ᠤᠯᠤᠰ ᠤᠨ ᠶᠡᠷᠦᠩᠬᠡᠶ ᠴᠣᠭᠴᠠ ᠶᠢᠨ ᠠᠮᠤᠷ ᠲᠦᠪᠰᠢᠨ ᠤ ᠦᠵᠡᠯᠲᠡ ᠶᠢ ᠭᠦᠨᠵᠡᠭᠡᠶ ᠲᠤᠤᠱᠯᠠᠭᠤᠯᠤᠨ | ᠨᠠᠶᠢᠳᠠᠪᠤᠷᠢᠵᠢᠭᠤᠯᠬᠤ ᠂ ᠤᠯᠠᠨ ᠲᠦᠮᠡᠨ ᠤ ᠤᠯᠤᠰ ᠤᠨ ᠠᠮᠤᠷ ᠲᠦᠪᠰᠢᠨ ᠤ ᠤᠬᠠᠮᠰᠠᠷ ᠪᠣᠯᠤᠨ ᠬᠠᠥᠯᠢ ᠶᠢᠨ ᠬᠡᠪ | ᠪᠣᠯᠪᠠᠰᠤᠷᠠᠯ ᠢ ᠴᠢᠩᠭᠠᠳᠬᠠᠬᠤ ᠶᠢᠨ ᠲᠥᠯᠥᠭᠡ᠂ ᠠᠷᠪᠠᠳᠤᠭᠠᠷ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ | ᠬᠥᠮᠦᠵᠢᠯ ᠤᠨ ᠡᠳᠦᠷ ᠬᠦᠷᠴᠦ ᠢᠷᠡᠬᠦ ᠲᠠᠰᠢᠷᠠᠮ ᠢᠶᠠᠷ᠂ ᠡᠵᠢᠨᠠᠭᠤᠷ ᠪᠠᠯᠭᠠᠰᠤ ᠨᠢ ᠤᠯᠤᠰ ᠤᠨ ᠠᠮᠤᠷ ᠲᠦᠪᠰᠢᠨ ᠤ | ᠬᠥᠮᠦᠵᠢᠯ ᠤᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠤᠯᠤᠰ ᠤᠨ ᠠᠮᠤᠷ ᠲᠦᠪᠰᠢᠨ ᠤ | ᠤᠢᠢᠯᠠᠭᠠᠭᠳᠠᠬᠤᠨ ᠢ ᠬᠥᠮᠦᠰ ᠤᠨ ᠰᠡᠳᠬᠢᠯ ᠳᠤ ᠬᠠᠲᠠᠩᠰᠢᠭᠤᠯᠵᠤ᠂ ᠤᠯᠤᠰ ᠤᠨ ᠠᠮᠤᠷ ᠲᠦᠪᠰᠢᠨ ᠤ ᠤᠬᠠᠭᠤᠯᠭ᠎ᠠ | ᠬᠥᠮᠦᠵᠢᠯ ᠤᠨ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠪᠠ᠃ | ᠨᠢᠭᠡ ᠳᠤ᠂ ᠪᠠᠯᠭᠠᠰᠤᠨ ᠤ ᠺᠠᠳ᠋ᠷᠴᠤᠳ ᠢ ᠵᠣᠬᠢᠶᠠᠨ ᠪᠠᠶᠢᠭᠤᠯᠵᠤ ︽ᠪᠦᠭᠦᠲᠡ ᠨᠡᠶᠢᠷᠠᠮᠳᠠᠬᠤ ᠳᠤᠮᠳᠠᠳᠤ | ᠠᠷᠠᠳ ᠤᠯᠤᠰ ᠤᠨ ᠠᠮᠤᠷ ᠲᠦᠪᠰᠢᠨ ᠤ ᠬᠠᠤᠯᠢ︾ ︽ ᠪᠦᠭᠦᠲᠡ ᠨᠡᠶᠢᠷᠠᠮᠳᠠᠬᠤ ᠳᠤᠮᠳᠠᠳᠤ ᠠᠷᠠᠳ ᠤᠯᠤᠰ ᠤᠨ | ᠨᠢᠭᠤᠴᠠ ᠶᠢ ᠬᠠᠮᠠᠭᠠᠯᠠᠬᠤ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠲᠥᠪᠯᠡᠷᠡᠭᠦᠯᠦᠨ | ᠰᠤᠷᠤᠯᠴᠠᠭᠤᠯᠪᠠ᠃ ᠡᠭᠦᠨ ᠤ ᠬᠠᠮᠲᠤ 4. 15 ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ | ᠬᠥᠮᠦᠵᠢᠯ ᠤᠨ ᠡᠳᠦᠷ ᠤᠨ ᠭᠤᠣᠯ ᠰᠡᠳᠦᠪᠲᠦ ᠤᠬᠠᠭᠤᠯᠭ᠎ᠠ ᠶᠢᠨ ᠹᠢᠯᠢᠮ ᠢ ᠦᠵᠡᠵᠦ᠂ ᠨᠡᠶᠢᠲᠡᠯᠢᠭ ᠬᠡᠷᠡᠭ ᠤᠨ | ᠵᠢᠱᠢᠶ᠎ᠡ ᠶᠢ ᠵᠠᠳᠠᠯᠬᠤ ᠪᠠ ᠲᠤᠰᠬᠠᠢ ᠮᠡᠷᠭᠡᠵᠢᠯ ᠤᠨ ᠲᠠᠶᠢᠯᠤᠮᠵᠢ ᠬᠢᠬᠦ ᠪᠠᠷ ᠳᠠᠮᠵᠢᠭᠤᠯᠵᠤ᠂ ᠨᠠᠮ ᠤᠨ ᠭᠡᠰᠢᠭᠦᠨ | ᠺᠠᠳ᠋ᠷᠴᠤᠳ ᠤᠨ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠬᠠᠷᠢᠭᠤᠴᠠᠯᠭ᠎ᠠ ᠡᠭᠦᠷᠭᠡᠯᠡᠯ ᠢ ᠴᠢᠩᠭᠠᠳᠬᠠᠵᠤ᠂ | ᠦᠨᠳᠦᠰᠦᠨ ᠱᠠᠲᠤᠨ ᠤ ᠵᠠᠰᠠᠯᠲᠠ ᠳᠤ ᠠᠮᠤᠷ ᠲᠦᠪᠰᠢᠨ ᠤ ᠬᠠᠮᠠᠭᠠᠯᠠᠯᠲᠠ ᠶᠢᠨ ᠦᠵᠡᠯ ᠰᠠᠨᠠᠭᠠᠨ ᠤ ᠬᠥᠳᠡᠯᠭᠡᠬᠦ | ᠬᠦᠴᠦᠨ ᠨᠡᠮᠡᠷᠢᠯᠡᠪᠡ᠃ | ᠬᠤᠶᠠᠷ ᠲᠤ᠂ ᠪᠠᠯᠭᠠᠰᠤᠨ ᠤ ᠶᠡᠷᠦᠩᠬᠡᠶᠢᠯᠡᠨ ᠵᠠᠰᠠᠬᠤ ᠲᠥᠪ ᠠᠴᠠ ᠪᠠᠯᠭᠠᠰᠤᠨ ᠤ ᠲᠣᠮᠢᠯᠠᠭᠰᠠᠨ ᠰᠠᠯᠪᠤᠷᠢ᠂ | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ ᠵᠡᠷᠭᠡ ᠲᠠᠢ ᠬᠠᠮᠳᠤᠷᠤᠨ ᠤᠯᠤᠰ ᠤᠨ ᠠᠮᠤᠷ | ᠲᠦᠪᠰᠢᠨ ᠤ ᠬᠥᠮᠦᠵᠢᠯ ᠤᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠠᠵᠢᠯᠲᠠᠳ | ᠠᠮᠢᠳᠤᠯᠢᠭ ᠬᠡᠷᠡᠭ ᠤᠨ ᠵᠢᠱᠢᠶ᠎ᠡ᠂ ᠲᠦᠭᠦᠮ ᠣᠶᠢᠯᠠᠭᠠᠮᠵᠢᠲᠠᠶ ᠦᠭᠡ ᠬᠡᠯᠡ ᠪᠠᠷ ᠣᠯᠠᠨ ᠲᠦᠮᠡᠨ ᠳᠤ ᠤᠯᠤᠰ ᠤᠨ | ᠠᠮᠤᠷ ᠲᠦᠪᠰᠢᠨ ᠤ ᠴᠢᠬᠤᠯᠠ ᠴᠢᠨᠠᠷ ᠵᠢᠴᠢ ᠠᠷᠠᠳ ᠢᠷᠭᠡᠳ ᠤᠨ ᠤᠯᠤᠰ ᠤᠨ ᠠᠮᠤᠷ ᠲᠦᠪᠰᠢᠨ ᠢ ᠬᠠᠮᠠᠭᠠᠯᠠᠬᠤ | ᠳᠤᠮᠳᠠᠬᠢ ᠬᠠᠷᠢᠭᠤᠴᠠᠯᠭ᠎ᠠ ᠪᠠ ᠡᠭᠦᠷᠭᠡ ᠶᠢ ᠨᠠᠷᠢᠨ ᠲᠠᠶᠢᠯᠪᠤᠷᠢᠯᠠᠵᠤ ᠥᠭᠭᠦᠭᠰᠡᠨ ᠪᠠᠶᠢᠨ᠎ᠠ᠃ ᠡᠭᠦᠨ ᠤ ᠬᠠᠮᠲᠤ᠂ | ᠤᠯᠤᠰ ᠤᠨ ᠠᠮᠤᠷ ᠲᠦᠪᠰᠢᠨ ᠤ ᠤᠬᠠᠭᠤᠯᠭ᠎ᠠ ᠶᠢᠨ ᠬᠠᠭᠤᠳᠠᠰᠤ ᠶᠢ ᠲᠠᠷᠬᠠᠭᠠᠵᠤ᠂ ᠣᠯᠠᠨ ᠲᠦᠮᠡᠨ ᠤ | ᠳᠤᠷᠠᠳᠤᠭᠰᠠᠨ ᠮᠠᠳᠠᠭ ᠲᠠᠢ ᠠᠰᠠᠭᠤᠳᠠᠯ ᠳᠤ ᠴᠢᠭᠯᠡᠭᠦᠯᠦᠨ ᠬᠠᠷᠢᠭᠤᠯᠲᠠ ᠥᠭᠴᠦ᠂ ᠤᠯᠤᠰ ᠤᠨ ᠠᠮᠤᠷ | ᠲᠦᠪᠰᠢᠨ ᠤ ᠮᠡᠳᠡᠯᠭᠡ ᠶᠢ ᠣᠯᠠᠨ ᠲᠦᠮᠡᠨ ᠤ ᠳᠡᠷᠭᠡᠳᠡ ᠬᠦᠷᠭᠡᠵᠦ᠂ ᠤᠯᠤᠰ ᠤᠨ ᠠᠮᠤᠷ ᠲᠦᠪᠰᠢᠨ ᠤ | ᠣᠶᠢᠯᠠᠭᠠᠭᠳᠠᠬᠤᠨ ᠢ ᠬᠥᠮᠦᠰ ᠤᠨ ᠰᠡᠳᠬᠢᠯ ᠳᠤ ᠬᠠᠲᠠᠩᠰᠢᠭᠤᠯᠪᠠ᠃ | ᠳᠠᠷᠠᠭᠠᠴᠢ ᠶᠢᠨ ᠠᠯᠬᠤᠮ ᠳᠤ᠂ ᠡᠵᠢᠨᠠᠭᠤᠷ ᠪᠠᠯᠭᠠᠰᠤ ᠨᠢ ᠲᠤᠰ ᠤᠳᠠᠭᠠᠨ ᠤ ᠤᠬᠠᠭᠤᠯᠭ᠎ᠠ ᠶᠢᠨ | ᠠᠵᠢᠯᠯᠠᠭ᠎ᠠ ᠪᠠᠷ ᠵᠠᠪᠰᠢᠶᠠᠨ ᠪᠣᠯᠭᠠᠵᠤ᠂ ᠤᠯᠤᠰ ᠤᠨ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠤᠨ ᠠᠵᠢᠯ ᠢ | ᠦᠷᠭᠦᠯᠵᠢᠯᠡᠨ ᠴᠢᠩᠭᠠᠳᠬᠠᠵᠤ᠂ ᠤᠬᠠᠭᠤᠯᠭ᠎ᠠ ᠶᠢᠨ ᠬᠡᠯᠪᠡᠷᠢ ᠪᠠ ᠠᠭᠤᠯᠭ᠎ᠠ ᠪᠠᠨ ᠲᠠᠰᠤᠷᠠᠯᠲᠠ ᠦᠭᠡᠢ ᠰᠢᠨᠡᠳᠬᠡᠵᠦ᠂ | ᠤᠯᠤᠰ ᠤᠨ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠢ ᠪᠠᠶᠢᠩᠭᠤᠵᠢᠭᠤᠯᠬᠤ᠂ ᠤᠯᠤᠰ ᠤᠨ ᠠᠮᠤᠷ | ᠲᠦᠪᠰᠢᠨ ᠤ ᠶᠡᠷᠦᠩᠬᠡᠢ ᠦᠵᠡᠯᠲᠡ ᠶᠢ ᠦᠨᠳᠦᠰᠦᠨ ᠱᠠᠲᠤᠨ ᠳᠤ ᠨᠠᠶᠢᠳᠠᠪᠤᠷᠢᠵᠢᠭᠤᠯᠬᠤ ᠶᠢ ᠠᠬᠢᠭᠤᠯᠵᠤ᠂ | ᠤᠯᠤᠰ ᠤᠨ ᠠᠮᠤᠷ ᠲᠦᠪᠰᠢᠨ ᠤ ᠠᠷᠠᠳ ᠲᠦᠮᠡᠨ ᠤ ᠰᠡᠷᠭᠡᠶᠢᠯᠡᠯᠲᠡ ᠶᠢᠨ ᠱᠤᠭᠤᠮ ᠢ ᠦᠨᠡᠨᠬᠦ ᠪᠠᠬᠢᠵᠢᠭᠦᠯᠵᠦ᠂ | ᠤᠯᠤᠰ ᠤᠨ ᠥᠨᠢ ᠤᠳᠠᠭᠠᠨ ᠠᠮᠤᠷ ᠲᠦᠪᠰᠢᠨ ᠪᠠᠶᠢᠬᠤ ᠪᠠ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ | ᠬᠥᠭᠵᠢᠯᠲᠡ ᠳᠤ ᠬᠦᠴᠦᠲᠡᠢ ᠪᠠᠲᠤᠯᠠᠭ᠎ᠠ ᠬᠠᠩᠭᠠᠬᠤ ᠪᠠᠷ ᠴᠢᠷᠮᠠᠶᠢᠨ᠎ᠠ᠃ | | |