ᠨᠢᠭᠡᠳᠦᠭᠡᠷ ᠤᠯᠠᠷᠢᠯ ᠳᠤ ᠪᠥᠬᠦ ᠣᠷᠣᠨ ᠤ ᠮᠡᠷᠭᠡᠵᠢᠯ ᠤᠨ ᠭᠡᠷ᠎ᠡ ᠶᠢᠨ ᠳᠠᠩᠰᠠᠯᠠᠯᠲᠠ ︽ᠰᠠᠶᠢᠨ ᠡᠬᠢᠯᠡᠯᠲᠡ︾ | ᠶᠢ ᠪᠡᠶᠡᠯᠡᠭᠦᠯᠪᠡ᠃ ᠨᠢᠭᠡᠳᠦᠭᠡᠷ ᠤᠯᠠᠷᠢᠯ ᠳᠤ᠂ ᠪᠥᠬᠦ ᠣᠷᠣᠨ ᠳᠤ ᠡᠯ᠎ᠡ ᠲᠥᠷᠥᠯ ᠤᠨ ᠮᠡᠷᠭᠡᠵᠢᠯ ᠤᠨ ᠭᠡᠷ᠎ᠡ ᠶᠢ | ᠨᠡᠶᠢᠲᠡ 675 ᠵᠦᠢᠯ ᠬᠢᠨᠠᠨ ᠲᠣᠭᠲᠠᠭᠠᠨ ᠳᠡᠩᠰᠡᠯᠡᠵᠦ᠂ ᠮᠡᠷᠭᠡᠵᠢᠯ ᠤᠨ ᠭᠡᠷ᠎ᠡ ᠶᠢᠨ ᠠᠷᠠᠯᠵᠢᠭᠰᠠᠨ ᠲᠤᠭ᠎ᠠ | 11.67 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ ᠲᠣᠰ ᠲᠣᠰ 113. | 61% ᠪᠠ 110.16% ᠪᠠᠷ ᠨᠡᠮᠡᠭᠳᠡᠪᠡ᠃ ᠳᠠᠩᠰᠠᠯᠠᠭᠤᠯᠤᠭᠰᠠᠨ ᠬᠤᠲᠠ ᠠᠴᠠ ᠠᠪᠴᠤ ᠦᠵᠡᠪᠡᠯ᠂ | ᠮᠡᠷᠭᠡᠵᠢᠯ ᠤᠨ ᠠᠷᠠᠯᠵᠢᠶ᠎ᠠ ᠨᠡᠯᠢᠶᠡᠳ ᠬᠥᠭᠵᠢᠶᠡᠨᠲᠡᠶ ᠪᠠᠶᠢᠭ᠎ᠠ ᠭᠠᠵᠠᠷ ᠣᠷᠣᠨ ᠪᠣᠯ ᠬᠥᠬᠡᠬᠤᠲᠠ᠂ ᠪᠤᠭᠤᠲᠤ ᠪᠠ | ᠣᠷᠳᠣᠰ ᠪᠠᠶᠢᠵᠤ᠂ ᠭᠤᠷᠪᠠᠨ ᠭᠠᠵᠠᠷ ᠤᠨ ᠨᠡᠶᠢᠲᠡ ᠳᠠᠩᠰᠠᠯᠠᠭᠰᠠᠨ ᠲᠤᠭ᠎ᠠ᠂ ᠵᠣᠭᠤᠰ ᠤᠨ ᠲᠤᠭ᠎ᠠ ᠨᠢ ᠲᠤᠰ ᠲᠤᠰ | ᠪᠦᠬᠦ ᠣᠷᠣᠨ ᠤ ᠳᠠᠩᠰᠠᠯᠠᠭᠰᠠᠨ ᠶᠡᠷᠦᠩᠬᠡᠢ ᠲᠣᠭᠠᠨ ᠤ 64.59% ᠪᠠ 63.92% ᠢ ᠡᠵᠡᠯᠡᠵᠦ ᠪᠤᠶ᠃ | ᠭᠡᠷ᠎ᠡ ᠶᠢᠨ ᠲᠥᠷᠥᠯ ᠠᠴᠠ ᠠᠪᠴᠤ ᠦᠵᠡᠪᠡᠯ᠂ ᠮᠡᠷᠭᠡᠵᠢᠯ ᠤᠨ ᠨᠡᠭᠡᠭᠡᠯᠲᠡ ᠪᠠ ᠮᠡᠷᠭᠡᠵᠢᠯ ᠤᠨ ᠦᠢᠯᠡᠴᠢᠯᠡᠭᠡ ᠪᠠᠷ | ᠭᠤᠣᠯ ᠪᠣᠯᠭᠠᠵᠤ᠂ ᠶᠡᠷᠦᠩᠬᠡᠢ ᠲᠣᠭᠠᠨ ᠤ 87.54% ᠶᠢ ᠡᠵᠡᠯᠡᠪᠡ᠃ ᠳᠠᠩᠰᠠᠯᠠᠭᠤᠯᠤᠭᠰᠠᠨ ᠮᠡᠷᠭᠡᠵᠢᠯ ᠤᠨ | ᠭᠡᠷ᠎ᠡ ᠳᠤ ᠬᠠᠷᠢᠶᠠᠯᠠᠭᠳᠠᠬᠤ ᠮᠡᠷᠭᠡᠵᠢᠯ ᠤᠨ ᠬᠦᠷᠢᠶ᠎ᠡ ᠳᠤ ᠭᠤᠤᠯᠳᠠᠭᠤ ᠡᠯᠧᠺᠲᠷᠣᠨ ᠮᠡᠳᠡᠭᠡ ᠵᠠᠩᠭᠢ ᠶᠢᠨ᠂ | ᠲᠠᠷᠢᠶᠠᠯᠠᠩ ᠤᠨ ᠬᠦᠷᠢᠶ᠎ᠡ ᠪᠠ ᠣᠷᠴᠢᠨ ᠲᠣᠭᠤᠷᠢᠨ ᠤ ᠬᠠᠮᠠᠭᠠᠯᠠᠯᠲᠠ ᠬᠢᠭᠡᠳ ᠡᠬᠢ ᠪᠠᠶᠠᠯᠢᠭ ᠤᠨ ᠠᠰᠢᠭᠯᠠᠯᠲᠠ ᠶᠢᠨ | ᠬᠦᠷᠢᠶᠡᠨ ᠳᠤ ᠲᠥᠪᠯᠡᠷᠡᠵᠦ᠂ ᠭᠤᠷᠪᠠᠨ ᠶᠡᠭᠡ ᠬᠦᠷᠢᠶᠡᠨ ᠤ ᠭᠡᠷ᠎ᠡ ᠶᠢᠨ ᠲᠤᠭ᠎ᠠ ᠨᠢ ᠪᠦᠬᠦ ᠣᠷᠣᠨ ᠤ 57. | 48% ᠶᠢ ᠡᠵᠡᠯᠡᠪᠡ᠃ ᠳᠠᠩᠰᠠᠯᠠᠭᠤᠯᠤᠭᠰᠠᠨ ᠭᠤᠣᠯ ᠴᠣᠭᠴᠠ ᠠᠴᠠ ᠠᠪᠴᠤ ᠦᠵᠡᠪᠡᠯ᠂ ᠠᠵᠤ ᠠᠬᠤᠶᠢᠯᠠᠯ ᠤᠨ | ᠳᠠᠩᠰᠠᠯᠠᠭᠤᠯᠤᠭᠰᠠᠨ ᠲᠤᠭ᠎ᠠ ᠬᠢᠭᠡᠳ ᠵᠣᠭᠤᠰ ᠤᠨ ᠲᠤᠭ᠎ᠠ ᠨᠢ ᠲᠤᠰ ᠲᠤᠰ ᠪᠦᠬᠦ ᠣᠷᠣᠨ ᠤ 54.07% ᠪᠠ 58. | 53% ᠶᠢ ᠡᠵᠡᠯᠡᠵᠦ︔ ᠶᠡᠭᠡ ᠳᠡᠭᠡᠳᠦ ᠰᠤᠷᠭᠠᠭᠤᠯᠢ ᠨᠤᠭᠤᠳ ᠤᠨ ᠳᠠᠩᠰᠠᠯᠠᠭᠤᠯᠤᠭᠰᠠᠨ ᠲᠤᠭ᠎ᠠ ᠬᠢᠭᠡᠳ | ᠵᠣᠭᠤᠰ ᠤᠨ ᠲᠤᠭ᠎ᠠ ᠨᠢ ᠴᠥᠮ ᠳᠠᠬᠢᠨ ᠢᠶᠠᠷ ᠨᠡᠮᠡᠭᠳᠡᠬᠦ ᠶᠢ ᠪᠡᠶᠡᠯᠡᠭᠦᠯᠵᠦ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠦᠷ᠎ᠡ ᠪᠦᠲᠦᠭᠡᠯ ᠭᠠᠷᠭᠠᠬᠤ ᠪᠠ ᠤᠯᠠᠷᠢᠭᠤᠯᠬᠤ ᠶᠢᠨ ᠲᠠᠯ᠎ᠠ ᠪᠠᠷ ᠬᠢ ᠨᠡᠮᠡᠭᠳᠡᠯ ᠤᠨ ᠬᠠᠨᠳᠤᠰᠢ | ᠬᠦᠴᠦᠲᠡᠢ ᠪᠠᠶᠢᠨ᠎ᠠ᠃ ︵ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ︶ |