ᠥᠩᠭᠡᠷᠡᠭᠰᠡᠨ ᠨᠢᠭᠡ ᠭᠠᠷᠠᠭ ᠲᠤ᠂ ᠡᠵᠢᠨᠠᠭᠤᠷ ᠪᠡᠯᠡᠭᠠᠰᠤᠨ ᠤ ᠬᠠᠪᠤᠷ ᠤᠨ ᠤᠯᠠᠷᠢᠯ ᠤᠨ ᠪᠡᠯᠴᠢᠭᠡᠷ | ᠰᠡᠷᠭᠦᠭᠡᠬᠦ ᠠᠵᠢᠯ ᠢ ᠢᠳᠡᠪᠬᠢᠲᠡᠢ ᠠᠬᠢᠭᠤᠯᠵᠤ᠂ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠬᠤ ᠪᠠᠷ | ᠴᠢᠷᠮᠠᠶᠢᠵᠤ᠂ ᠮᠠᠯ ᠠᠵᠤ ᠠᠬᠤᠢ ᠶᠢᠨ ᠦᠷᠭᠦᠯᠵᠢᠯᠡᠬᠦ ᠬᠥᠭᠵᠢᠯᠲᠡ ᠶᠢ ᠠᠬᠢᠭᠤᠯᠪᠠ᠃ ᠤᠳᠤ ᠠᠵᠢᠯ ᠤᠨ | ᠪᠠᠶᠢᠳᠠᠯ ᠢᠶᠠᠨ ᠳᠣᠣᠷᠠᠬᠢ ᠮᠡᠲᠦ ᠪᠠᠷ ᠳ᠋ᠦᠩᠨᠡᠶ᠎ᠡ᠄ | ᠠᠵᠢᠯ ᠤᠨ ᠠᠬᠢᠴᠠ᠄ ᠭᠡᠷ᠎ᠡ ᠲᠣᠭᠲᠠᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠡᠷᠦᠬᠡ ᠳᠤ | ᠬᠦᠷᠴᠦ ᠲᠠᠶᠢᠯᠪᠤᠷᠢᠯᠠᠬᠤ ᠵᠡᠷᠭᠡ ᠬᠡᠯᠪᠡᠷᠢ ᠪᠠᠷ ᠳᠡᠮᠵᠢᠨ᠂ 730 ᠭᠠᠷᠤᠢ ᠬᠤᠪᠢ ᠮᠠᠲ᠋ᠧᠷᠢᠶᠠᠯ ᠲᠠᠷᠬᠠᠭᠠᠵᠤ᠂ 730 | ᠭᠠᠷᠤᠢ ᠡᠷᠦᠬᠡ ᠮᠠᠯᠴᠢᠳ ᠤᠨ ᠭᠡᠷ ᠲᠤ ᠭᠦᠨᠵᠡᠭᠡᠶᠢᠷᠡᠨ ᠤᠬᠠᠭᠤᠯᠵᠤ᠂ ᠪᠡᠯᠴᠢᠭᠡᠷᠯᠡᠭᠦᠯᠬᠦ ᠶᠢ ᠵᠣᠭᠰᠤᠭᠠᠬᠤ | ᠲᠥᠷᠥ ᠶᠢᠨ ᠪᠣᠳᠣᠯᠭ᠎ᠠ ᠶᠢ ᠬᠥᠮᠥᠰ ᠤᠨ ᠰᠡᠳᠬᠢᠯ ᠳᠤ ᠬᠠᠳᠠᠩᠰᠢᠭᠤᠯᠬᠤ ᠶᠢ ᠦᠨᠡᠨᠬᠦ ᠪᠠᠳᠤᠯᠠᠪᠠ᠃ ᠣᠳᠣᠬᠠᠨ ᠳᠤ᠂ | ᠪᠥᠬᠦ ᠪᠠᠯᠭᠠᠰᠤᠨ ᠤ 568.967 ᠲᠦᠮᠡᠨ ᠮᠦ ᠪᠡᠯᠴᠢᠭᠡᠷ ᠥᠨᠵᠢᠭᠰᠡᠨ ᠣᠷᠣᠨ ᠪᠦᠰᠡ ᠶᠢ ᠨᠢᠭᠡᠨᠲᠡ ᠪᠦᠬᠦᠨ ᠢ | ᠨᠠᠶᠢᠳᠠᠪᠤᠷᠢᠵᠢᠭᠤᠯᠪᠠ᠃ ᠬᠠᠤᠯᠢ ᠬᠡᠷᠡᠭᠵᠢᠭᠦᠯᠬᠦ ᠲᠣᠭᠤᠷᠢᠨ ᠪᠠᠶᠢᠴᠠᠭᠠᠬᠤ ᠳᠤᠭᠤᠶᠢᠯᠠᠩ ᠤᠨ 7 ᠬᠥᠮᠥᠨ ᠢ ᠬᠤᠶᠠᠷ | ᠪᠠᠶᠢᠭᠤᠯᠵᠤ᠂ 2 ᠮᠠᠰᠢᠨ ᠲᠡᠷᠭᠡ ᠲᠣᠬᠢᠷᠠᠭᠤᠯᠵᠤ᠂ 4 ᠰᠠᠷ᠎ᠠ ᠶᠢᠨ 11 ᠤ ᠡᠳᠦᠷ ᠪᠣᠯᠲᠠᠯ᠎ᠠ᠂ ᠬᠠᠤᠯᠢ ᠬᠡᠷᠡᠭᠵᠢᠭᠦᠯᠬᠦ | ᠲᠣᠭᠤᠷᠢᠨ ᠪᠠᠶᠢᠴᠠᠭᠠᠬᠤ ᠠᠵᠢᠯᠲᠠᠨ ᠢ ᠨᠡᠶᠢᠲᠡ 25 ᠬᠥᠮᠥᠨ ᠤᠳᠠᠭ᠎ᠠ᠂ 7 ᠲᠡᠷᠭᠡ ᠤᠳᠠᠭ᠎ᠠ ᠬᠥᠳᠡᠯᠭᠡᠵᠦ᠂ | ᠨᠡᠶᠢᠲᠡ 75 ᠡᠷᠦᠬᠡ ᠶᠢ ᠲᠣᠭᠤᠷᠢᠨ ᠪᠠᠶᠢᠴᠠᠭᠠᠪᠠ᠂ ᠡᠭᠦᠨ ᠳᠤ 3 ᠡᠷᠦᠬᠡ ᠳᠤ ᠰᠡᠷᠡᠮᠵᠢ ᠥᠭᠴᠦ᠂ ᠬᠠᠤᠯᠢ ᠶᠢ | ᠵᠥᠷᠢᠴᠡᠨ ᠮᠠᠯ ᠮᠠᠯᠵᠢᠭᠰᠠᠨ ᠢᠶᠠᠷ ᠰᠡᠵᠢᠭᠯᠡᠭᠳᠡᠭᠰᠡᠨ 3 ᠡᠷᠦᠬᠡ ᠶᠢᠨ ᠮᠠᠯᠴᠢᠳ ᠲᠤ ᠰᠢᠳᠬᠡᠯ ᠥᠭᠬᠦ ᠠᠴᠠ ᠡᠮᠦᠨ᠎ᠡ | ᠮᠡᠳᠡᠭᠳᠡᠬᠦ ᠪᠢᠴᠢᠭ ᠪᠠᠭᠤᠯᠭᠠᠪᠠ᠃ | ᠨᠢᠭᠡ ᠭᠠᠷᠠᠭ ᠤᠨ ᠪᠡᠯᠴᠢᠭᠡᠷᠯᠡᠭᠦᠯᠬᠦ ᠶᠢ ᠵᠣᠭᠰᠤᠭᠠᠬᠤ ᠲᠣᠭᠤᠷᠢᠨ ᠪᠠᠶᠢᠴᠠᠭᠠᠯᠲᠠ ᠪᠠᠷ ᠳᠡᠮᠵᠢᠨ ᠣᠷᠣᠰᠢᠵᠤ | ᠪᠠᠶᠢᠭ᠎ᠠ ᠠᠰᠠᠭᠤᠳᠠᠯ ᠢ ᠣᠯᠵᠤ ᠮᠠᠲᠠᠵᠠᠢ᠄ ᠬᠡᠰᠡᠭ ᠮᠠᠯᠴᠢᠳ ᠪᠡᠯᠴᠢᠭᠡᠷᠯᠡᠭᠦᠯᠬᠦ ᠶᠢ ᠵᠣᠭᠰᠤᠭᠠᠬᠤ ᠲᠥᠷᠥ ᠶᠢᠨ | ᠪᠣᠳᠣᠯᠭ᠎ᠠ ᠳᠤ ᠮᠥᠨ ᠬᠦ ᠳᠤᠷ᠎ᠠ ᠦᠭᠡᠶᠢᠴᠡᠬᠦ ᠰᠡᠳᠬᠢᠯᠭᠡ ᠲᠠᠢ ᠪᠠᠶᠢᠵᠤ᠂ ᠤᠯᠠᠮᠵᠢᠯᠠᠯᠲᠤ ᠪᠡᠯᠴᠢᠭᠡᠷᠯᠡᠭᠦᠯᠬᠦ | ᠦᠵᠡᠯᠲᠡ ᠨᠢ ᠭᠦᠨ ᠦᠨᠳᠦᠰᠦ ᠰᠠᠭᠤᠷᠢ ᠲᠠᠢ ᠪᠠᠶᠢᠵᠤ᠂ ᠪᠡᠯᠴᠢᠭᠡᠷᠯᠡᠭᠦᠯᠬᠦ ᠶᠢ ᠵᠣᠭᠰᠤᠭᠠᠬᠤ ᠨᠢ ᠮᠠᠯ ᠤᠨ | ᠥᠰᠦᠯᠲᠡ ᠪᠠ ᠲᠡᠵᠢᠭᠡᠨ ᠦᠷᠡᠵᠢᠭᠦᠯᠦᠯᠲᠡ ᠶᠢᠨ ᠠᠰᠢᠭ ᠣᠷᠣᠯᠭ᠎ᠠ ᠶᠢ ᠨᠥᠯᠥᠭᠡᠯᠡᠨ᠎ᠡ ᠭᠡᠵᠦ ᠦᠵᠡᠵᠦ ᠪᠠᠶᠢᠨ᠎ᠠ᠃ | ᠪᠡᠯᠴᠢᠭᠡᠷ ᠥᠨᠵᠢᠭᠦᠯᠬᠦ ᠶᠢ ᠬᠢᠨᠠᠨ ᠬᠠᠮᠢᠶᠠᠷᠬᠤ ᠬᠦᠷᠢᠶ᠎ᠡ ᠬᠡᠪᠴᠢᠶ᠎ᠡ ᠥᠷᠭᠡᠨ᠂ ᠡᠭᠦᠷᠭᠡ ᠬᠦᠨᠳᠦ ᠪᠠᠶᠢᠵᠤ᠂ ᠰᠤᠮᠤ | ᠪᠠᠯᠭᠠᠰᠤ ᠶᠢᠨ ᠣᠲᠣ ᠶᠢᠨ ᠪᠠᠶᠢᠭ᠎ᠠ ᠬᠢᠨᠠᠨ ᠬᠠᠮᠢᠶᠠᠷᠬᠤ ᠠᠵᠢᠯᠲᠠᠨ ᠪᠥᠬᠦ ᠲᠠᠯ᠎ᠠ ᠶᠢᠨ ᠬᠢᠨᠠᠨ ᠬᠠᠮᠢᠶᠠᠷᠬᠤ ᠬᠡᠷᠡᠭᠴᠡᠭᠡ | ᠱᠠᠭᠠᠷᠳᠠᠯᠭ᠎ᠠ ᠶᠢ ᠬᠠᠩᠭᠠᠵᠤ ᠳᠡᠶᠢᠯᠬᠦ ᠦᠭᠡᠢ ᠪᠠᠶᠢᠵᠤ᠂ ᠬᠢᠨᠠᠨ ᠬᠠᠮᠢᠶᠠᠷᠬᠤ ᠳᠤ ᠥᠯᠥ ᠣᠨᠣᠭᠳᠠᠬᠤ ᠭᠠᠵᠠᠷ ᠪᠠ | ᠳᠤᠲᠠᠭᠳᠠᠯ ᠣᠷᠣᠰᠢᠵᠤ ᠪᠠᠶᠢᠨ᠎ᠠ᠃ | ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠠᠵᠢᠯᠲᠠᠨ ᠤ | ᠬᠠᠤᠯᠢ ᠬᠡᠷᠡᠭᠵᠢᠭᠦᠯᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠵᠠᠰᠠᠭ ᠵᠠᠬᠢᠷᠭᠠᠨ ᠤ ᠰᠢᠢᠳᠬᠡᠯ ᠤᠨ ᠬᠠᠤᠯᠢ︾ ᠶᠢ ᠭᠦᠨᠵᠡᠭᠡᠢ ᠣᠶᠢᠯᠠᠭᠠᠨ ᠲᠣᠣᠱᠯᠠᠭᠤᠯᠬᠤ ᠶᠢᠨ | ᠲᠥᠯᠥᠭᠡ᠂ 4 ᠰᠠᠷ᠎ᠠ ᠶᠢᠨ 8 ᠤ ᠡᠳᠦᠷ ᠮᠠᠯᠵᠢᠬᠤ ᠶᠢ ᠵᠣᠭᠰᠤᠭᠠᠬᠤ ᠬᠤᠭᠤᠴᠠᠭᠠᠨ ᠤ ᠨᠢᠭᠡᠳᠦᠭᠡᠷ ᠭᠠᠷᠠᠭ ᠲᠤ | ᠲᠤᠯᠭᠠᠷᠠᠭᠰᠠᠨ ᠠᠰᠠᠭᠤᠳᠠᠯ ᠳᠤ ᠴᠢᠭᠯᠡᠭᠦᠯᠦᠨ ︽ᠵᠠᠰᠠᠭ ᠵᠠᠬᠢᠷᠭᠠᠨ ᠤ ᠰᠢᠢᠳᠬᠡᠯ ᠤᠨ ᠬᠠᠤᠯᠢ︾ ᠶᠢ ᠰᠤᠷᠤᠯᠴᠠᠬᠤ | ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃ | ᠲᠠᠷᠠᠭᠠᠴᠢ ᠶᠢᠨ ᠠᠯᠬᠤᠮ ᠤᠨ ᠲᠥᠯᠥᠪᠯᠡᠭᠡ᠄ ᠪᠡᠯᠴᠢᠭᠡᠷᠯᠡᠭᠦᠯᠬᠦ ᠶᠢ ᠵᠣᠭᠰᠤᠭᠠᠬᠤ ᠲᠥᠷᠥ ᠶᠢᠨ | ᠪᠣᠳᠣᠯᠭ᠎ᠠ ᠶᠢᠨ ᠤᠬᠠᠭᠤᠯᠭ᠎ᠠ ᠶᠢ ᠦᠷᠭᠦᠯᠵᠢᠯᠡᠨ ᠴᠢᠩᠭᠠᠳᠬᠠᠵᠤ᠂ ᠤᠬᠠᠭᠤᠯᠭ᠎ᠠ ᠶᠢᠨ ᠠᠷᠭ᠎ᠠ ᠮᠠᠶ᠋ᠢᠭ ᠤᠨ ᠰᠢᠨ᠎ᠡ ᠶᠢ | ᠡᠭᠦᠳᠴᠦ᠂ ᠨᠤᠲᠤᠭ ᠪᠡᠯᠴᠢᠭᠡᠷ ᠤᠨ ᠲᠣᠣᠷ ᠤᠨ ᠠᠵᠢᠯᠲᠠᠨ ᠢ ᠠᠰᠢᠭᠯᠠᠨ᠂ ᠡᠷᠬᠢᠨ ᠲᠣᠭᠤᠷᠢᠨ ᠤ ᠮᠠᠯᠴᠢᠳ ᠲᠤ | ᠤᠬᠠᠭᠤᠯᠤᠨ ᠲᠠᠶᠢᠯᠪᠤᠷᠢᠯᠠᠬᠤ ᠵᠡᠷᠭᠡ ᠬᠡᠯᠪᠡᠷᠢ ᠪᠠᠷ ᠮᠠᠯᠴᠢᠳ ᠤᠨ ᠪᠡᠯᠴᠢᠭᠡᠷᠯᠡᠭᠦᠯᠬᠦ ᠶᠢ ᠵᠣᠭᠰᠤᠭᠠᠬᠤ ᠶᠢᠨ ᠴᠢᠬᠤᠯᠠ | ᠴᠢᠨᠠᠷ ᠤᠨ ᠲᠤᠬᠠᠢ ᠲᠠᠨᠢᠯᠲᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠬᠢᠨᠠᠨ ᠬᠠᠮᠢᠶᠠᠷᠬᠤ ᠠᠵᠢᠯᠲᠠᠨ ᠢ | ᠵᠦᠢ ᠵᠣᠬᠢᠰᠲᠠᠢ ᠲᠣᠬᠢᠷᠠᠭᠤᠯᠵᠤ᠂ ᠬᠠᠷᠢᠭᠤᠴᠠᠯᠭ᠎ᠠ ᠶᠢᠨ ᠣᠷᠣᠨ ᠪᠦᠰᠡ ᠶᠢ ᠬᠤᠪᠢᠶᠠᠷᠢᠯᠠᠨ᠂ ᠲᠣᠥᠷᠵᠢᠭᠤᠯᠤᠭᠰᠠᠨ | ᠬᠢᠨᠠᠨ ᠬᠠᠮᠢᠶᠠᠷᠬᠤ ᠰᠢᠰᠲ᠋ᠧᠮᠵᠢ ᠶᠢ ᠰᠠᠶᠢᠲᠤᠷ ᠪᠠᠳᠠᠷᠠᠭᠤᠯᠤᠨ᠎ᠠ᠃ ᠡᠭᠦᠨ ᠤ ᠬᠠᠮᠲᠤ᠂ ᠳᠡᠭᠡᠳᠦ ᠱᠠᠲᠤᠨ ᠤ | ᠳᠡᠮᠵᠢᠯᠭᠡ ᠶᠢ ᠣᠯᠬᠤ ᠪᠠᠷ ᠢᠳᠡᠪᠬᠢᠲᠡᠢ ᠴᠢᠷᠮᠠᠶᠢᠵᠤ᠂ ᠵᠢᠯᠣᠭᠤᠴᠢ ᠦᠭᠡᠢ ᠨᠢᠰᠬᠡᠯ ᠵᠡᠷᠭᠡ ᠲᠡᠷᠢᠭᠦᠨ ᠤ ᠬᠢᠨᠠᠨ | ᠬᠠᠮᠢᠶᠠᠷᠬᠤ ᠲᠥᠬᠦᠭᠡᠷᠦᠮᠵᠢ ᠶᠢ ᠲᠣᠬᠢᠷᠠᠭᠤᠯᠤᠨ᠂ ᠬᠢᠨᠠᠨ ᠬᠠᠮᠢᠶᠠᠷᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ | ᠬᠠᠪᠤᠷ ᠤᠨ ᠤᠯᠠᠷᠢᠯ ᠤᠨ ᠪᠡᠯᠴᠢᠭᠡᠷ ᠵᠠᠪᠰᠠᠷᠯᠠᠬᠤ ᠠᠵᠢᠯ ᠪᠣᠯ ᠴᠢᠬᠤᠯᠠ ᠶᠡᠭᠡ ᠠᠴᠢ ᠬᠤᠯᠪᠣᠭᠳᠠᠯ ᠲᠠᠢ | ᠪᠥᠭᠡᠳ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠪᠠ ᠮᠠᠯ ᠠᠵᠤ ᠠᠬᠤᠢ ᠶᠢᠨ ᠠᠯᠤᠰ ᠬᠡᠲᠦ ᠶᠢᠨ | ᠬᠥᠭᠵᠢᠯᠲᠡ ᠳᠤ ᠣᠳᠣᠬᠠᠨ ᠳᠤ ᠬᠡᠳᠦᠶᠢᠪᠡᠷ ᠵᠣᠬᠢᠬᠤ ᠦᠷ᠎ᠡ ᠪᠦᠲᠦᠮᠵᠢ ᠣᠯᠣᠭᠰᠠᠨ ᠪᠣᠯᠪᠠᠴᠤ ᠪᠠᠰᠠ ᠮᠠᠰᠢ ᠤᠯᠠᠨ | ᠠᠰᠠᠭᠤᠳᠠᠯ ᠪᠠ ᠥᠷᠢᠰᠦᠯᠳᠦᠭᠡᠨ ᠳᠤ ᠲᠤᠯᠭᠠᠷᠠᠵᠤ ᠪᠠᠶᠢᠨ᠎ᠠ᠃ ᠬᠤᠶᠢᠰᠢᠳᠠ ᠶᠢᠨ ᠠᠵᠢᠯ ᠤᠨ ᠳᠤᠮᠳᠠ᠂ ᠪᠢᠳᠡ | ᠨᠠᠩ ᠡᠷᠡᠰ ᠪᠠᠲᠤ ᠵᠣᠷᠢᠭ᠂ ᠨᠠᠩ ᠬᠦᠴᠦᠲᠡᠢ ᠠᠷᠭ᠎ᠠ ᠬᠡᠮᠵᠢᠶ᠎ᠡ ᠪᠠᠷ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠬᠦ | ᠠᠵᠢᠯ ᠢ ᠯᠠᠪᠳᠠᠭᠤᠨ ᠢᠶᠠᠷ ᠠᠬᠢᠭᠤᠯᠵᠤ᠂ ᠨᠤᠲᠤᠭ ᠪᠡᠯᠴᠢᠭᠡᠷ ᠤᠨ ᠠᠮᠢ ᠠᠬᠤᠢ ᠶᠢ ᠪᠦᠲᠦᠮᠵᠢᠲᠡᠶ ᠬᠠᠮᠠᠭᠠᠯᠠᠵᠤ᠂ | ᠮᠠᠯᠴᠢᠳ ᠤᠨ ᠠᠰᠢᠭ ᠲᠤᠰᠠ ᠶᠢ ᠦᠨᠡᠨ ᠬᠦ ᠪᠠᠲᠤᠯᠠᠨ᠎ᠠ᠃ |