ᠣᠳᠣᠬᠠᠨ ᠳᠤ ᠪᠦᠬᠦ ᠨᠠᠮ ᠢᠶᠠᠷ ᠢᠶᠠᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠵᠦ᠂ ᠰᠤᠷᠲᠠᠯ ᠤᠨ ᠪᠠᠶᠢᠭᠤᠯᠤᠯᠲᠠ ᠶᠢ | ᠭᠦᠨᠵᠡᠭᠡᠶᠢᠷᠡᠭᠦᠯᠦᠨ ᠠᠬᠢᠭᠤᠯᠵᠤ ᠪᠠᠶᠢᠨ᠎ᠠ᠃ ᠰᠤᠷᠲᠠᠯ ᠢ ᠰᠠᠶᠢᠵᠢᠷᠠᠭᠤᠯᠬᠤ ᠨᠢ ᠡᠯ᠎ᠡ ᠲᠠᠯ᠎ᠠ ᠳᠤ ᠬᠤᠯᠪᠣᠭᠳᠠᠵᠤ | ᠪᠠᠶᠢᠳᠠᠭ᠂ ᠡᠭᠦᠨ ᠳᠤ ᠰᠠᠶᠢᠨ ᠵᠣᠬᠢᠶᠠᠯ ᠤᠨ ᠰᠤᠷᠲᠠᠯ ᠬᠤᠷᠠᠯ ᠤᠨ ᠰᠤᠷᠲᠠᠯ ᠶᠠᠷᠢᠶᠠᠨ ᠤ ᠰᠤᠷᠲᠠᠯ ᠢ ᠪᠤᠶ ᠪᠣᠯᠭᠠᠬᠤ | ᠪᠣᠯ ᠰᠤᠷᠲᠠᠯ ᠤᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠪᠠᠶᠢᠴᠠᠭᠠᠨ ᠦᠵᠡᠬᠦ ᠴᠢᠬᠤᠯᠠ ᠪᠠᠷᠢᠮᠵᠢᠶ᠎ᠠ ᠮᠥᠨ᠂ | ᠨᠡᠩ ᠴᠤ ᠰᠤᠷᠲᠠᠯ ᠢ ᠦᠷᠭᠦᠯᠵᠢᠯᠡᠨ ᠰᠠᠶᠢᠵᠢᠷᠠᠭᠤᠯᠬᠤ ᠶᠢᠨ ᠤᠳᠬ᠎ᠠ ᠠᠭᠤᠯᠭ᠎ᠠ ᠮᠥᠨ᠃ ᠰᠤᠷᠲᠠᠯ ᠢ | ᠰᠠᠶᠢᠵᠢᠷᠠᠭᠤᠯᠬᠤ ᠪᠠ ᠵᠣᠬᠢᠶᠠᠯ ᠤᠨ ᠰᠤᠷᠲᠠᠯ ᠬᠤᠷᠠᠯ ᠤᠨ ᠰᠤᠷᠲᠠᠯ ᠶᠠᠷᠢᠶᠠᠨ ᠤ ᠰᠤᠷᠲᠠᠯ ᠢ ᠰᠠᠶᠢᠵᠢᠷᠠᠭᠤᠯᠬᠤ ᠶᠢ | ᠨᠢᠭᠡ ᠴᠤᠭᠴᠠᠵᠢᠭᠤᠯᠤᠨ ᠠᠬᠢᠭᠤᠯᠵᠤ᠂ ᠬᠠᠷᠢᠯᠴᠠᠨ ᠠᠬᠢᠭᠤᠯᠬᠤ ᠬᠡᠷᠡᠭᠲᠡᠢ᠃ | ᠵᠣᠬᠢᠶᠠᠯ ᠢ ᠶᠠᠭᠠᠬᠢᠵᠤ ᠪᠢᠴᠢᠬᠦ᠂ ᠬᠤᠷᠠᠯ ᠢ ᠶᠠᠭᠠᠬᠢᠵᠤ ᠬᠢᠬᠦ᠂ ᠦᠭᠡ ᠶᠢ ᠶᠠᠭᠠᠬᠢᠵᠤ ᠬᠡᠯᠡᠬᠦ ᠨᠢ ᠴᠥᠮ ᠨᠠᠮ ᠤᠨ | ᠭᠡᠰᠢᠭᠦᠨ ᠺᠠᠳ᠋ᠷᠴᠤᠳ ᠤᠨ ᠰᠤᠷᠲᠠᠯ ᠤᠨ ᠪᠠᠶᠢᠳᠠᠯ ᠢ ᠰᠢᠭᠤᠳ ᠲᠤᠰᠬᠠᠵᠤ᠂ ᠨᠠᠮ ᠪᠠ ᠵᠠᠰᠠᠭ ᠤᠨ ᠣᠷᠳᠣᠨ ᠤ | ᠤᠯᠠᠨ ᠲᠦᠮᠡᠨ ᠤ ᠰᠡᠳᠭᠢᠯ ᠳᠠᠬᠢ ᠲᠦᠷᠢ ᠲᠥᠷᠬᠦ ᠲᠠᠢ ᠰᠢᠭᠤᠳ ᠬᠤᠯᠪᠣᠭᠳᠠᠵᠤ ᠪᠠᠶᠢᠳᠠᠭ᠃ ᠠᠯᠢ ᠡᠷᠲᠡ | ᠲᠥᠪ ᠤᠨ ᠨᠠᠢᠮᠠᠨ ᠲᠣᠭᠲᠠᠭᠠᠯ ᠢ ᠨᠡᠶᠢᠲᠡᠯᠡᠭᠰᠡᠨ ᠡᠬᠢᠨ ᠤ ᠦᠶ᠎ᠡ ᠳᠤ᠂ ᠨᠠᠮ ᠤᠨ ᠲᠥᠪ ᠬᠤᠷᠢᠶ᠎ᠠ ᠠᠴᠠ ᠪᠢᠴᠢᠭ | ᠮᠠᠲ᠋ᠧᠷᠢᠶᠠᠯ ᠢ ᠴᠣᠮᠬᠠᠳᠬᠠᠬᠤ ᠬᠤᠷᠠᠯ ᠢ ᠳᠦᠭᠦᠮᠴᠢᠯᠡᠬᠦ ᠵᠡᠷᠭᠡ ᠲᠠᠯ᠎ᠠ ᠪᠠᠷ ᠲᠣᠳᠣᠷᠬᠠᠶ ᠱᠠᠭᠠᠷᠳᠠᠯᠭ᠎ᠠ ᠳᠤᠷᠠᠳᠴᠤ᠂ | ᠳᠡᠭᠡᠳᠦ ᠱᠠᠲᠤ ᠨᠢ ᠳᠤᠤᠷᠠᠳᠤ ᠱᠠᠲᠤ ᠪᠠᠨ ᠳᠠᠭᠠᠭᠤᠯᠤᠨ ᠵᠢᠱᠢᠶ᠎ᠡ ᠦᠵᠡᠭᠦᠯᠵᠦ᠂ ᠬᠡᠪ ᠳᠠᠭᠤᠷᠢᠶᠠᠯ ᠦᠵᠡᠭᠦᠯᠦᠭᠰᠡᠨ | ᠶᠤᠮ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠳᠤ᠂ | ᠴᠠᠭ ᠢᠮᠠᠭᠲᠠ ᠪᠠᠷᠢᠮᠵᠢᠶᠠᠯᠠᠨ ᠬᠠᠷᠭᠤᠭᠤᠯᠵᠤ᠂ ᠵᠣᠬᠢᠶᠠᠯ ᠤᠨ ᠰᠤᠷᠲᠠᠯ ᠬᠤᠷᠠᠯ ᠤᠨ ᠰᠤᠷᠲᠠᠯ ᠶᠠᠷᠢᠶᠠᠨ ᠤ | ᠰᠤᠷᠲᠠᠯ ᠢ ᠰᠠᠶᠢᠵᠢᠷᠠᠭᠤᠯᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠤᠯᠠᠨ ᠲᠦᠮᠡᠨ ᠤ ᠨᠢᠳᠤᠨ ᠳᠤ ᠦᠵᠡᠭᠳᠡᠮ᠎ᠡ | ᠬᠤᠪᠢᠷᠠᠯᠲᠠ ᠪᠠᠷ ᠰᠤᠷᠲᠠᠯ ᠤᠨ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠶᠢ ᠢᠯᠡᠷᠡᠭᠦᠯᠬᠦ ᠬᠡᠷᠡᠭᠲᠡᠢ᠃ | ᠵᠣᠬᠢᠶᠠᠯ ᠤᠨ ᠰᠤᠷᠲᠠᠯ ᠳᠤ ᠶᠠᠭᠤ ᠶᠢ ᠦᠭᠡᠷᠡᠴᠢᠯᠡᠬᠦ ᠪᠤᠢ︖ ᠣᠶᠢᠯᠠᠭᠠᠭᠳᠠᠰᠢ ᠦᠭᠡᠢ ᠪᠦᠳᠡᠭᠢ ᠪᠠᠯᠠᠷᠬᠠᠢ | ᠦᠭᠡ ᠬᠡᠯᠡᠯᠭᠡ ᠪᠠᠨ ᠥᠭᠡᠷᠡᠴᠢᠯᠡᠵᠦ᠂ ᠪᠣᠳᠠᠲᠠᠢ ᠶᠠᠭᠤᠮ᠎ᠠ ᠦᠭᠡᠢ ᠠᠭᠤᠯᠭ᠎ᠠ ᠶᠢ ᠥᠭᠡᠷᠡᠴᠢᠯᠡᠵᠦ᠂ ᠬᠠᠯᠲᠤᠰᠭᠢᠪᠡᠯ | ᠵᠤᠷᠢᠭᠤᠲᠠ ᠵᠠᠷᠢᠮ ᠬᠠᠮᠢᠶ᠎ᠠ ᠪᠦᠬᠦᠢ ᠵᠦᠢᠯ ᠢ ᠨᠡᠮᠡᠵᠦ ᠤᠷᠤᠭᠤᠯᠬᠤ ᠬᠡᠪ ᠨᠠᠮᠪᠠ ᠪᠠᠨ ᠥᠭᠡᠷᠡᠴᠢᠯᠡᠵᠦ᠂ ᠤᠷᠲᠤ | ᠬᠠᠭᠤᠳᠠᠰᠤ ᠣᠯᠠᠨᠲᠠᠢ ᠬᠡᠯᠪᠡᠷᠢ ᠶᠢ ᠥᠭᠡᠷᠡᠴᠢᠯᠡᠵᠦ᠂ ᠥᠨᠳᠥᠷ ᠳᠡᠭᠡᠷ᠎ᠡ ᠠᠴᠠ ᠥᠡᠭᠭᠡᠶᠢᠵᠦ ᠬᠠᠷᠠᠬᠤ ᠨᠣᠮᠯᠠᠯ ᠢᠶᠠᠨ | ᠥᠭᠡᠷᠡᠴᠢᠯᠡᠬᠦ ᠬᠡᠷᠡᠭᠲᠡᠢ᠃ ᠵᠣᠬᠢᠶᠠᠯ ᠢ ᠬᠠᠭᠠᠰ ᠬᠤᠭᠤᠰᠣᠨ ᠪᠢᠴᠢᠬᠦ ᠦᠭᠡᠢ᠂ ᠪᠢᠴᠢᠭ ᠮᠠᠲ᠋ᠧᠷᠢᠶᠠᠯ ᠳᠤ ᠵᠢᠭᠠᠬᠠᠨ | ᠴᠤ ᠬᠡᠷᠡᠭ ᠦᠭᠡᠢ ᠠᠭᠤᠯᠭ᠎ᠠ ᠣᠷᠣᠭᠤᠯᠬᠤ ᠦᠭᠡᠢ᠂ ᠦᠭᠡ ᠬᠡᠯᠡ ᠨᠢ ᠡᠶᠡᠯᠰᠡᠭ ᠪᠣᠷᠣᠭᠵᠢᠭᠤᠨ᠂ ᠠᠭᠤᠯᠭ᠎ᠠ ᠨᠢ | ᠰᠢᠭᠤᠳ ᠰᠢᠯᠤᠭᠤᠨ ᠪᠠᠶᠢᠪᠠᠯ ᠺᠠᠳ᠋ᠷ ᠤᠯᠠᠨ ᠲᠦᠮᠡᠨ ᠰᠠᠶ᠋ᠢ ᠣᠶᠢᠯᠠᠭᠠᠵᠤ᠂ ᠲᠦᠬᠦᠭᠡᠷᠴᠦ ᠴᠢᠳᠠᠨ᠎ᠠ᠃ | ᠬᠤᠷᠠᠯ ᠤᠨ ᠰᠤᠷᠲᠠᠯ ᠳᠤ ᠶᠠᠭᠤ ᠶᠢ ᠦᠭᠡᠷᠡᠴᠢᠯᠡᠬᠦ ᠪᠤᠢ︖ ︽ᠮᠠᠷᠠᠰᠤᠨ ᠮᠠᠶ᠋ᠢᠭ︾ ᠤᠨ ᠬᠤᠷᠠᠯ ᠢ | ᠥᠭᠡᠷᠡᠴᠢᠯᠡᠵᠦ᠂ ᠬᠤᠷᠠᠯ ᠬᠢᠬᠦ ᠳᠤ ︽ᠡᠭᠡᠯᠵᠢᠯᠡᠨ ᠨᠤᠤᠷᠠᠭ ᠤᠩᠰᠢᠬᠤ︾ ᠶᠢ ᠥᠭᠡᠷᠡᠴᠢᠯᠡᠵᠦ᠂ ᠱᠠᠳᠤ ᠱᠠᠳᠤ ᠪᠠᠷ | ᠪᠠᠷ᠎ᠠ ᠪᠣᠯᠬᠤ ᠬᠤᠷᠠᠯ ᠢ ᠥᠭᠡᠷᠡᠴᠢᠯᠡᠵᠦ᠂ ᠬᠤᠷᠠᠯ ᠬᠢᠬᠦ ᠶᠢᠨ ᠲᠥᠯᠥᠭᠡ ᠬᠤᠷᠠᠯ ᠬᠢᠬᠦ ᠶᠢ ᠥᠭᠡᠷᠡᠴᠢᠯᠡᠵᠦ᠂ | ᠬᠡᠯᠪᠡᠷᠢ ᠶᠢ ᠴᠢᠬᠤᠯᠠᠴᠢᠯᠠᠭᠠᠳ ᠠᠭᠤᠯᠭ᠎ᠠ ᠦᠭᠡᠢ ᠬᠤᠷᠠᠯ ᠢ ᠥᠭᠡᠷᠡᠴᠢᠯᠡᠬᠦ ᠬᠡᠷᠡᠭᠲᠡᠢ᠃ ᠴᠥᠭᠡᠨ ᠬᠤᠷᠠᠯ ᠬᠢᠵᠦ᠂ | ᠣᠬᠤᠷ ᠬᠤᠷᠠᠯ ᠬᠢᠵᠦ᠂ ᠬᠡᠷᠡᠭᠴᠡᠭᠡ ᠲᠠᠢ ᠬᠤᠷᠠᠯ ᠬᠢᠵᠦ᠂ ᠺᠠᠳ᠋ᠷᠴᠤᠳ ᠤᠨ ᠠᠵᠢᠯ ᠤᠨ ᠡᠷᠴᠢ ᠶᠢ ᠠᠷᠪᠢᠯᠠᠨ | ᠭᠠᠷᠭᠠᠵᠤ ᠨᠢᠭᠡᠳᠦᠭᠡᠷ ᠹᠷᠣᠨᠲ ᠲᠤ ᠣᠴᠢᠭᠤᠯᠵᠤ᠂ ᠤᠯᠠᠨ ᠲᠦᠮᠡᠨ ᠤ ᠳᠤᠮᠳᠠ ᠣᠴᠢᠭᠤᠯᠬᠤ ᠬᠡᠷᠡᠭᠲᠡᠢ᠃ | ᠶᠠᠷᠢᠶᠠᠨ ᠤ ᠰᠤᠷᠲᠠᠯ ᠳᠤ ᠶᠠᠭᠤ ᠶᠢ ᠦᠭᠡᠷᠡᠴᠢᠯᠡᠬᠦ ᠪᠣᠶ︖ ᠰᠢᠯᠲᠠᠭᠯᠠᠬᠤ ᠲᠦᠯᠬᠢᠯᠴᠡᠬᠦ ᠶᠢ ᠦᠭᠡᠷᠡᠴᠢᠯᠡᠵᠦ᠂ | ᠯᠠᠷᠵᠢᠶ᠎ᠠ ᠲᠠᠳᠠᠬᠤ ᠶᠢ ᠦᠭᠡᠷᠡᠴᠢᠯᠡᠵᠦ᠂ ᠪᠢᠯᠳᠠᠤᠴᠢᠯᠠᠨ ᠲᠤᠯᠳᠦ᠋ᠢᠳᠬᠤ ᠶᠢ ᠦᠭᠡᠷᠡᠴᠢᠯᠡᠵᠦ᠂ ᠨᠤᠷᠰᠢᠬᠤ ᠶᠢ | ᠦᠭᠡᠷᠡᠴᠢᠯᠡᠨ᠎ᠡ᠃ ᠶᠠᠷᠢᠶᠠᠨ ᠤ ᠬᠡᠯᠡ ᠪᠠᠷ ᠢᠯᠡᠭᠦᠬᠡᠨ ᠶᠠᠷᠢᠵᠤ᠂ ᠦᠨᠡᠨ ᠰᠡᠳᠭᠢᠯ ᠤᠨ ᠦᠭᠡ ᠪᠠᠨ ᠵᠣᠷᠢᠭᠲᠠᠶ | ᠶᠠᠷᠢᠵᠤ᠂ ︽ᠵᠥᠪ ᠴᠠᠯᠴᠢᠶ᠎ᠠ᠂ ᠭᠤᠶᠣ ᠬᠤᠭᠤᠰᠣᠨ ᠦᠭᠡ᠂ ᠴᠢᠩᠭ᠎ᠠ ᠵᠤᠷᠰᠢᠯ ᠤᠨ ᠦᠭᠡ︾ ᠶᠢ ᠡᠷᠡᠰ | ᠲᠠᠶᠠᠭᠳᠠᠬᠤ ᠬᠡᠷᠡᠭᠲᠡᠶ᠃ | ᠵᠣᠬᠢᠶᠠᠯ ᠤᠨ ᠰᠤᠷᠲᠠᠯ᠂ ᠬᠤᠷᠠᠯ ᠤᠨ ᠰᠤᠷᠲᠠᠯ᠂ ᠶᠠᠷᠢᠶᠠᠨ ᠤ ᠰᠤᠷᠲᠠᠯ ᠳᠠᠬᠢ ᠵᠠᠷᠢᠮ ᠮᠠᠭᠤ ᠵᠠᠩ ᠰᠤᠷᠲᠠᠯ ᠨᠢ | ᠰᠤᠷᠲᠠᠯ ᠤᠨ ᠦᠨᠳᠦᠰᠦ ᠨᠢ ᠴᠢᠩᠭ᠎ᠠ ᠪᠢᠰᠢ᠂ ᠪᠣᠳᠠᠲᠠᠶ ᠪᠢᠰᠢ ᠳᠤ ᠪᠠᠶᠢᠨ᠎ᠠ᠃ ᠨᠢᠭᠡᠳᠦᠭᠡᠷ ᠹᠷᠣᠨᠲ ᠲᠤ ᠦᠨᠡᠨ ᠬᠦ | ᠭᠦᠨᠵᠡᠭᠡᠶᠢᠷᠡᠨ ᠠᠷᠠᠳ ᠤᠨ ᠪᠠᠶᠢᠳᠠᠯ ᠢ ᠣᠶᠢᠯᠠᠭᠠᠬᠤ ᠦᠭᠡᠢ ᠪᠣᠯ ᠦᠵᠡᠯ ᠰᠠᠨᠠᠭ᠎ᠠ ᠲᠠᠢ ᠬᠠᠯᠠᠭᠤᠨ ᠳᠤᠯᠠᠭᠠᠨ ᠰᠠᠶᠢᠨ | ᠵᠣᠬᠢᠶᠠᠯ ᠪᠢᠴᠢᠵᠦ ᠴᠢᠳᠠᠬᠤ ᠦᠭᠡᠢ ᠶᠤᠮ︔ ᠠᠰᠠᠭᠤᠳᠠᠯ ᠳᠤ ᠴᠢᠭᠯᠡᠭᠦᠯᠦᠨ ᠨᠠᠷᠢᠨ ᠬᠢᠨᠠᠮᠠᠭᠠᠶ ᠠᠵᠢᠯᠯᠠᠬᠤ ᠦᠭᠡᠶ | ᠪᠣᠯ ︽ᠬᠤᠷᠠᠯ ᠢᠶᠠᠷ ᠬᠤᠷᠠᠯ ᠢ ᠲᠤᠭᠤᠰᠢᠯᠠᠭᠤᠯᠬᠤ︾ ᠬᠠᠴᠢᠨ ᠲᠣᠭᠤᠷᠢᠭ ᠲᠤ ᠠᠮᠠᠷᠬᠠᠨ ᠣᠷᠣᠬᠤ ᠪᠣᠯᠤᠨ᠎ᠠ︔ | ᠰᠠᠨᠠᠭᠠᠴᠢᠯᠠᠭ᠎ᠠ ᠠᠴᠠ ᠪᠠᠨ ᠤᠯᠠᠨ ᠲᠦᠮᠡᠨ ᠳᠤ ᠰᠡᠳᠭᠢᠯ ᠤᠨ ᠦᠭᠡ ᠪᠠᠨ ᠬᠡᠯᠡᠬᠦ ᠦᠭᠡᠢ ᠪᠣᠯ ᠠᠷᠠᠳ ᠤᠯᠠᠨ ᠤ | ᠰᠡᠳᠭᠢᠯ ᠳᠤ ᠬᠦᠷᠬᠦ ᠦᠭᠡ ᠶᠢ ᠬᠡᠯᠡᠵᠦ ᠴᠢᠳᠠᠬᠤ ᠦᠭᠡᠢ ᠶᠤᠮ᠃ ᠵᠣᠬᠢᠶᠠᠯ ᠤᠨ ᠰᠤᠷᠲᠠᠯ ᠬᠤᠷᠠᠯ ᠤᠨ ᠰᠤᠷᠲᠠᠯ | ᠶᠠᠷᠢᠶᠠᠨ ᠤ ᠰᠤᠷᠲᠠᠯ ᠢ ᠥᠭᠡᠷᠡᠴᠢᠯᠡᠬᠦ ᠭᠡᠳᠡᠭ ᠨᠢ ᠦᠨᠡᠨ ᠳᠡᠭᠡᠨ ᠰᠤᠷᠲᠠᠯ ᠢ ᠰᠠᠶᠢᠵᠢᠷᠠᠭᠤᠯᠵᠤ᠂ ᠬᠡᠢ ᠬᠤᠭᠤᠰᠣᠨ | ᠭᠠᠪᠢᠶ᠎ᠠ ᠶᠢ ᠴᠡᠭᠡᠷᠯᠡᠬᠦ ᠶᠠᠪᠤᠳᠠᠯ ᠮᠥᠨ᠃ | ᠰᠤᠷᠲᠠᠯ ᠪᠣᠯ ᠳᠠᠷᠤᠶ ᠳᠦᠷᠢ ᠲᠥᠷᠬᠦ ᠮᠥᠨ᠂ ᠰᠤᠷᠲᠠᠯ ᠪᠣᠯ ᠳᠠᠷᠤᠶ ᠬᠦᠴᠦᠨ ᠴᠢᠳᠠᠯ ᠮᠥᠨ᠃ | ᠰᠤᠷᠤᠯᠴᠠᠯᠭ᠎ᠠ ᠬᠥᠮᠦᠵᠢᠯ ᠢᠶᠠᠷ ᠠᠵᠠ ᠲᠣᠬᠢᠶᠠᠯ ᠪᠣᠯᠭᠠᠵᠤ᠂ ᠨᠠᠮ ᠤᠨ ᠭᠡᠰᠢᠭᠦᠨ ᠺᠠᠳ᠋ᠷ ᠤᠨ ᠦᠵᠡᠯ ᠰᠠᠨᠠᠭᠠᠨ ᠤ | ᠡᠬᠢ ᠡᠭᠦᠰᠦᠯ ᠠᠴᠠ ᠠᠳᠬᠤᠵᠤ᠂ ᠪᠠᠲᠤ ᠴᠢᠩᠭ᠎ᠠ ᠰᠤᠷᠲᠠᠯ ᠢ ᠪᠤᠢ ᠪᠣᠯᠭᠠᠵᠤ᠂ ᠪᠣᠳᠠᠲᠠᠢ ᠠᠵᠢᠯᠯᠠᠬᠤ ᠶᠢ | ᠡᠷᠬᠢᠮᠯᠡᠵᠦ᠂ ᠪᠣᠳᠠᠲᠠᠢ ᠠᠮᠵᠢᠯᠲᠠ ᠶᠢ ᠡᠷᠢᠯᠬᠢᠯᠡᠪᠠᠯ᠂ ︽ᠣᠬᠤᠷ ᠪᠣᠳᠠᠲᠠᠢ ᠰᠢᠨ᠎ᠡ︾ ᠵᠣᠬᠢᠶᠠᠯ ᠤᠨ ᠰᠤᠷᠲᠠᠯ᠂ ︽ | ᠪᠣᠳᠠᠲᠠᠢ ᠠᠵᠢᠯ ᠬᠢᠬᠦ︾ ᠬᠤᠷᠠᠯ ᠤᠨ ᠰᠤᠷᠲᠠᠯ᠂ ︽ᠤᠯᠠᠨ ᠲᠦᠮᠡᠨ ᠲᠠᠢ ᠤᠢᠢᠷᠠᠳᠤᠭᠰᠠᠨ︾ ᠶᠠᠷᠢᠶᠠᠨ ᠤ ᠰᠤᠷᠲᠠᠯ | ᠠᠶᠠᠨᠳᠠᠭᠠᠨ ᠬᠡᠪ ᠵᠠᠩᠰᠢᠯ ᠪᠤᠯᠬᠤ ᠪᠣᠯᠤᠨ᠎ᠠ᠃ |