ᠬᠠᠳᠠᠪᠴᠢ ᠪᠠᠯᠭᠠᠰᠤ ᠭᠠᠴᠠᠭᠠᠨ ᠤ ᠬᠠᠮᠲᠤ ᠶᠢᠨ ᠠᠵᠤ ᠠᠬᠤᠢ ᠶᠢᠨ ︽ᠭᠤᠷᠪᠡᠨ ᠬᠦᠷᠦᠩᠭᠡ︾ ᠶᠢᠨ ᠬᠠᠮᠢᠶᠠᠷᠤᠯᠲᠠ ᠶᠢᠨ ᠠᠵᠢᠯ ᠢ ᠠᠬᠢᠭᠤᠯᠬᠤ  ᠬᠤᠷᠠᠯ  ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/21
      ᠮᠠᠯᠵᠢᠬᠤ ᠣᠷᠣᠨ ᠤ ᠬᠠᠮᠲᠤ ᠶᠢᠨ ᠠᠵᠤ ᠠᠬᠤᠢ ᠶᠢᠨ ︽ᠭᠤᠷᠪᠡᠨ ᠬᠦᠷᠦᠩᠭᠡ︾ ᠶᠢᠨ ᠬᠠᠮᠢᠶᠠᠷᠤᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠡᠯᠡ ᠮᠥᠩᠭᠦ ᠶᠢᠨ ᠬᠡᠷᠡᠭᠯᠡᠯᠲᠡ ᠶᠢᠨ ᠬᠢᠨᠠᠯᠲᠠ ᠬᠠᠮᠢᠶᠠᠷᠤᠯᠲᠠ ᠢ ᠤᠯᠠᠮ ᠨᠢᠭᠡ ᠠᠯᠬᠤᠮ ᠦᠷᠭᠦᠯᠵᠢᠯᠡᠨ ᠭᠦᠨᠵᠡᠭᠡᠶᠢᠷᠡᠭᠦᠯᠵᠦ᠂ ᠨᠠᠷᠢᠯᠢᠭ ᠣᠨᠣᠴᠠᠲᠠᠶ ᠪᠠᠷ ᠪᠠᠶᠢᠴᠠᠭᠠᠵᠤ᠂ ᠭᠠᠴᠠᠭᠠᠨ ᠤ ︽ᠭᠤᠷᠪᠡᠨ ᠬᠦᠷᠦᠩᠭᠡ︾ ᠶᠢᠨ ᠬᠠᠮᠢᠶᠠᠷᠤᠯᠲᠠ ᠶᠢᠨ ᠠᠵᠢᠯ ᠢ ᠪᠦᠬᠦ ᠲᠠᠯ᠎ᠠ ᠪᠠᠷ ᠨᠠᠷᠢᠨ ᠨᠢᠮᠪᠠᠶ ᠥᠷᠨᠢᠭᠦᠯᠬᠦ ᠶᠢᠨ ᠲᠥᠯᠥᠭᠡ᠂ 3 ᠰᠠᠷ᠎ᠠ ᠶᠢᠨ 26 ᠤ ᠡᠳᠦᠷ᠂ ᠬᠠᠳᠠᠪᠴᠢ ᠪᠠᠯᠭᠠᠰᠤ ᠭᠠᠴᠠᠭᠠᠨ ᠤ ᠬᠠᠮᠲᠤ ᠶᠢᠨ ᠠᠵᠤ ᠠᠬᠤᠶ ᠶᠢᠨ      ︽ᠭᠤᠷᠪᠡᠨ ᠬᠦᠷᠦᠩᠭᠡ︾ ᠶᠢᠨ ᠬᠠᠮᠢᠶᠠᠷᠤᠯᠲᠠ ᠶᠢᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ᠃ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠬᠡᠰᠢᠭᠦᠳ᠂ ᠡᠯ᠎ᠡ ᠭᠠᠴᠠᠭᠠᠨ ᠤ ᠨᠠᠮ ᠤᠨ ᠡᠭᠦᠷ ᠤᠨ ᠱᠦᠵᠢ᠂ ᠭᠠᠴᠠᠭᠠᠨ ᠤ ᠨᠢᠭᠡᠳᠦᠭᠡᠷ ᠱᠦᠵᠢ ᠵᠢᠴᠢ ᠬᠠᠮᠢᠶ᠎ᠠ ᠪᠦᠬᠦᠢ ᠠᠵᠢᠯᠲᠠᠳ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ︽ᠵᠡᠭᠦᠨ ᠦᠵᠦᠮᠦᠴᠢᠨ ᠬᠤᠰᠢᠭᠤᠨ ᠤ ᠮᠠᠯᠵᠢᠬᠤ ᠣᠷᠣᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢᠨ ᠪᠠᠯᠠ ᠮᠥᠩᠭᠦ ᠡᠳ᠋ ᠬᠥᠷᠥᠩᠭᠡ ᠡᠬᠢ ᠪᠠᠶᠠᠯᠢᠭ ᠤᠨ ᠬᠠᠮᠢᠶᠠᠷᠤᠯᠲᠠ ᠶᠢᠨ ᠲᠦᠷᠢᠮ ︵ᠲᠤᠷᠰᠢᠨ ᠬᠡᠷᠡᠭᠵᠢᠭᠦᠯᠬᠦ︶︾ ︽ᠵᠡᠭᠦᠨ ᠦᠵᠦᠮᠦᠴᠢᠨ ᠬᠤᠰᠢᠭᠤᠨ ᠤ 2025 ᠣᠨ ᠤ ᠮᠠᠯᠵᠢᠬᠤ ᠣᠷᠣᠨ ᠤ ᠬᠠᠮᠲᠤ ᠶᠢᠨ ︿ᠭᠤᠷᠪᠠᠨ ᠬᠦᠷᠦᠩᠭᠡ﹀ ᠢ ᠨᠠᠷᠢᠯᠢᠭ ᠣᠨᠣᠴᠠᠲᠠᠶ ᠪᠠᠷ ᠢᠯᠭᠠᠷᠠᠭᠤᠯᠤᠨ ᠪᠠᠶᠢᠴᠠᠭᠠᠬᠤ ᠠᠵᠢᠯ ᠤᠨ ᠲᠥᠰᠦᠯ︾ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠠᠵᠢᠯ ᠤᠨ ᠭᠤᠤᠯᠳᠠᠯᠭ᠎ᠠ ᠲᠠᠢ ᠪᠠᠨ ᠤᠶᠠᠯᠳᠤᠭᠤᠯᠤᠨ ︽ᠭᠤᠷᠪᠠᠨ ᠬᠦᠷᠦᠩᠭᠡ︾ ᠶᠢᠨ ᠬᠠᠮᠢᠶᠠᠷᠤᠯᠲᠠ ᠶᠢᠨ ᠠᠵᠢᠯ ᠤᠨ ᠭᠤᠤᠯᠳᠠᠯᠭ᠎ᠠ ᠲᠠᠢ ᠠᠵᠢᠯ ᠵᠢᠴᠢ ᠵᠢᠭᠰᠠᠭᠠᠨ ᠪᠠᠶᠢᠴᠠᠭᠠᠬᠤ ᠠᠭᠤᠯᠭ᠎ᠠ ᠶᠢ ᠭᠦᠨᠵᠡᠭᠡᠶ ᠲᠠᠶᠢᠯᠪᠤᠷᠢᠯᠠᠵᠤ᠂ ᠡᠯ᠎ᠡ ᠭᠠᠴᠠᠭᠠᠨ ᠤ ︽ᠬᠤᠶᠠᠷ ᠵᠥᠪᠯᠡᠯ︾ ᠲᠠᠢ ᠭᠦᠨᠵᠡᠭᠡᠶ ᠰᠣᠯᠢᠯᠴᠠᠬᠤ ᠪᠠᠷ ᠳᠠᠮᠵᠢᠭᠤᠯᠤᠨ᠂ ᠡᠯ᠎ᠡ ᠭᠠᠴᠠᠭᠠᠨ ᠤ ᠪᠠᠯᠠ ᠮᠥᠩᠭᠦ᠂ ᠡᠳ᠋ ᠬᠥᠷᠥᠩᠭᠡ᠂ ᠡᠬᠢ ᠪᠠᠶᠠᠯᠢᠭ ᠤᠨ ᠬᠠᠮᠢᠶ᠎ᠠ ᠪᠥᠬᠦᠶ ᠪᠠᠶᠢᠳᠠᠯ ᠢ ᠨᠠᠷᠢᠨ ᠣᠶᠢᠯᠠᠭᠠᠪᠠ᠃ ᠡᠭᠦᠨ ᠤ ᠬᠠᠮᠲᠤ ᠭᠤᠤᠯᠳᠠᠯᠭ᠎ᠠ ᠲᠠᠢ ᠭᠤᠭᠴᠤᠭ᠎ᠠ ᠳᠤ ᠴᠢᠭᠯᠡᠭᠦᠯᠦᠨ ᠱᠠᠭᠠᠷᠳᠠᠯᠭ᠎ᠠ ᠳᠤᠷᠠᠳᠴᠤ᠂ ᠡᠯ᠎ᠡ ᠭᠠᠴᠠᠭ᠎ᠠ ᠨᠢ ᠱᠠᠭᠠᠷᠳᠠᠯᠭ᠎ᠠ ᠲᠠᠢ ᠤᠶᠠᠯᠳᠤᠭᠤᠯᠤᠨ᠂ ︽ᠭᠤᠷᠪᠠᠨ ᠬᠥᠷᠥᠩᠭᠡ︾ ᠶᠢᠨ ᠬᠠᠮᠢᠶᠠᠷᠤᠯᠲᠠ ᠶᠢᠨ ᠪᠠᠶᠢᠳᠠᠯ ᠢ ᠵᠢᠭᠰᠠᠭᠠᠨ ᠪᠠᠶᠢᠴᠠᠭᠠᠬᠤ ᠶᠢ ᠪᠥᠬᠦ ᠲᠠᠯ᠎ᠠ ᠪᠠᠷ ᠥᠷᠨᠢᠭᠦᠯᠵᠦ᠂ ᠭᠠᠷᠠᠭ ᠪᠦᠷᠢ ᠪᠠᠯᠭᠠᠰᠤᠨ ᠳᠤ ᠵᠢᠭᠰᠠᠭᠠᠨ ᠪᠠᠶᠢᠴᠠᠭᠠᠭᠰᠠᠨ‌ᠠᠬᠢᠴᠠ ᠪᠠᠨ‌ᠬᠠᠷᠢᠭᠤ ᠮᠡᠳᠡᠭᠦᠯᠬᠦ ᠶᠢᠨ ᠬᠠᠮᠲᠤ ᠨᠢᠭᠡ ᠭᠠᠷᠠᠭ ᠤᠨ ᠳᠣᠲᠣᠷ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠵᠦ᠂ ︽ᠭᠤᠷᠪᠠᠨ ᠬᠥᠷᠥᠩᠭᠡ︾ ᠶᠢᠨ ᠬᠠᠮᠢᠶᠠᠷᠤᠯᠲᠠ ᠶᠢᠨ ᠠᠵᠢᠯ ᠤᠨ ᠵᠢᠷᠤᠮᠵᠢᠯ ᠲᠠᠢ᠂ ᠢᠯᠡ ᠲᠣᠳᠣ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠡᠯᠡ ᠮᠥᠩᠭᠦ ᠶᠢᠨ ᠬᠡᠷᠡᠭᠯᠡᠯᠲᠡ ᠶᠢ ᠬᠢᠨᠠᠨ ᠬᠠᠮᠢᠶᠠᠷᠬᠤ ᠠᠵᠢᠯ ᠳᠤ ᠴᠢᠭᠯᠡᠭᠦᠯᠦᠨ᠂ ᠪᠡᠯᠡ ᠮᠥᠩᠭᠦ ᠶᠢᠨ ᠬᠡᠷᠡᠭᠯᠡᠯᠲᠡ ᠪᠠ ᠬᠤᠷᠢᠶᠠᠨ ᠠᠪᠤᠭᠰᠠᠨ ᠪᠠᠶᠢᠳᠠᠯ ᠤᠨ ᠲᠠᠯ᠎ᠠ ᠪᠠᠷ ᠡᠯ᠎ᠡ ᠭᠠᠴᠠᠭᠠᠨ ᠤ ᠮᠡᠳᠡᠭᠦᠯᠦᠯᠲᠡ ᠶᠢ ᠰᠣᠨᠣᠰᠬᠤ ᠶᠢᠨ ᠬᠠᠮᠲᠤ ᠪᠠᠶᠢᠷᠢᠯᠠᠭᠤᠯᠤᠯᠲᠠ ᠬᠢᠵᠦ᠂ ᠡᠯ᠎ᠡ ᠭᠠᠴᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠠᠵᠢᠯ ᠤᠨ ᠠᠬᠢᠴᠠ ᠪᠠᠨ ᠲᠦᠷᠭᠡᠳᠬᠡᠨ᠂ ᠬᠠᠮᠲᠤ ᠶᠢᠨ ᠡᠳ᠋ ᠬᠥᠷᠥᠩᠭᠡ ᠶᠢᠨ ᠪᠦᠷᠢᠨ ᠪᠦᠲᠦᠨ ᠴᠢᠨᠠᠷ ᠢ ᠬᠠᠮᠠᠭᠠᠯᠠᠬᠤ ᠶᠢᠨ ᠬᠠᠮᠲᠤ ᠠᠵᠢᠯ ᠤᠨ ᠰᠠᠶᠢᠲᠤᠷ ᠶᠠᠪᠤᠭᠳᠠᠬᠤ ᠶᠢ ᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃      ᠬᠤᠷᠠᠯ ᠠᠴᠠ᠂ ︽ᠭᠤᠷᠪᠠᠨ ᠬᠥᠷᠥᠩᠭᠡ︾ ᠶᠢᠨ ᠬᠠᠮᠢᠶᠠᠷᠤᠯᠲᠠ ᠶᠢᠨ ᠠᠵᠢᠯ ᠨᠢ ᠭᠠᠴᠠᠭᠠᠨ ᠤ ᠬᠠᠮᠲᠤ ᠶᠢᠨ ᠠᠵᠤ ᠠᠬᠤᠶ ᠶᠢᠨ ᠬᠥᠭᠵᠢᠯᠲᠡ ᠪᠣᠯᠤᠨ ᠣᠯᠠᠨ ᠲᠦᠮᠡᠨ ᠤ ᠠᠰᠢᠭ ᠲᠤᠰᠠ ᠲᠠᠢ ᠬᠤᠯᠪᠣᠭᠳᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠣᠳᠠᠰ ᠤᠨ ᠰᠠᠭᠤᠷᠢ ᠶᠢ ᠪᠠᠬᠢᠵᠢᠭᠦᠯᠬᠦ ᠵᠠᠩᠭᠢᠯᠠᠭ᠎ᠠ ᠶᠢᠨ ᠭᠤᠭᠴᠤᠭ᠎ᠠ ᠪᠣᠯᠤᠨ᠎ᠠ᠃ ᠡᠯ᠎ᠡ ᠭᠠᠴᠠᠭ᠎ᠠ ᠡᠷᠬᠡᠪᠰᠢ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠣᠰ ᠠᠵᠢᠯ ᠤᠨ ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠭᠦᠨᠵᠡᠭᠡᠶ ᠲᠠᠨᠢᠵᠤ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ  ᠪᠠᠷ ᠵᠢᠭᠰᠠᠭᠠᠨ ᠪᠠᠶᠢᠴᠠᠭᠠᠬᠤ ᠪᠠ ᠴᠡᠭᠴᠡᠯᠡᠨ ᠰᠠᠶᠢᠵᠢᠷᠠᠭᠤᠯᠬᠤ ᠡᠭᠦᠷᠭᠡ ᠳᠤ ᠬᠠᠨᠳᠤᠬᠤ ᠬᠡᠷᠡᠭᠲᠡᠶ᠃ ᠲᠣᠭᠲᠠᠭᠰᠠᠨ ᠴᠠᠭ ᠬᠤᠭᠤᠴᠠᠭ᠎ᠠ ᠶᠢ ᠴᠢᠩᠭ᠎ᠠ ᠵᠢᠷᠤᠮᠯᠠᠨ ᠨᠠᠶᠢᠳᠠᠪᠤᠷᠢᠵᠢᠭᠤᠯᠬᠤ ᠬᠡᠷᠡᠭᠲᠡᠶ᠃ ᠬᠠᠮᠲᠤ ᠶᠢᠨ ᠪᠠᠯᠠ ᠮᠥᠩᠭᠦ ᠶᠢᠨ ᠬᠡᠷᠡᠭᠯᠡᠯᠲᠡ ᠪᠠ ᠬᠤᠷᠢᠶᠠᠨ ᠠᠪᠬᠤ ᠠᠵᠢᠯ ᠳᠤ ᠴᠢᠭᠯᠡᠭᠦᠯᠦᠨ᠂ ᠬᠠᠮᠢᠶ᠎ᠠ ᠪᠥᠬᠦᠶ ᠲᠥᠯᠥᠪᠵᠢᠭᠦᠯᠭᠡ ᠶᠢ ᠰᠠᠶᠢᠲᠤᠷ ᠬᠢᠵᠦ᠂ ᠰᠠᠭᠤᠷᠢ ᠲᠤᠭ᠎ᠠ ᠲᠣᠳᠣᠷᠬᠠᠶ᠂ ᠪᠠᠶᠢᠳᠠᠯ ᠲᠣᠳᠣᠷᠬᠠᠶ ᠪᠠᠶᠢᠬᠤ ᠶᠢ ᠦᠨᠡᠨᠬᠦ ᠪᠡᠶᠡᠯᠡᠭᠦᠯᠵᠦ᠂ ᠪᠠᠯᠠ ᠮᠥᠩᠭᠦ ᠶᠢᠨ ᠬᠡᠷᠡᠭᠯᠡᠯᠲᠡ ᠲᠣᠭᠲᠠᠭᠠᠯ ᠳᠤ ᠨᠡᠶᠢᠴᠡᠬᠦ᠂ ᠡᠳ᠋ ᠬᠥᠷᠥᠩᠭᠡ ᠶᠢᠨ ᠳᠡᠩᠰᠡᠯᠡᠯᠲᠡ ᠨᠢᠭᠡᠪᠦᠷᠢ ᠨᠢ ᠣᠨᠣᠪᠴᠢᠲᠠᠶ᠂ ᠡᠬᠢ ᠪᠠᠶᠠᠯᠢᠭ ᠤᠨ ᠠᠰᠢᠭᠯᠠᠯᠲᠠ ᠨᠢᠭᠡᠪᠦᠷᠢ ᠨᠢ ᠵᠦᠶ ᠵᠣᠬᠢᠰᠲᠠᠶ ᠪᠠᠶᠢᠬᠤ ᠶᠢ ᠦᠨᠡᠨᠬᠦ ᠪᠠᠲᠤᠯᠠᠵᠤ᠂ ᠯᠠᠪᠳᠠᠭᠤᠨ ᠪᠠᠲᠤᠲᠠᠶ ᠠᠵᠢᠯ ᠤᠨ ᠰᠤᠷᠲᠠᠯ ᠢᠶᠠᠷ ︽ᠭᠤᠷᠪᠠᠨ ᠬᠥᠷᠥᠩᠭᠡ︾ ᠶᠢᠨ ᠬᠠᠮᠢᠶᠠᠷᠤᠯᠲᠠ ᠶᠢᠨ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠠᠬᠢᠭᠤᠯᠵᠤ᠂ ᠭᠠᠴᠠᠭᠠᠨ ᠤ ᠬᠠᠮᠲᠤ ᠵᠢᠨ‌ᠠᠵᠤ ᠠᠬᠤᠶ ᠶᠢᠨ ᠬᠥᠭᠵᠢᠯᠲᠡ ᠪᠠ ᠣᠯᠠᠨ ᠲᠦᠮᠡᠨ ᠤ ᠠᠰᠢᠭ ᠲᠤᠰᠠ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠶ ᠭᠡᠪᠡ᠃
 
ᠢᠷᠡᠯᠲᠡ᠄ ᠬᠠᠳᠠᠪᠴᠢ ᠪᠠᠯᠭᠠᠰᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号