ᠬᠠᠳᠠᠪᠴᠢ ᠪᠠᠯᠭᠠᠰᠤ ᠶᠠᠷᠢᠶ᠎ᠠ ᠬᠡᠯᠡᠯᠴᠡᠭᠡᠨ ᠤ ᠪᠠᠶᠢᠳᠠᠯ ᠢ ᠵᠥᠪᠳᠡᠯᠴᠡᠨ ᠰᠤᠳᠤᠯᠤᠨ ᠮᠠᠭᠠᠳᠯᠠᠬᠤ ᠬᠤᠷᠠᠯ ᠬᠤᠷᠠᠯᠳᠣᠭᠤᠯᠪᠠ
ᠨᠡᠶᠢᠲᠡᠯᠡᠭᠰᠡᠨ ᠴᠠᠭ᠄
2025/4/21
      ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠠᠬᠢ ᠤᠳᠤᠷᠢᠳᠤᠯᠭ᠎ᠠ ᠪᠠ ᠬᠠᠮᠢᠶᠠᠷᠤᠨ ᠡᠵᠡᠮᠳᠡᠬᠦ ᠡᠷᠴᠢᠮ ᠢ ᠤᠯᠠᠮ ᠨᠢᠭᠡ ᠠᠯᠬᠤᠮ ᠴᠢᠩᠭᠠᠳᠬᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠬᠤ ᠶᠢᠨ ᠲᠥᠯᠥᠭᠡ᠂ 3 ᠰᠠᠷ᠎ᠠ ᠶᠢᠨ 24 ᠤ ᠡᠳᠦᠷ᠂ ᠬᠠᠳᠠᠪᠴᠢ ᠪᠠᠯᠭᠠᠰᠤ ᠶᠠᠷᠢᠶ᠎ᠠ ᠬᠡᠯᠡᠯᠴᠡᠭᠡᠨ ᠤ ᠪᠠᠶᠢᠳᠠᠯ ᠢ ᠵᠥᠪᠳᠡᠯᠴᠡᠨ ᠰᠤᠳᠤᠯᠤᠨ ᠮᠠᠭᠠᠳᠯᠠᠬᠤ ᠬᠤᠷᠠᠯ ᠬᠤᠷᠠᠯᠳᠤᠭᠤᠯᠵᠤ᠂ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ᠂ ᠭᠠᠴᠠᠭᠠᠨ ᠤ ︽ᠬᠤᠶᠠᠷ           ᠵᠥᠪᠯᠡᠯ︾ ᠤᠨ ᠪᠥᠬᠦ ᠺᠠᠳ᠋ᠷ ᠠᠵᠢᠯᠲᠠᠨ ᠬᠤᠷᠠᠯ ᠳᠤ ᠣᠷᠣᠯᠴᠠᠵᠠᠶ᠃      ᠬᠤᠷᠠᠯ ᠠᠴᠠ ᠳᠡᠭᠡᠳᠦ ᠱᠠᠲᠤᠨ ᠤ ᠣᠶᠢᠷ᠎ᠠ ᠶᠢᠨ ᠬᠤᠭᠤᠴᠠᠭᠠᠨ ᠤ ︽ᠶᠠᠷᠢᠶ᠎ᠠ ᠬᠡᠯᠡᠯᠴᠡᠭᠡᠨ ᠤ ᠰᠠᠨᠠᠭᠤᠯᠤᠮᠵᠢ︾ ᠶᠢ ᠤᠯᠠᠮᠵᠢᠯᠠᠵᠤ᠂ ᠣᠶᠢᠷ᠎ᠠ ᠶᠢᠨ ᠬᠤᠭᠤᠴᠠᠭᠠᠨ ᠤ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠠᠬᠢ ᠠᠶᠤᠯ ᠲᠦᠭᠰᠢᠭᠦᠷᠢ ᠶᠢᠨ ᠳᠠᠯᠳᠠ ᠬᠡᠮ ᠵᠢᠴᠢ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠲᠦᠭᠰᠢᠭᠦᠷᠢ ᠶᠢᠨ ᠴᠡᠭ ᠪᠣᠯᠤᠨ ᠪᠠᠭᠤᠷᠠᠶ ᠭᠤᠭᠴᠤᠭ᠎ᠠ ᠶᠢ ᠵᠠᠳᠠᠯᠤᠨ ᠰᠤᠳᠤᠯᠵᠤ᠂ ᠬᠠᠮᠢᠶ᠎ᠠ ᠪᠦᠬᠦᠢ ᠠᠶᠤᠯ ᠲᠦᠭᠰᠢᠭᠦᠷᠢ ᠶᠢ ᠰᠡᠷᠭᠡᠶᠢᠯᠡᠨ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠰᠤᠳᠤᠯᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠪᠥᠬᠦ ᠪᠠᠯᠭᠠᠰᠤᠨ ᠤ ᠳᠡᠭᠡᠳᠦ ᠳᠣᠤᠷᠠᠳᠤ ᠱᠠᠲᠤᠨ ᠤ ᠬᠢᠨ ᠡᠷᠬᠡᠪᠰᠢ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠲᠦᠢᠯ ᠤᠨ ᠴᠢᠬᠤᠯᠠ ᠴᠢᠨᠠᠷ ᠢ ᠭᠦᠨᠵᠡᠭᠡᠶ ᠲᠠᠨᠢᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠵᠤ᠂ ︽ᠳᠥᠷᠪᠡᠨ ᠤᠬᠠᠮᠰᠠᠷ︾ ᠢᠶᠠᠨ ᠦᠨᠡᠨ ᠬᠦ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠪᠥᠬᠦ ᠪᠠᠯᠭᠠᠰᠤᠨ ᠤ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠠᠬᠢ ᠠᠮᠤᠷ ᠲᠦᠪᠰᠢᠨ ᠲᠣᠭᠲᠠᠭᠤᠨ ᠪᠠᠶᠢᠳᠡᠯ ᠢ ᠦᠨᠡᠨ ᠬᠦ ᠪᠠᠲᠤᠯᠠᠬᠤ ᠬᠡᠷᠡᠭᠲᠡᠶ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠤᠳᠤᠷᠢᠳᠬᠤ ᠪᠠᠭ ᠤᠨ ᠪᠦᠷᠢᠯᠳᠦᠬᠦᠨ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠦᠨᠳᠦᠰᠦᠯᠡᠨ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠰᠠᠶᠢᠲᠤᠷ ᠠᠳᠬᠤᠵᠤ᠂ ᠸᠢᠴᠠᠲ ᠤᠨ ᠴᠤᠭᠯᠠᠷᠠᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠮᠡᠳᠡᠭᠡ ᠵᠠᠩᠭᠢ ᠨᠡᠶᠢᠲᠡᠯᠡᠬᠦ ︽ᠭᠤᠷᠪᠠᠨ ᠬᠢᠨᠠᠯᠲᠠ︾ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠤᠬᠠᠭᠤᠯᠭ᠎ᠠ ᠶᠢᠨ ᠤᠳᠤᠷᠢᠳᠤᠮᠵᠢ ᠶᠢᠨ ᠴᠢᠨᠠᠷ᠂ ᠲᠣᠭᠲᠠᠭᠠᠯ ᠳᠤ ᠨᠡᠶᠢᠴᠡᠬᠦ ᠴᠢᠨᠠᠷ᠂ ᠦᠨᠡᠨ ᠪᠣᠳᠠᠲᠤ ᠴᠢᠨᠠᠷ ᠵᠡᠷᠭᠡ ᠲᠠᠯ᠎ᠠ ᠪᠠᠷ ᠵᠥᠷᠢᠶ᠎ᠡ ᠭᠠᠷᠬᠤ ᠶᠢ ᠰᠡᠷᠭᠡᠶᠢᠯᠡᠵᠦ᠂ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠠᠬᠢ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠳᠤ ᠬᠠᠷᠢᠭᠤᠴᠠᠯᠭ᠎ᠠ ᠡᠭᠦᠷᠭᠡᠯᠡᠬᠦ ᠶᠢ ᠰᠡᠷᠭᠡᠶᠢᠯᠡᠬᠦ ᠬᠡᠷᠡᠭᠲᠡᠶ᠃      ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠠᠬᠢ ᠬᠥᠳᠡᠯᠦᠩᠭᠦᠢ ᠬᠢᠨᠠᠨ ᠬᠡᠮᠵᠢᠯᠲᠡ ᠪᠠ ᠵᠠᠳᠠᠯᠤᠯᠲᠠ ᠶᠢ ᠴᠢᠩᠭᠠᠳᠬᠠᠵᠤ᠂ ᠬᠡᠯᠪᠡᠷᠢᠯ ᠤᠨ ᠴᠢᠨᠠᠷᠲᠠᠢ᠂ ᠴᠤᠬᠤᠶᠢᠯᠲᠠ ᠶᠢᠨ ᠴᠢᠨᠠᠷᠲᠠᠢ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠦᠨ ᠰᠢᠢᠳᠪᠦᠷᠢᠯᠡᠵᠦ᠂ ᠪᠦᠬᠦ ᠪᠠᠯᠭᠠᠰᠤᠨ ᠤ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢᠨ ᠬᠥᠮᠦᠵᠢᠯ ᠢ ᠭᠦᠨᠵᠡᠭᠡᠢ ᠥᠷᠨᠢᠭᠦᠯᠵᠦ᠂ ᠵᠥᠪ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢ ᠪᠠᠷᠢᠮᠲᠠᠯᠠᠵᠤ᠂ ᠢᠳᠡᠪᠬᠢ ᠬᠦᠴᠦᠨ ᠢ          ᠤᠯᠠᠮᠵᠢᠯᠠᠵᠤ᠂ ᠪᠦᠬᠦ ᠪᠠᠯᠭᠠᠰᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠪᠠᠲᠤ ᠴᠢᠩᠭ᠎ᠠ ᠦᠵᠡᠯ ᠰᠠᠨᠠᠭᠠᠨ ᠤ ᠪᠠᠲᠤᠯᠠᠭ᠎ᠠ ᠪᠠ ᠬᠦᠴᠦᠷᠬᠡᠭ ᠶᠡᠭᠡ ᠤᠶᠤᠨ ᠰᠠᠨᠠᠭᠠᠨ ᠤ ᠬᠦᠴᠦᠨ ᠴᠢᠳᠠᠯ ᠬᠠᠩᠭᠠᠬᠤ ᠬᠡᠷᠡᠭᠲᠡᠢ᠃
 
ᠢᠷᠡᠯᠲᠡ᠄ ᠬᠠᠳᠠᠪᠴᠢ ᠪᠠᠯᠭᠠᠰᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号