4 ᠰᠠᠷ᠎ᠠ ᠶᠢᠨ 7 ᠠᠴᠠ 9 ᠤ ᠡᠳᠦᠷ ᠪᠣᠯᠲᠠᠯ᠎ᠠ᠂ ᠳᠤᠮᠳᠠᠳᠤ ᠤᠯᠤᠰ ᠤᠨᠡᠪ ᠬᠠᠮᠲᠤ ᠨᠠᠮ ᠤᠨ ᠵᠡᠭᠦᠨ | ᠦᠵᠦᠮᠦᠴᠢᠨ ᠬᠤᠰᠢᠭᠤᠨ ᠤ ᠬᠤᠷᠢᠶ᠎ᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ | ᠳᠣᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠣᠩᠰᠢᠯᠠᠭ᠎ᠠ ᠶᠢᠨ ᠠᠩᠬᠢ ᠵᠢᠴᠢ ᠤᠨᠤᠯ ᠤᠨ ᠰᠣᠷᠣᠯᠴᠠᠭ᠎ᠠ ᠶᠢᠨ | ᠭᠤᠤᠯᠯᠠᠬᠤ ᠳᠤᠭᠤᠶᠢᠯᠠᠩ ᠤᠨ 2025 ᠣᠨ ᠤ ᠲᠠᠪᠤᠳᠤᠭᠠᠷ ᠣᠳᠠᠭᠠᠨ ᠤ ᠬᠠᠮᠲᠤ ᠶᠢᠨ ᠰᠤᠷᠤᠯᠴᠠᠯᠭ᠎ᠠ ᠡᠷᠬᠢᠯᠡᠵᠦ᠂ | ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ | ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ᠂ ᠪᠦᠬᠦ ᠬᠤᠰᠢᠭᠤᠨ ᠤ ᠰᠤᠷᠤᠯᠴᠠᠯᠭ᠎ᠠ | ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠬᠦ ᠶᠢ ᠠᠬᠢᠭᠤᠯᠵᠤ᠂ ᠰᠢᠯᠢᠳᠡᠭ ᠰᠤᠷᠲᠠᠯ ᠢᠶᠠᠷ ᠰᠡᠳᠬᠢᠯ ᠢᠶᠠᠨ | ᠨᠢᠭᠡᠳᠬᠡᠨ ᠬᠦᠴᠦ ᠪᠠᠨ ᠬᠠᠮᠲᠤᠳᠬᠠᠵᠤ᠂ ᠠᠵᠢᠯ ᠬᠢᠵᠦ ᠦᠢᠯᠡᠰ ᠪᠤᠰᠬᠠᠬᠤ ᠶᠢ ᠠᠬᠢᠭᠤᠯᠪᠠ᠃ | ᠬᠤᠰᠢᠭᠤ ᠨᠠᠮ ᠤᠨ ᠬᠤᠷᠢᠶᠠᠨ ᠤ ᠱᠦᠵᠢ ᠵᠧᠦ ᠢᠦᠢ ᠯᠦᠩ ᠬᠤᠷᠠᠯ ᠢ ᠡᠷᠭᠢᠯᠡᠵᠦ᠂ ᠪᠥᠬᠦ ᠬᠤᠰᠢᠭᠤᠨ ᠤ | ᠳᠡᠳ᠋ ᠭᠠᠵᠠᠷ ᠤᠨ ᠲᠠᠰ ᠠᠴᠠ ᠳᠡᠭᠡᠭᠰᠢᠬᠢ ᠤᠳᠤᠷᠢᠳᠬᠤ ᠺᠠᠳ᠋ᠷᠴᠤᠳ ᠣᠷᠣᠯᠴᠠᠪᠠ ᠃ | ᠨᠣᠮ ᠤᠩᠰᠢᠬᠤ ᠠᠩᠭᠢ ᠶᠢ ᠲᠥᠪᠯᠡᠷᠡᠭᠦᠯᠦᠨ ᠳᠠᠭᠠᠭᠤᠯᠤᠨ ᠰᠤᠷᠤᠯᠴᠠᠬᠤ᠂ ᠲᠤᠰᠬᠠᠶ ᠰᠡᠳᠦᠪ ᠢᠶᠠᠷ | ᠬᠠᠪᠰᠤᠷᠤᠨ ᠵᠢᠯᠣᠭᠤᠳᠬᠤ᠂ ᠰᠣᠯᠢᠯᠴᠠᠵᠤ ᠰᠤᠳᠤᠯᠤᠨ ᠶᠠᠷᠢᠯᠴᠠᠬᠤ ᠵᠡᠷᠭᠡ ᠠᠷᠭ᠎ᠠ ᠮᠠᠶ᠋ᠢᠭ ᠢᠶᠠᠷ ᠶᠠᠪᠤᠭᠳᠠᠭᠤᠯᠪᠠ᠃ | ᠰᠤᠷᠤᠯᠴᠠᠯᠭ᠎ᠠ ᠳᠤ ᠣᠷᠣᠯᠴᠠᠭᠰᠠᠨ ᠨᠥᠬᠦᠳ ᠠᠴᠠ《 ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ | ᠶᠢ ᠴᠢᠩᠭᠠᠳᠬᠠᠬᠤ ᠲᠤᠬᠠᠢ ᠥᠭᠦᠯᠡᠯᠲᠡ ᠶᠢᠨ ᠲᠡᠭᠦᠪᠦᠷᠢ 》 ᠪᠣᠯᠤᠨ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ | ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠵᠡᠷᠭᠡ ᠪᠢᠴᠢᠭ ᠮᠠᠲ᠋ᠧᠷᠢᠶᠠᠯ ᠢ ᠲᠡᠷᠡ ᠬᠡᠪ ᠢᠶᠠᠷ ᠨᠢ᠂ | ᠪᠦᠯᠦᠭ ᠪᠦᠯᠦᠭ ᠳᠠᠷᠠᠭᠠᠯᠠᠨ ᠰᠤᠷᠤᠯᠴᠠᠵᠤ᠂ ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠨᠠᠮ ᠤᠨ ᠲᠡᠦᠬᠡ | ᠨᠠᠮ ᠤᠨ ᠪᠠᠶᠢᠭᠤᠯᠤᠯᠲᠠ ᠶᠢ ᠵᠢᠭᠠᠨ ᠰᠤᠳᠤᠯᠬᠤ ᠬᠡᠯᠲᠡᠰ ᠤᠨ ᠳᠡᠳ᠋ ᠫᠷᠤᠹᠧᠰᠰᠤᠷ ᠵᠤᠤ ᠱᠤ᠋ ᠹᠠᠩ ᠤᠨ ᠲᠤᠰᠬᠠᠢ | ᠰᠡᠳᠦᠪᠲᠦ ᠬᠠᠪᠰᠤᠷᠤᠨ ᠵᠢᠯᠤᠭᠤᠳᠤᠯᠭ᠎ᠠ ᠶᠢ ᠰᠣᠨᠣᠰᠴᠤ᠂ ᠲᠤᠰ ᠪᠡᠶ᠎ᠡ ᠶᠢᠨ ᠦᠵᠡᠯ ᠰᠠᠨᠠᠭ᠎ᠠ ᠪᠣᠯᠤᠨ ᠠᠵᠢᠯ ᠤᠨ | ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠭᠦᠨᠵᠡᠭᠡᠢ ᠰᠣᠯᠢᠯᠴᠠᠨ ᠰᠤᠳᠤᠯᠤᠨ ᠶᠠᠷᠢᠯᠴᠠᠵᠤ᠂ ᠪᠦᠬᠦ ᠬᠤᠰᠢᠭᠤᠨ | ᠤ ᠰᠤᠷᠤᠯᠴᠠᠯᠭ᠎ᠠ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠵᠢᠱᠢᠶ᠎ᠡ ᠦᠵᠡᠭᠦᠯᠦᠨ ᠳᠠᠶᠢᠴᠢᠯᠠᠪᠠ ᠃ | ᠬᠤᠷᠠᠯ ᠠᠴᠠ ᠵᠢᠭᠠᠬᠤ ᠳᠠᠭᠠᠨ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠣᠯ ᠭᠤᠣᠯ ᠰᠡᠳᠦᠪᠲᠦ ᠬᠥᠮᠦᠵᠢᠯ ᠪᠣᠯᠤᠨ ᠨᠠᠮ ᠤᠨ | ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠬᠦ᠂ ᠪᠦᠬᠦ | ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠨᠠᠮ ᠤᠯᠠᠨ | ᠲᠦᠮᠡᠨ ᠺᠠᠳ᠋ᠷ ᠤᠯᠠᠨ ᠲᠦᠮᠡᠨ ᠤ ᠬᠠᠷᠢᠴᠠᠭ᠎ᠠ ᠶᠢ ᠨᠢᠭᠲᠠᠷᠠᠭᠤᠯᠬᠤ᠂ ᠨᠠᠮ ᠤᠨ ᠲᠦᠷᠦ ᠪᠠᠷᠢᠬᠤ ᠰᠠᠭᠤᠷᠢ ᠶᠢ | ᠪᠠᠬᠢᠵᠢᠭᠦᠯᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ | ᠶᠢ ᠠᠬᠢᠭᠤᠯᠬᠤ ᠬᠦᠴᠦᠲᠡᠢ ᠪᠠᠲᠤᠯᠠᠭ᠎ᠠ ᠮᠥᠨ᠃ ᠪᠥᠬᠦ ᠬᠤᠰᠢᠭᠤ ᠪᠠᠷ ᠢᠶᠠᠨ ᠶᠡᠷᠦᠩᠬᠡᠶ ᠱᠦᠵᠢ ᠰᠢ ᠶᠢᠨ ᠫᠢᠩ ᠤᠨ | ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠪᠣᠯᠤᠨ ᠲᠥᠪ ᠤᠨ | ᠨᠠᠶᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠭᠦᠨᠵᠡᠭᠡᠶ | ᠰᠤᠷᠤᠯᠴᠠᠵᠤ᠂ 《 ᠬᠤᠶᠠᠷ ᠢ ᠲᠣᠭᠲᠠᠭᠠᠬᠤ 》 ᠶᠢᠨ ᠰᠢᠶᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠶ | ᠣᠶᠢᠯᠠᠭᠠᠵᠤ᠂ 《 ᠳᠥᠷᠪᠡᠨ ᠤᠬᠠᠮᠰᠠᠷ 》 ᠢᠶᠠᠨ ᠴᠢᠩᠭᠠᠳᠬᠠᠵᠤ᠂ 《 ᠳᠥᠷᠪᠡᠨ ᠢᠲᠡᠭᠡᠯ 》 ᠢᠶᠠᠨ | ᠪᠠᠲᠤᠳᠬᠠᠵᠤ᠂ 《 ᠬᠤᠶᠠᠷ ᠢ ᠬᠠᠮᠠᠭᠠᠯᠠᠬᠤ 》 ᠶᠢ ᠪᠡᠶᠡᠯᠡᠭᠦᠯᠬᠦ ᠬᠡᠷᠡᠭᠲᠡᠶ ᠃ ᠵᠣᠬᠢᠶᠠᠨ ᠪᠠᠶᠢᠭᠤᠯᠵᠤ | ᠤᠳᠤᠷᠢᠳᠬᠤ ᠪᠠᠨ ᠴᠢᠩᠭᠠᠳᠬᠠᠵᠤ᠂ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ 《 ᠭᠦᠨᠵᠡᠭᠡᠢ | ᠰᠤᠷᠤᠯᠴᠠᠨ ᠨᠡᠪᠳᠡᠷᠡᠳᠡᠯ᠎ᠡ ᠣᠶᠢᠯᠠᠭᠠᠬᠤ 》᠂ 《 ᠦᠨᠡᠨ ᠪᠠᠶᠢᠴᠠᠭᠠᠨ ᠪᠣᠳᠠᠲᠠᠢ ᠰᠠᠶᠢᠵᠢᠷᠠᠭᠤᠯᠬᠤ 》᠂ | 《 ᠰᠣᠷᠣᠯᠴᠠᠯᠭ᠎ᠠ ᠪᠠᠷ ᠠᠵᠢᠯᠯᠠᠬᠤ ᠶᠢ ᠠᠬᠢᠭᠤᠯᠬᠤ 》 ᠶᠢ ᠢᠮᠠᠭᠲᠠ ᠲᠤᠭᠤᠰᠢᠯᠠᠭᠤᠯᠵᠤ᠂ ᠰᠤᠷᠤᠯᠴᠠᠯᠭ᠎ᠠ | ᠬᠥᠮᠦᠵᠢᠯ ᠤᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠦᠨᠡᠨ ᠪᠣᠳᠠᠲᠠᠢ ᠦᠷ᠎ᠡ | ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠭᠡᠵᠡᠢ᠃ |