠮᠡᠷᠭᠡᠵᠢᠯ ᠤᠨ ᠬᠡᠪ ᠴᠢᠨᠠᠷ ᠪᠠ ᠴᠢᠳᠠᠪᠤᠷᠢ ᠶᠢᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ︽ᠨᠢᠭᠡ ᠲᠤᠰᠬᠠᠶ ᠮᠡᠷᠭᠡᠵᠢᠯ ᠣᠯᠠᠨ ᠴᠢᠳᠠᠪᠤᠷᠢ︾ ᠶᠢᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠠ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠵᠣᠯᠭᠠᠯᠴᠠᠭ᠎ᠠ ᠶᠢ ᠠᠬᠢᠭᠤᠯᠵᠤ᠂ ᠰᠠᠯᠠᠭ᠎ᠠ ᠮᠥᠴᠢᠷ ᠠᠯᠤᠰᠯᠠᠭᠰᠠᠨ ᠬᠢᠨᠠᠯᠲᠠ ᠬᠠᠮᠢᠶᠠᠷᠤᠯᠲᠠ ᠶᠢᠨ ᠬᠠᠮᠵᠢᠯᠴᠠᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃      ︵ᠭᠤᠷᠪᠠ︶ ᠠᠵᠢᠯ ᠤᠨ ᠲᠣᠭᠲᠠᠴᠠ ᠶᠢᠨ ᠰᠢᠨ᠎ᠡ ᠶᠢ ᠡᠭᠦᠳᠬᠦ ᠬᠡᠷᠡᠭᠲᠡᠢ᠃ ᠮᠠᠨ ᠤ ᠬᠤᠰᠢᠭᠤᠨ ᠤ ᠣᠷᠣᠰᠢᠭᠤᠯᠭ᠎ᠠ ᠶᠢᠨ ᠬᠦᠷᠢᠶᠡᠨ ᠳᠤ ᠣᠷᠣᠰᠢᠵᠤ ᠪᠠᠶᠢᠭ᠎ᠠ ᠲᠣᠪᠤᠶᠢᠮ᠎ᠠ ᠠᠰᠠᠭᠤᠳᠠᠯ ᠤᠨ ᠲᠣᠭᠤᠷᠢᠨ ᠳᠤ᠂ ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢᠨ ᠦᠢᠯᠡᠳᠦᠯ ᠢ ᠪᠠᠳᠠᠷᠠᠭᠤᠯᠵᠤ᠂ ᠣᠷᠣᠰᠢᠭᠤᠯᠭ᠎ᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠠᠮᠵᠢᠯᠴᠠᠨ ᠰᠢᠢᠳᠪᠦᠷᠢᠯᠡᠬᠦ ᠠᠵᠢᠯ ᠤᠨ ᠲᠣᠭᠲᠠᠴᠠ ᠶᠢᠨ ᠪᠠᠶᠢᠭᠤᠯᠤᠯᠲᠠ ᠶᠢ ᠬᠦᠴᠦᠯᠡᠨ ᠴᠢᠩᠭᠠᠳᠬᠠᠵᠤ᠂ ᠦᠨᠡᠨ ᠪᠣᠳᠠᠲᠠᠶ ᠰᠢᠪᠲᠤᠯᠤᠯᠲᠠ ᠭᠠᠷᠭᠠᠬᠤ ᠪᠠᠷ ᠴᠢᠷᠮᠠᠶᠢᠵᠤ᠂ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠲᠤᠷᠰᠢᠯᠭ᠎ᠠ ᠶᠢᠨ ᠳ᠋ᠦᠩᠨᠡᠯᠲᠡ ᠪᠠᠨ ᠴᠢᠩᠭᠠᠳᠬᠠᠵᠤ᠂ ᠣᠷᠣᠰᠢᠭᠤᠯᠭ᠎ᠠ ᠶᠢᠨ ᠬᠦᠷᠢᠶᠡᠨ ᠳᠠᠬᠢ ᠰᠠᠯᠠᠭ᠎ᠠ ᠮᠥᠴᠢᠷ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠬᠤ ᠶᠢ ᠠᠬᠢᠭᠤᠯᠬᠤ ᠬᠡᠷᠡᠭᠲᠡᠶ᠃ ᠬᠢᠨᠠᠨ ᠬᠠᠮᠢᠶᠠᠷᠬᠤ ᠴᠢᠳᠠᠪᠤᠷᠢ ᠪᠠᠨ ᠳᠡᠭᠡᠭᠰᠢᠯᠡᠭᠦᠯᠬᠦ ᠶᠢᠨ ᠲᠣᠭᠤᠷᠢᠨ ᠳᠤ ᠬᠢᠨᠠᠨ ᠬᠠᠮᠢᠶᠠᠷᠬᠤ ᠠᠷᠭ᠎ᠠ ᠬᠡᠯᠪᠡᠷᠢ ᠶᠢᠨ ᠲᠠᠯ᠎ᠠ ᠪᠠᠷ ᠲᠠᠰᠤᠷᠠᠯᠲᠠ ᠥᠬᠡᠶ ᠰᠢᠨ᠎ᠡ ᠶᠢ ᠡᠭᠦᠳᠴᠦ᠂ ᠡᠬᠢ ᠡᠭᠦᠰᠦᠯ ᠠᠴᠠ ᠨᠢ ᠮᠥᠷᠳᠡᠬᠦ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ᠂ ᠰᠦᠪᠡᠭᠴᠢ ᠶᠢ ᠰᠢᠯᠵᠢᠭᠦᠯᠦᠨ ᠬᠦᠷᠭᠡᠬᠦ᠂ ᠬᠠᠤᠯᠢ ᠬᠡᠷᠡᠭᠵᠢᠭᠦᠯᠬᠦ ᠶᠢ ᠬᠤᠯᠪᠣᠭᠠᠯᠠᠨ ᠬᠥᠳᠡᠯᠦᠯᠴᠡᠬᠦ᠂ ᠬᠠᠤᠯᠢ ᠬᠡᠷᠡᠭᠵᠢᠭᠦᠯᠦᠯᠲᠡ ᠶᠢ ᠬᠠᠷᠢᠯᠴᠠᠨ ᠮᠡᠳᠡᠷᠡᠬᠦ᠂ ᠬᠡᠷᠡᠭ ᠵᠥᠪᠯᠡᠵᠦ ᠵᠥᠪᠳᠡᠯᠴᠡᠬᠦ᠂ ᠪᠠᠶᠢᠳᠠᠯ ᠢ ᠮᠡᠳᠡᠭᠳᠡᠬᠦ ᠵᠡᠷᠭᠡ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠨᠢᠭᠡ ᠪᠦᠯᠦᠭ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠠ ᠠᠵᠢᠯ ᠤᠨ ᠵᠠᠭᠪᠤᠷ ᠢ ᠪᠣᠶ ᠪᠣᠯᠭᠠᠵᠤ᠂ ᠪᠥᠬᠦ ᠬᠤᠲᠠ ᠶᠢᠨ ᠣᠷᠣᠰᠢᠭᠤᠯᠭ᠎ᠠ ᠶᠢᠨ ᠬᠦᠷᠢᠶᠡᠨ ᠳᠤ ᠣᠷᠣᠰᠢᠵᠤ ᠪᠠᠶᠢᠭ᠎ᠠ ᠲᠣᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠶᠢ ᠦᠨᠡᠨ ᠬᠦ ᠠᠬᠢᠭᠤᠯᠬᠤ ᠬᠡᠷᠡᠭᠲᠡᠶ᠃      ︵ᠲᠦᠷᠪᠡ︶ ᠬᠢᠨᠠᠯᠲᠠ ᠲᠠᠯᠪᠢᠵᠤ ᠦᠷ᠎ᠡ ᠪᠦᠲᠦᠮᠵᠢ ᠠᠰᠠᠭᠤᠬᠤ ᠶᠢ ᠴᠢᠩᠭᠠᠳᠬᠠᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠵᠢᠯ ᠢ ᠴᠠᠭ ᠲᠤᠬᠠᠶ ᠳᠤᠨᠢ ᠠᠬᠢᠭᠤᠯᠤᠭᠰᠠᠨ ᠥᠬᠡᠶ᠂ ᠬᠢᠨᠠᠯᠲᠠ ᠬᠠᠮᠢᠶᠠᠷᠤᠯᠲᠠ ᠶᠢ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠥᠬᠡᠶ ᠪᠠᠶᠢᠵᠤ᠂ ᠵᠠᠷᠯᠠᠨ ᠮᠡᠳᠡᠭᠳᠡᠬᠦ᠂ ᠪᠣᠯᠵᠣᠨ ᠶᠠᠷᠢᠯᠴᠠᠬᠤ᠂ ᠰᠢᠯᠭᠠᠨ ᠦᠨᠡᠯᠡᠬᠦ ᠵᠡᠷᠭᠡ ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠦ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠶ᠃ ᠬᠠᠷᠢᠯᠴᠠᠨ ᠲᠦᠯᠬᠢᠯᠴᠡᠭᠰᠡᠨ᠂ ᠬᠠᠷᠢᠭᠤᠴᠠᠯᠭ᠎ᠠ ᠠᠴᠠ ᠵᠠᠶᠢᠯᠠᠭᠰᠠᠨ᠂ ᠬᠢᠨᠠᠨ ᠬᠠᠮᠢᠶᠠᠷᠤᠯᠲᠠ ᠨᠢ ᠬᠦᠴᠦᠨ ᠦᠭᠡᠢ᠂ ᠬᠠᠤᠯᠢ ᠬᠡᠷᠡᠭᠵᠢᠭᠦᠯᠦᠯᠲᠡ ᠨᠢ ᠴᠢᠩᠭ᠎ᠠ ᠪᠢᠰᠢ ᠵᠡᠷᠭᠡ ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠲᠤᠷᠰᠢᠯᠲᠠ ᠶᠢᠨ ᠠᠵᠢᠯ ᠢ ᠠᠬᠢᠭᠤᠯᠤᠭᠰᠠᠨ ᠦᠢᠯᠡ ᠠᠵᠢᠯᠯᠠᠭ᠎ᠠ ᠠᠴᠠ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠲᠤᠯᠭᠠᠬᠤ ᠬᠡᠷᠡᠭᠲᠡᠢ᠃    
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号