ᠬᠤᠰᠢᠭᠤ ᠠᠷᠠᠳ ᠣᠯᠠᠨ ᠤ ᠡᠪᠡᠳᠴᠢᠨ ᠦᠵᠡᠭᠦᠯᠬᠦ ᠬᠡᠷᠡᠭᠴᠡᠭᠡ ᠶᠢ ᠬᠠᠩᠭᠠᠬᠤ ᠶᠢᠨ ᠲᠥᠯᠥᠭᠡ᠂ 4 | ᠰᠠᠷ᠎ᠠ ᠶᠢᠨ 12 ᠤᠨ ᠡᠳᠦᠷ᠂ ᠬᠤᠰᠢᠭᠤ ᠠᠷᠠᠳ ᠤᠨ ᠡᠮᠨᠡᠯᠭᠡ ᠶᠢᠨ ᠬᠤᠷᠢᠶ᠎ᠠ ᠨᠢ ᠥᠪᠥᠷ ᠮᠣᠩᠭᠤᠯ ᠤᠨ ᠠᠨᠠᠭᠠᠬᠤ | ᠤᠬᠠᠭᠠᠨ ᠤ ᠶᠡᠭᠡ ᠰᠤᠷᠭᠠᠭᠤᠯᠢ ᠶᠢᠨ ᠬᠤᠶᠠᠳᠤᠭᠠᠷ ᠬᠠᠷᠢᠶᠠᠲᠤ ᠡᠮᠨᠡᠯᠭᠡ ᠶᠢᠨ ᠬᠤᠷᠢᠶᠠᠨ ᠤ ᠶᠠᠰᠤᠨ ᠤ ᠰᠠᠯᠠᠭᠠᠨ ᠤ | ᠲᠤᠰᠬᠠᠶ ᠮᠡᠷᠭᠡᠵᠢᠯᠲᠡᠨ ᠤ ᠪᠦᠯᠬᠦᠮ ᠢ ᠤᠷᠢᠵᠤ ᠠᠯᠪᠠᠨ ᠵᠢᠷᠤᠮ ᠤᠨ ᠡᠮᠴᠢᠯᠡᠭᠡ ᠵᠢᠴᠢ ᠮᠡᠰᠡ ᠵᠠᠰᠠᠯ ᠤᠨ ᠡᠮᠴᠢᠯᠡᠭᠡᠨ | ᠤ ᠠᠵᠢᠯᠯᠠᠭ᠎ᠠ ᠥᠷᠨᠢᠭᠦᠯᠪᠡ᠃ | ᠲᠣᠰ ᠤᠳᠠᠭᠠᠨ ᠤ ᠠᠵᠢᠯᠯᠠᠭ᠎ᠠ ᠳᠤ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ | ᠬᠤᠶᠠᠳᠤᠭᠠᠷ ᠬᠠᠷᠢᠶᠠᠲᠤ ᠡᠮᠨᠡᠯᠭᠡ ᠶᠢᠨ ᠬᠤᠷᠢᠶ᠎ᠠ ᠶᠢᠨ ᠶᠠᠰᠤ ᠰᠡᠶᠢᠷᠡᠭᠵᠢᠭᠦᠯᠬᠦ ᠰᠠᠯᠠᠭᠠᠨ ᠤ ᠡᠷᠬᠢᠯᠡᠭᠴᠢ᠂ ᠣᠯᠠᠨ | ᠤᠯᠤᠰ ᠤᠨ ᠡᠪᠡᠳᠴᠢᠲᠡᠨ ᠤ ᠥᠷᠥᠭᠡ ᠶᠢᠨ ᠡᠷᠬᠢᠯᠡᠭᠴᠢ᠂ ᠠᠨᠠᠭᠠᠬᠤ ᠤᠬᠠᠭᠠᠨ ᠤ ᠳ᠋ᠣᠺᠲ᠋ᠣᠷ ᠳ᠋ᠦᠩ ᠮᠧᠶ | ᠫᠷᠤᠹᠧᠰᠰᠤᠷ ᠪᠦᠯᠬᠦᠮ ᠲᠠᠭᠠᠭᠤᠯᠤᠨ ᠢᠷᠡᠵᠠᠢ ᠃ | ᠳ᠋ᠦᠩ ᠮᠧᠶ ᠫᠷᠤᠹᠧᠰᠰᠤᠷ ᠤᠨ ᠲᠠᠨᠢᠯᠴᠠᠭᠤᠯᠤᠭᠰᠠᠨ ᠢᠶᠠᠷ᠂ 12 ᠤᠨ ᠡᠳᠦᠷ᠂ ᠲᠤᠰᠬᠠᠶ ᠮᠡᠷᠭᠡᠵᠢᠯᠲᠡᠨ ᠤ | ᠪᠦᠯᠬᠦᠮ ᠨᠡᠶᠢᠲᠡ 4 ᠮᠡᠰᠡ ᠵᠠᠰᠠᠯ ᠬᠢᠬᠦ ᠶᠢᠨ ᠬᠠᠮᠲᠤ ᠠᠯᠪᠠᠨ ᠵᠢᠷᠤᠮ ᠤᠨ ᠡᠮᠴᠢᠯᠡᠭᠡ ᠬᠢᠵᠦ᠂ 12 ᠤᠨ ᠡᠳᠦᠷ ᠲᠤ | ᠪᠦᠬᠦᠨ ᠢ ᠳᠠᠭᠤᠰᠬᠠᠨ᠎ᠠ᠃ | ᠲᠠᠷᠠᠭᠠᠴᠢ ᠶᠢᠨ ᠠᠯᠬᠤᠮ ᠳᠤ᠂ ᠵᠡᠭᠦᠨ ᠦᠵᠦᠮᠦᠴᠢᠨ ᠬᠤᠰᠢᠭᠤᠨ ᠳᠠᠬᠢ ᠡᠪᠡᠳᠴᠢᠲᠡᠨ ᠤ ᠬᠡᠷᠡᠭᠴᠡᠭᠡ | ᠱᠠᠭᠠᠷᠳᠠᠯᠭ᠎ᠠ ᠶᠢ ᠦᠨᠳᠦᠰᠦᠯᠡᠨ ᠣᠨᠣᠰᠢᠯᠠᠨ ᠡᠮᠨᠡᠬᠦ ᠠᠵᠢᠯᠯᠠᠭ᠎ᠠ ᠲᠣᠬᠢᠷᠠᠭᠤᠯᠤᠨ᠂ ᠡᠪᠡᠳᠴᠢᠲᠡᠨ ᠳᠤ ᠳᠥᠭᠦᠮ | ᠳᠥᠲᠡ᠂ ᠥᠨᠳᠥᠷ ᠪᠦᠲᠦᠮᠵᠢᠲᠡᠶ ᠣᠨᠣᠰᠢᠯᠠᠨ ᠡᠮᠨᠡᠬᠦ ᠵᠠᠮ ᠢ ᠤᠯᠠᠮ ᠨᠢᠭᠡ ᠠᠯᠬᠤᠮ ᠨᠡᠭᠡᠭᠡᠵᠦ᠂ ᠡᠪᠡᠳᠴᠢᠲᠡᠨ ᠢ | ᠬᠡᠷ ᠤᠨ ᠡᠭᠦᠳᠡᠨ ᠳᠤ ᠪᠠᠨ ᠴᠢᠨᠠᠷ ᠰᠠᠶᠢᠲᠠᠶ ᠶᠠᠰᠤᠨ ᠤ ᠰᠠᠯᠠᠭᠠᠨ ᠤ ᠡᠮᠴᠢᠯᠡᠭᠡᠨ ᠤ ᠡᠬᠢ ᠪᠠᠶᠠᠯᠢᠭ ᠲᠠᠢ ᠪᠤᠯᠭᠠᠵᠦ᠂ | ᠡᠷᠡᠭᠦᠯ ᠮᠡᠨᠳᠦ ᠶᠢᠨ ᠰᠠᠬᠢᠨ ᠬᠠᠮᠠᠭᠠᠯᠠᠯᠲᠠ ᠶᠢᠨ ︽ᠡᠴᠦᠰ ᠤᠨ ᠨᠢᠭᠡ ᠺᠢᠯᠣᠮᠧᠲᠷ 》 ᠢ ᠨᠡᠪᠲᠡᠷᠡᠭᠦᠯᠬᠦ ᠪᠠᠷ | ᠴᠢᠷᠮᠠᠶᠢᠨ᠎ᠠ ᠭᠡᠵᠠᠢ ᠃ |